ᠣᠶᠢᠷ᠎ᠠ ᠶᠢᠨ ᠵᠢᠯ ᠤᠳ ᠲᠤ᠂ ᠬᠤᠳᠠ ᠪᠠᠯᠭᠠᠰᠤᠴᠢᠯᠠᠬᠤ ᠠᠬᠢᠴᠠ ᠶᠢᠨ ᠲᠦᠷᠭᠡᠳᠬᠦ ᠶᠢ ᠳᠠᠭᠠᠯᠳᠤᠨ᠂ | ᠬᠤᠳᠠ ᠶᠢᠨ ᠰᠢᠨᠡᠴᠢᠯᠡᠯᠲᠡ ᠶᠢᠨ ᠡᠭᠦᠷᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠠᠮᠢᠳᠤᠷᠠᠯ ᠤᠨ ᠣᠷᠴᠢᠨ | ᠲᠣᠭᠤᠷᠢᠨ ᠢ ᠭᠤᠶᠣᠵᠢᠭᠤᠯᠬᠤ᠂ ᠣᠷᠣᠨ ᠰᠠᠭᠤᠴᠠ ᠶᠢᠨ ᠲᠥᠬᠦᠭᠡᠷᠦᠮᠵᠢ ᠳᠤ ᠲᠦᠬᠦᠮ ᠦᠵᠡᠭᠦᠯᠬᠦ ᠲᠠᠯ᠎ᠠ ᠠᠴᠠ | ᠦᠵᠡᠪᠡᠯ᠂ ᠬᠤᠳᠠ ᠶᠢᠨ ᠠᠷᠠᠳ ᠬᠤᠳᠠ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠢᠬᠦ ᠳᠤᠷᠠᠲᠠᠢ | ᠪᠠᠶᠢᠳᠠᠭ᠂ ᠭᠡᠪᠡᠴᠦ ᠬᠡᠷᠪᠡ ᠠᠳᠠᠯᠢ ᠨᠢᠭᠡᠨ ᠵᠠᠮ ᠤᠨ ᠬᠡᠰᠡᠭ᠂ ᠠᠳᠠᠯᠢ ᠨᠢᠭᠡᠨ ᠬᠤᠭᠤᠯᠠᠢ ᠱᠤᠭᠤᠮ ᠢ ᠥᠭᠡᠷᠡᠴᠢᠯᠡᠨ | ᠵᠠᠰᠠᠬᠤ ᠠᠵᠢᠯ ᠢ ᠲᠠᠬᠢᠨ ᠳᠠᠪᠲᠠᠨ ᠬᠢᠵᠦ᠂ ᠲᠥᠯᠦᠪᠵᠢᠭᠦᠯᠭᠡ ᠪᠠᠷ ᠳᠤᠲᠠᠮᠠᠭ ᠪᠠᠶᠢᠪᠠᠯ᠂ ᠰᠠᠭᠤᠭᠠᠯᠢ ᠠᠷᠠᠳ ᠤᠨ | ᠬᠡᠪ ᠤᠨ ᠠᠮᠢᠳᠤᠷᠠᠯ ᠤᠨ ᠡᠮᠬᠢ ᠵᠢᠷᠤᠮ ᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠡᠬᠢ ᠪᠠᠶᠠᠯᠢᠭ ᠢ ᠪᠦᠷᠢᠯᠭᠡᠬᠦ | ᠪᠣᠯᠣᠨ᠎ᠠ᠃ | ᠬᠤᠳᠠ ᠶᠢᠨ ᠰᠢᠨᠡᠴᠢᠯᠡᠯᠲᠡ ᠪᠣᠯ ᠨᠠᠷᠢᠯᠢᠭ ᠠᠵᠢᠯ ᠮᠥᠨ᠂ ᠬᠤᠳᠠ ᠶᠢᠨ ᠬᠠᠮᠢᠶᠠᠷᠤᠭᠴᠢ᠂ ᠪᠦᠲᠦᠭᠡᠨ | ᠪᠠᠶᠢᠭᠤᠯᠤᠭᠴᠢᠳ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠡᠭᠦᠳᠡᠨ ᠠᠴᠠ ᠡᠭᠦᠰᠴᠦ᠂ ᠢᠯᠡᠭᠦᠬᠡᠨ ᠪᠣᠳᠣᠯᠬᠢᠯᠠᠵᠤ᠂ ᠨᠠᠷᠢᠯᠢᠭ | ᠪᠣᠳᠣᠯᠬᠢᠯᠠᠵᠤ᠂ ᠬᠤᠳᠠ ᠶᠢᠨ ᠵᠠᠮ ᠪᠠ ᠭᠠᠵᠠᠷ ᠳᠣᠣᠷᠠᠬᠢ ᠬᠤᠭᠤᠯᠠᠢ ᠱᠤᠭᠤᠮ ᠤᠨ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ | ︽ᠵᠠᠮ ᠮᠠᠯᠲᠠᠬᠤ︾᠂ ᠬᠤᠭᠤᠯᠠᠢ ᠱᠤᠭᠤᠮ ᠤᠨ ᠠᠳᠡᠯ ᠪᠠᠶᠢᠨ ᠳᠠᠬᠢᠨ ᠭᠠᠷᠴᠤ ᠪᠠᠶᠢᠭ᠎ᠠ ᠵᠡᠷᠭᠡ | ᠠᠰᠠᠭᠤᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠵᠠᠮ ᠮᠠᠯᠲᠠᠬᠤ᠂ ᠬᠤᠭᠤᠯᠠᠢ ᠱᠤᠭᠤᠮ ᠳᠡᠪᠢᠰᠬᠦ᠂ | ᠪᠣᠷᠣᠭᠠᠨ ᠤ ᠤᠰᠤᠨ ᠤ ᠬᠤᠭᠤᠯᠠᠢ ᠲᠣᠣᠷ ᠤᠨ ᠠᠮᠤᠷ ᠲᠦᠪᠰᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠶᠡᠷᠦᠩᠬᠡᠶᠢᠯᠡᠨ | ᠰᠤᠳᠤᠯᠤᠨ ᠮᠠᠭᠠᠳᠯᠠᠵᠤ᠂ ᠨᠢᠭᠡᠳᠦᠯᠲᠡᠢ ᠲᠥᠯᠥᠪᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠰᠠᠯᠠᠭ᠎ᠠ | ᠮᠥᠴᠢᠷ ᠨᠡᠪᠲᠡᠷᠡᠯᠴᠡᠭᠰᠡᠨ᠂ ᠠᠵᠤ ᠠᠬᠤᠶᠢᠯᠠᠯ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ | ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠤᠲᠠ ᠶᠢᠨ ᠶᠡᠷᠦᠩᠬᠡᠶᠢᠯᠡᠨ | ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠰᠢᠰᠲ᠋ᠧᠮᠲᠦ ᠰᠡᠳᠬᠢᠬᠦᠢ ᠶᠢ ᠪᠤᠢ | ᠪᠣᠯᠭᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠡᠭᠦᠷᠭᠡ ᠪᠣᠯᠣᠨ ᠴᠢᠭᠯᠡᠯ ᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠤᠷᠢᠳᠴᠢᠯᠠᠨ ᠲᠥᠯᠥᠪᠯᠡᠵᠦ᠂ ᠨᠢᠭᠡᠳᠦᠯᠲᠡᠢ ᠪᠦᠲᠦᠭᠡᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠴᠤ᠂ ᠲᠤᠰ ᠲᠤᠰ ᠲᠠᠭᠠᠨ ᠲᠤᠭ ᠪᠣᠰᠬᠠᠬᠤ ᠪᠠᠶᠢᠳᠠᠯ ᠭᠠᠷᠬᠤ ᠶᠢ | ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃ | ᠬᠤᠳᠠ ᠶᠢ ᠠᠷᠠᠳ ᠲᠦᠮᠡᠨ ᠤ ᠲᠥᠯᠥᠭᠡ ᠪᠦᠲᠦᠭᠡᠨ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠬᠤᠳᠠ | ᠶᠢᠨ ᠰᠢᠨᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠶᠠᠪᠤᠴᠠ ᠳᠤ ᠬᠤᠳᠠ ᠶᠢᠨ ᠠᠷᠠᠳ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠤᠳᠠ ᠶᠢᠨ ᠰᠢᠨᠡᠴᠢᠯᠡᠯᠲᠡ ᠶᠢᠨ ᠡᠭᠦᠷᠭᠡ ᠨᠢᠭᠡᠪᠦᠷᠢ ᠶᠢ ᠴᠥᠮ | ᠰᠢᠯᠭᠠᠯᠲᠠ ᠶᠢ ᠳᠠᠭᠠᠭᠠᠵᠤ᠂ ᠰᠠᠶᠢᠨ ᠶᠠᠪᠤᠳᠠᠯ ᠢ ᠦᠨᠡᠨ ᠬᠦ ᠲᠥᠪ ᠭᠤᠣᠯᠴᠢ ᠪᠠᠷ ᠰᠠᠶᠢᠲᠤᠷ ᠬᠢᠬᠦ ᠬᠡᠷᠡᠭᠲᠡᠢ᠃ | ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠣᠨᠢᠨ |