ᠤᠢᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ | ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠪᠥᠬᠦ ᠠᠭᠤᠯᠭ᠎ᠠ ᠨᠢ ᠳᠤᠤᠷᠠᠬᠢ | ᠮᠡᠲᠦ᠃ | ᠠᠮᠤ ᠪᠤᠳᠠᠭᠠᠨ ᠤ ᠠᠮᠤᠷ ᠲᠦᠪᠰᠢᠨ ᠪᠣᠯ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠥᠨ᠃ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠦᠨᠳᠦᠰᠦ ᠨᠢ ᠲᠠᠷᠢᠶᠠᠨ ᠭᠠᠵᠠᠷ ᠲᠤ ᠪᠤᠢ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠣᠯ ᠨᠢᠭᠡᠨ ᠴᠢᠬᠤᠯᠠ ᠭᠠᠷᠳᠠᠴᠠ ᠮᠥᠨ᠃ ᠨᠥᠬᠦᠴᠡᠯ ᠢ ᠪᠦᠷᠢᠯᠳᠦᠭᠦᠯᠦᠭᠰᠡᠨ | ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠳᠦᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ | ᠪᠠᠳᠤᠯᠠᠵᠤ᠂ ᠮᠡᠷᠬᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠬᠡᠷᠡᠭᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ | ᠲᠣᠳᠣᠷᠬᠠᠶᠢᠯᠠᠨ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ | ᠨᠥᠬᠦᠴᠡᠯ ᠢ ᠪᠦᠷᠢᠯᠳᠦᠭᠦᠯᠦᠭᠰᠡᠨ ᠲᠠᠷᠢᠶᠠᠨ ᠭᠠᠵᠠᠷ ᠢᠯᠠᠩᠭᠤᠶ᠎ᠠ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ | ᠦᠨᠡᠨ ᠬᠦ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠪᠦᠬᠡᠳ | ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠤᠯᠭᠠᠨ ᠪᠠᠶᠢᠭᠤᠯᠵᠤ᠂ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠦᠨ᠎ᠡ᠃ | ᠭᠤᠤᠯ ᠬᠠᠷᠠᠯᠲᠠ ᠪᠣᠯ᠄ 2030 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 13.5 | ᠳ᠋ᠦᠩᠰᠢᠭᠤᠷ ᠮᠥ ᠪᠤᠯᠭᠠᠨ ᠬᠦᠴᠦᠯᠡᠨ ᠪᠠᠶᠢᠭᠤᠯᠵᠤ᠂ ᠨᠡᠶᠢᠳᠡ 2.8 ᠳ᠋ᠦᠩᠰᠢᠭᠤᠷ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ | ᠨᠢᠭᠡᠳᠦᠯᠲᠡᠶ ᠲᠥᠯᠥᠪᠵᠢᠭᠦᠯᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠬᠡᠷᠡᠭᠵᠢᠭᠦᠯᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 8000 ᠲᠦᠮᠡᠨ ᠮᠥ ᠰᠢᠨ᠎ᠡ ᠪᠠᠷ | ᠨᠡᠮᠡᠭᠳᠡᠭᠦᠯᠦᠨ᠎ᠡ︔ 2035 ᠣᠨ ᠪᠣᠯᠬᠤ ᠳᠤ᠂ ᠨᠥᠬᠦᠴᠡᠯ ᠢ ᠪᠦᠷᠢᠯᠳᠦᠭᠦᠯᠦᠭᠰᠡᠨ ᠡᠬᠦᠷᠢᠳᠡ ᠶᠢᠨ ᠴᠢᠨᠠᠷᠳᠠᠢ ᠦᠨᠳᠦᠰᠦᠨ | ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠨ ᠪᠠᠶᠢᠭᠤᠯᠵᠤ᠂ ᠨᠡᠶᠢᠲᠡ 4. | 55 ᠳ᠋ᠦᠩᠰᠢᠭᠤᠷ ᠮᠥ ᠶᠢ ᠥᠭᠡᠷᠡᠴᠢᠯᠡᠨ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠲᠠᠯᠠᠪᠠᠶ ᠶᠢ 1.3 ᠳ᠋ᠦᠩᠰᠢᠭᠤᠷ ᠮᠥ ᠰᠢᠨ᠎ᠡ ᠪᠠᠷ ᠨᠡᠮᠡᠭᠳᠡᠭᠦᠯᠦᠨ᠎ᠡ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ | ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ︽ᠨᠢᠭᠡ ᠶᠢ ᠲᠡᠭᠰᠢᠯᠡᠬᠦ︾ ︵ᠲᠠᠷᠢᠶᠠᠨ ᠭᠠᠵᠠᠷ ᠢ ᠲᠡᠭᠰᠢᠯᠡᠬᠦ︶᠂ | ︽ᠬᠤᠶᠠᠷ ᠢ ᠨᠡᠪᠲᠡᠷᠡᠭᠦᠯᠬᠦ︾ ︵ᠤᠰᠤ ᠨᠡᠪᠲᠡᠷᠡᠭᠦᠯᠵᠦ ᠵᠠᠮ ᠨᠡᠪᠲᠡᠷᠡᠭᠦᠯᠬᠦ︶᠂ ︽ᠭᠤᠷᠪᠠ ᠶᠢ ᠳᠡᠭᠡᠭᠰᠢᠯᠡᠭᠦᠯᠬᠦ︾ ︵ | ᠭᠠᠵᠠᠷ ᠤᠨ ᠬᠦᠴᠦ ᠰᠢᠮ᠎ᠡ᠂ ᠤᠨᠠᠯᠲᠠ᠂ ᠦᠷ᠎ᠡ ᠠᠰᠢᠭ ᠢ ᠳᠡᠭᠡᠭᠰᠢᠯᠡᠭᠦᠯᠬᠦ︶ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ | ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ | ᠤᠯᠤᠰ ᠤᠨ ᠪᠠᠷᠢᠮᠵᠢᠶ᠎ᠠ ᠨᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠭᠠᠮᠰᠢᠭ ᠲᠠᠢ ᠲᠡᠮᠡᠴᠡᠵᠦ ᠭᠠᠮᠰᠢᠭ ᠢ | ᠪᠠᠭᠠᠰᠬᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠰᠠᠭᠤᠷᠢᠯᠠᠬᠤ ᠴᠢᠨᠠᠷᠲᠠᠶ᠂ ᠨᠡᠶᠢᠳᠡᠮ ᠬᠡᠷᠡᠭᠯᠡᠬᠦ | ᠴᠢᠨᠠᠷᠲᠠᠶ ᠱᠠᠭᠠᠷᠳᠠᠯᠭ᠎ᠠ ᠶᠢ ᠳᠣᠪᠤᠶᠢᠯᠭᠠᠵᠤ᠂ ᠮᠤᠵᠢ ᠶᠢᠨ ᠱᠠᠲᠤᠨ ᠤ ᠲᠠᠰ ᠳᠠᠪᠬᠤᠷᠭ᠎ᠠ ᠠᠴᠠ ᠲᠠᠷᠢᠶᠠᠨ ᠭᠠᠵᠠᠷ ᠢ | ᠲᠡᠭᠰᠢᠯᠠᠨ ᠵᠠᠰᠠᠬᠤ᠂ ᠤᠰᠤᠯᠠᠬᠤ ᠪᠠ ᠤᠰᠤ ᠵᠠᠯᠠᠬᠤ ᠲᠤᠨᠤᠭ ᠲᠦᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠭᠠᠵᠠᠷ ᠤᠨ | ᠬᠦᠴᠦ ᠰᠢᠮ᠎ᠡ ᠶᠢ ᠳᠡᠭᠡᠭᠰᠢᠯᠡᠭᠦᠯᠬᠦ ᠵᠡᠷᠭᠡ ᠪᠣᠳᠠᠲᠠᠶ ᠱᠠᠭᠠᠷᠳᠠᠯᠭ᠎ᠠ ᠶᠢ ᠨᠠᠷᠢᠯᠢᠬᠵᠢᠭᠤᠯᠤᠨ ᠲᠣᠭᠲᠠᠭᠠᠵᠤ᠂ ᠬᠤᠲᠠ ᠰᠢᠶᠠᠨ ᠤ | ᠲᠠᠰ ᠳᠠᠪᠬᠤᠷᠭ᠎ᠠ ᠠᠴᠠ ᠳᠥᠭᠦᠮ ᠠᠪᠰᠠᠷᠬᠠᠨ ᠬᠢᠯᠪᠠᠷ ᠶᠠᠪᠤᠭᠳᠠᠬᠤ᠂ ᠲᠥᠬᠦᠮ ᠣᠶᠢᠯᠠᠭᠠᠮᠵᠢᠲᠠᠶ᠂ ᠬᠡᠷᠡᠭᠵᠢᠭᠦᠯᠬᠦ | ᠴᠢᠨᠠᠷ ᠢᠶᠠᠷ ᠴᠢᠩᠭ᠎ᠠ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠲᠠᠰ ᠳᠠᠪᠬᠤᠷᠭ᠎ᠠ ᠨᠢ ᠲᠣᠳᠣᠷᠬᠠᠶ᠂ ᠳᠡᠭᠡᠷ᠎ᠠ | ᠳᠤᠤᠷ᠎ᠠ ᠱᠠᠲᠤ ᠶᠢ ᠵᠣᠯᠭᠠᠭᠤᠯᠤᠭᠰᠠᠨ᠂ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ ᠪᠠᠶᠢᠬᠤ ᠪᠠᠷᠢᠮᠵᠢᠶ᠎ᠠ ᠶᠢᠨ | ᠰᠢᠰᠲ᠋ᠧᠮ ᠢ ᠪᠦᠷᠢᠯᠳᠦᠭᠦᠯᠦᠨ᠎ᠡ᠃ | ︵ᠬᠤᠶᠠᠷ︶ ᠪᠦᠲᠦᠭᠡᠨ ᠪᠠᠶᠢᠭᠤᠯᠬᠤ ᠠᠭᠤᠯᠭ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ ᠬᠥᠷᠥᠰᠥ ᠰᠢᠷᠣᠢ᠂ | ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠥᠷᠨᠢᠭᠦᠯᠵᠦ᠂ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠠᠷᠢᠶᠠᠨ ᠭᠠᠵᠠᠷ ᠲᠤ ᠲᠠᠯᠪᠢᠨ᠎ᠠ᠃ | ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ ᠲᠡᠭᠰᠢᠯᠡᠨ ᠵᠠᠰᠠᠬᠤ᠂ ᠲᠠᠷᠢᠶᠠᠨ ᠭᠠᠵᠠᠷ ᠢ | ᠤᠰᠤᠯᠠᠬᠤ ᠪᠠ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠵᠠᠮ ᠪᠠ ᠴᠠᠬᠢᠯᠭᠠᠨ ᠬᠦᠴᠦᠨ ᠤ ᠲᠤᠨᠤᠭ | ᠲᠦᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ | ᠲᠠᠷᠢᠶᠠᠨ ᠭᠠᠵᠠᠷ ᠤᠨ ᠤᠰᠤ ᠶᠢ ᠪᠠᠳᠤᠯᠠᠵᠤ ᠬᠥᠷᠥᠰᠥ ᠰᠢᠷᠣᠶ ᠶᠢ ᠪᠠᠳᠤᠯᠠᠵᠤ ᠪᠣᠷᠳᠣᠭᠤᠷ ᠢ ᠪᠠᠳᠤᠯᠠᠬᠤ ᠴᠢᠳᠠᠪᠤᠷᠢ᠂ | ᠭᠠᠩᠳᠠᠵᠤ ᠤᠰᠤᠲᠤᠬᠤ ᠭᠠᠮᠰᠢᠭ ᠢ ᠡᠰᠡᠷᠭᠦᠴᠡᠬᠦ ᠴᠢᠳᠠᠪᠤᠷᠢ᠂ ᠮᠠᠰᠢᠨᠴᠢᠯᠠᠨ ᠮᠧᠬᠠᠨᠢᠭᠴᠢᠯᠠᠵᠤ ᠲᠠᠷᠢᠶᠠᠯᠠᠬᠤ ᠳᠤ ᠳᠥᠭᠦᠮ | ᠦᠵᠡᠭᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ︔ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠶᠠᠭᠤ | ᠳᠤᠲᠠᠭᠳᠠᠪᠠᠯ ᠶᠠᠭᠤ ᠶᠢ ᠨᠥᠬᠦᠪᠥᠷᠢᠯᠡᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ | ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠨ᠎ᠡ᠃ ᠭᠠᠳᠠᠨ᠎ᠠ ᠠᠴᠠ ᠰᠢᠷᠤᠢ ᠠᠪᠴᠢᠷᠠᠵᠤ ᠨᠡᠮᠡᠬᠦ᠂ ᠥᠩᠭᠡᠨ ᠲᠠᠯ᠎ᠠ ᠶᠢᠨ | ᠬᠥᠷᠥᠰᠥ ᠶᠢ ᠲᠠᠬᠢᠨ ᠲᠠᠷᠢᠶᠠᠨ ᠭᠠᠵᠠᠷ ᠪᠤᠯᠭᠠᠨ ᠠᠰᠢᠬᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠭᠠᠵᠠᠷ ᠰᠢᠷᠣᠶ ᠶᠢ | ᠲᠡᠭᠰᠢᠯᠡᠵᠦ᠂ ᠲᠠᠷᠢᠶᠠᠨ ᠭᠠᠵᠠᠷ ᠤᠨ ᠭᠠᠳᠠᠷᠭᠤ ᠶᠢᠨ ᠨᠠᠯᠠᠤ ᠬᠤᠳᠤᠭᠤᠷ ᠢ ᠵᠦᠶ ᠵᠣᠬᠢᠰᠲᠠᠶ ᠲᠣᠬᠢᠷᠠᠭᠤᠯᠵᠤ᠂ ᠲᠠᠷᠢᠶᠠᠨ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠰᠠᠶᠢᠵᠢᠷᠠᠭᠤᠯᠤᠨ᠎ᠠ᠃ ᠡᠳᠦᠷ ᠲᠤᠲᠤᠮ ᠤᠨ ᠲᠠᠷᠢᠶᠠᠯᠠᠩ ᠤᠨ | ᠦᠢᠯᠡᠳᠪᠦᠷᠢᠯᠡᠯ ᠲᠠᠢ ᠤᠶᠠᠯᠳᠤᠭᠤᠯᠤᠨ ᠬᠥᠷᠥᠰᠥ ᠰᠢᠷᠣᠶ ᠶᠢ ᠰᠠᠶᠢᠵᠢᠷᠠᠭᠤᠯᠵᠤ ᠪᠣᠷᠲᠣᠭᠤᠷ ᠣᠷᠣᠭᠤᠯᠬᠤ ᠶᠢ | ᠴᠢᠩᠭᠠᠳᠬᠠᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠦᠨᠡᠨ ᠬᠦ ᠰᠠᠶᠢᠵᠢᠷᠠᠭᠤᠯᠤᠨ᠎ᠠ᠃ ᠬᠥᠨᠥᠭᠡᠯ ᠳᠤ | ᠲᠣᠬᠢᠷᠠᠭᠤᠯᠤᠨ ᠰᠡᠷᠭᠡᠶᠢᠯᠡᠯᠲᠡ ᠬᠢᠵᠦ᠂ ᠡᠷᠭᠢ ᠬᠥᠲᠥᠯ ᠢ ᠬᠠᠮᠠᠭᠠᠯᠠᠬᠤ᠂ ᠰᠠᠯᠬᠢ ᠡᠯᠡᠰᠦ ᠶᠢ ᠰᠡᠷᠭᠡᠶᠢᠯᠡᠬᠦ ᠵᠡᠷᠭᠡ | ᠢᠨᠵᠧᠨᠧᠷᠢᠩ ᠤᠨ ᠠᠷᠭ᠎ᠠ ᠬᠡᠮᠵᠢᠶ᠎ᠡ ᠶᠢ ᠵᠦᠢ ᠵᠣᠬᠢᠰᠲᠠᠶ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠥᠷᠥᠰᠥ | ᠰᠢᠷᠣᠶ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠡᠵᠡᠩᠨᠡᠯᠲᠡ ᠶᠢᠨ ᠭᠤᠤᠯ ᠴᠣᠭᠴᠠ ᠪᠠᠶ᠎ᠠ ᠪᠠᠨ ᠲᠠᠭᠠᠭᠠᠵᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠪᠠᠷ | ᠤᠰᠤᠯᠠᠬᠤ᠂ ᠴᠢᠭᠢᠭ ᠤᠨ ᠪᠠᠶᠢᠳᠠᠯ ᠬᠤᠷᠣᠬᠠᠶ ᠶᠢᠨ ᠪᠠᠶᠢᠳᠠᠯ ᠢ ᠠᠦ᠋ᠲ᠋ᠣ᠋ ᠪᠠᠷ ᠬᠢᠨᠠᠨ ᠰᠢᠨᠵᠢᠬᠦ᠂ ᠣᠶᠤᠨᠴᠢ ᠴᠠᠭ ᠠᠭᠤᠷ ᠤᠨ | ᠦᠢᠯᠡᠴᠢᠯᠡᠭᠡ ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠪᠠᠶᠢᠷᠢᠰᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠣᠷᠣᠨ᠂ ᠲᠠᠯ᠎ᠠ ᠭᠠᠵᠠᠷ ᠣᠷᠣᠨ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠵᠢᠴᠢ ᠠᠮᠤ ᠪᠤᠳᠠᠭᠠᠨ ᠤ ᠤᠨᠠᠯᠲᠠ | ᠥᠨᠳᠥᠷ ᠪᠠ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠭᠠᠵᠠᠷ ᠣᠷᠣᠨ ᠳᠤ ᠤᠷᠢᠳ ᠢᠶᠠᠷ ᠪᠥᠲᠥᠭᠡᠨ | ᠪᠠᠶᠢᠭᠤᠯᠤᠯᠳᠠ ᠦᠷᠨᠢᠭᠦᠯᠦᠨ᠎ᠠ᠂ ᠭᠡᠬᠦ ᠳᠡᠭᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢᠶᠠᠷ | ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠃ ᠠᠮᠢ ᠠᠬᠤᠢ ᠬᠡᠪᠡᠷᠡᠭ ᠣᠷᠣᠨ᠂ ᠲᠠᠯᠠᠢ ᠳᠠᠭᠠᠤ ᠶᠢᠨ ᠳᠣᠲᠣᠭᠠᠳᠤ | ᠬᠠᠭᠤᠷᠠᠢ ᠶᠢᠨ ᠭᠤᠤᠯ ᠤᠨ ᠲᠠᠩ ᠰᠠᠶᠢᠷᠭᠠᠯ ᠵᠡᠷᠭᠡ ᠣᠷᠣᠨ ᠪᠦᠰᠡ ᠳᠤ ᠴᠢᠩᠭ᠎ᠠ ᠬᠢᠵᠠᠭᠠᠷᠯᠠᠵᠤ᠂ 25 ᠭᠷᠠᠳᠦ᠋ᠰ ᠠᠴᠠ | ᠳᠡᠭᠡᠭᠰᠢᠬᠢ ᠨᠠᠯᠠᠤ ᠶᠢᠨ ᠲᠠᠷᠢᠶᠠᠨ ᠭᠠᠵᠠᠷ᠂ ᠴᠢᠩᠭ᠎ᠠ ᠬᠠᠮᠢᠶᠠᠷᠤᠨ ᠡᠵᠡᠮᠳᠡᠬᠦ ᠲᠦᠷᠦᠯ ᠤᠨ ᠲᠠᠷᠢᠶᠠᠨ ᠭᠠᠵᠠᠷ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ︵ᠤᠯᠠᠭᠠᠨ ᠱᠤᠭᠤᠮ ᠳᠣᠲᠣᠷᠠᠬᠢ ᠲᠥᠪᠯᠡᠷᠡᠨ ᠵᠠᠯᠭᠠᠯᠳᠤᠭᠰᠠᠨ ᠱᠠᠲᠤᠨ | ᠲᠠᠷᠢᠶ᠎ᠠ ᠪᠤᠶᠤ ᠬᠠᠮᠠᠭᠠᠯᠠᠭᠳᠠᠬᠤ ᠡᠲᠡᠭᠡᠳ ᠲᠠᠢ ᠬᠠᠮᠲᠤ ᠣᠷᠣᠰᠢᠭᠰᠠᠨ ᠲᠦᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ | ᠪᠠᠭᠲᠠᠬᠤ ᠦᠭᠡᠢ︶᠂ ᠲᠠᠷᠢᠶᠠᠯᠠᠬᠤ ᠶᠢ ᠵᠤᠭᠰᠤᠭᠠᠵᠤ ᠤᠢ ᠮᠤᠳᠤ ᠲᠠᠷᠢᠬᠤ ᠡᠪᠡᠰᠦ ᠪᠡᠯᠴᠢᠭᠡᠷ ᠢ ᠰᠡᠷᠭᠦᠭᠡᠬᠦ ᠨᠠᠭᠤᠷ | ᠴᠥᠭᠦᠷᠥᠮ ᠢ ᠰᠡᠷᠭᠦᠬᠡᠬᠦ ᠮᠠᠯᠵᠢᠬᠤ ᠭᠠᠵᠠᠷ ᠢ ᠰᠡᠷᠭᠦᠭᠡᠬᠦ ᠣᠷᠣᠨ ᠪᠦᠰᠡ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠥᠷᠨᠢᠭᠦᠯᠬᠦ ᠶᠢ ᠴᠠᠭᠠᠵᠠᠯᠠᠨ᠎ᠠ᠃ ᠨᠥᠬᠦᠴᠡᠯ ᠲᠠᠢ ᠭᠠᠵᠠᠷ ᠣᠷᠣᠨ ᠪᠥᠬᠦ ᠣᠷᠣᠨ | ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠬᠤ ᠣᠷᠣᠨ ᠬᠤᠪᠢᠶᠠᠷᠢᠯᠠᠯ᠃ ᠣᠷᠣᠨ ᠪᠦᠰᠡ ᠶᠢᠨ ᠡᠬᠢ ᠪᠠᠶᠠᠯᠢᠭ ᠤᠨ | ᠲᠠᠪᠠᠭᠤᠯᠢᠭ᠂ ᠲᠠᠷᠢᠶᠠᠯᠠᠬᠤ ᠲᠦᠷᠢᠮ ᠪᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠵᠡᠷᠭᠡ ᠶᠢ ᠦᠨᠳᠦᠰᠦᠯᠡᠨ᠂ ᠪᠥᠬᠦ | ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 7 ᠣᠷᠣᠨ ᠪᠦᠰᠡ ᠳᠤ | ᠬᠤᠪᠢᠶᠠᠨ᠎ᠠ᠃ ᠵᠡᠭᠦᠨ ᠬᠤᠶᠢᠲᠤ ᠣᠷᠣᠨ ᠨᠢ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ ᠥᠪᠥᠷ ᠮᠣᠩᠭᠤᠯ ᠤᠨ | ᠵᠡᠭᠦᠨ ᠬᠡᠰᠡᠭ ᠤᠨ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠵᠡᠷᠬᠡ 4 | ᠠᠶᠢᠮᠠᠭ ︵ᠬᠤᠳᠠ︶ ᠢ ᠪᠠᠭᠲᠠᠭᠠᠵᠤ᠂ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠲᠤᠨᠤᠭ ᠲᠦᠬᠦᠭᠡᠷᠦᠮᠵᠢ ᠶᠢ | ᠭᠤᠣᠯᠳᠠᠯᠭ᠎ᠠ ᠲᠠᠢ ᠲᠦᠷᠭᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠪᠠ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠳᠤᠨ ᠭᠤᠤᠯ ᠬᠤᠸᠠᠶᠢᠾᠧ ᠭᠤᠤᠯ ᠤᠨ ᠤᠷᠤᠨ ᠨᠢ ᠪᠡᠭᠡᠵᠢᠩ᠂ | ᠲᠢᠶᠠᠨᠵᠢᠨ᠂ ᠾᠧᠪᠧᠢ᠂ ᠱᠠᠨᠳᠦ᠋ᠩ᠂ ᠾᠧᠨᠠᠨ ᠵᠡᠷᠭᠡ 5 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠳᠠᠭᠠᠵᠤ᠂ | ᠤᠰᠤᠯᠠᠯᠲᠠ ᠶᠢ ᠪᠠᠲᠤᠯᠠᠬᠤ ᠨᠣᠷᠮ᠎ᠠ ᠶᠢ ᠭᠤᠣᠯᠳᠠᠯᠭ᠎ᠠ ᠲᠠᠢ ᠬᠦᠴᠦᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠬᠤ | ᠨᠥᠬᠦᠴᠡᠯ ᠢ ᠲᠡᠭᠦᠯᠳᠡᠷᠵᠢᠭᠦᠯᠦᠨ᠎ᠡ᠃ ᠬᠥᠬᠡᠮᠥ᠋ᠷᠡᠨ ᠤ ᠳᠤᠮᠳᠠ ᠳᠤᠤᠷᠠᠳᠤ ᠤᠷᠤᠰᠬᠠᠯ ᠤᠨ ᠣᠷᠣᠨ ᠨᠢ ᠱᠠᠩᠬᠠᠶ᠂ ᠵᠢᠶᠠᠩᠰᠦ᠂ | ᠠᠨᠾᠦ᠋ᠢ᠂ ᠵᠢᠶᠠᠩᠰᠢ᠂ ᠬᠤᠪᠸᠢ᠂ ᠬᠤᠨᠠᠨ ᠵᠡᠷᠭᠡ 6 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠲᠠᠷᠢᠶᠠᠨ | ᠭᠠᠵᠠᠷ ᠤᠨ ᠲᠤᠨᠤᠭ ᠲᠥᠬᠦᠭᠡᠷᠦᠮᠵᠢ ᠶᠢᠨ ᠣᠳᠣᠬᠢᠴᠢᠯᠠᠯᠲᠠ ᠶᠢ ᠢᠵᠢ ᠪᠦᠷᠢᠳᠦᠭᠦᠯᠦᠨ ᠲᠠᠰ ᠳᠡᠪᠰᠢᠭᠦᠯᠬᠦ ᠶᠢ | ᠭᠤᠤᠯᠳᠠᠯᠭ᠎ᠠ ᠲᠠᠢ ᠳᠣᠪᠤᠶᠢᠯᠭᠠᠵᠤ᠂ ᠭᠠᠩ ᠬᠠᠭᠰᠠᠷᠠᠭᠠᠨ᠂ ᠤᠰᠤᠲᠤᠯ᠂ ᠲᠤᠨᠤᠮᠠᠯ ᠤᠰᠤ ᠶᠢ ᠶᠡᠷᠦᠩᠬᠡᠶᠢᠯᠡᠨ ᠵᠠᠰᠠᠬᠤ | ᠠᠵᠢᠯ ᠢ ᠥᠷᠨᠢᠭᠦᠯᠦᠨ᠎ᠡ᠃ ᠵᠡᠭᠦᠨ ᠡᠮᠦᠨᠡᠲᠦ ᠣᠷᠣᠨ ᠨᠢ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠶᠢᠨᠠᠨ ᠵᠡᠷᠭᠡ 4 | ᠮᠤᠵᠢ ᠶᠢ ᠪᠠᠭᠲᠠᠭᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠭᠡᠭᠰᠡᠨ ᠤᠷᠢᠲᠠᠯ ᠳᠣᠣᠷ᠎ᠠ ᠲᠠᠷᠢᠶᠠᠨ ᠭᠠᠵᠠᠷ ᠤᠨ | ᠵᠢᠵᠢᠭᠷᠡᠨ ᠬᠡᠰᠡᠭᠵᠢᠭᠰᠡᠨ ᠠᠰᠠᠭᠤᠳᠠᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠳᠤ ᠭᠤᠤᠯᠳᠠᠯᠭ᠎ᠠ ᠪᠠᠨ ᠲᠠᠯᠪᠢᠵᠤ᠂ | ᠲᠠᠷᠢᠶᠠᠨ ᠭᠠᠵᠠᠷ ᠤᠨ ᠠᠭᠠᠳᠠᠷ ᠪᠣᠷᠣᠭᠠᠨ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠠᠷᠠᠭᠤᠨ ᠡᠮᠦᠨᠡᠲᠦ ᠣᠷᠣᠨ ᠨᠢ | ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠤ᠂ ᠶᠦᠨᠨᠠᠨ ᠵᠡᠷᠭᠡ 5 ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠬᠡᠪᠲᠡᠭᠡ ᠱᠠᠲᠤᠨ ᠲᠠᠷᠢᠶ᠎ᠠ ᠶᠢᠨ ᠥᠭᠡᠷᠡᠴᠢᠯᠡᠯᠲᠡ ᠪᠥᠲᠥᠭᠡᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠲᠠᠷᠢᠶᠠᠨ ᠭᠠᠵᠠᠷ ᠤᠨ ᠵᠠᠮ ᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠴᠢᠨᠠᠷᠲᠠᠶ ᠤᠰᠤ ᠳᠤᠲᠠᠭᠳᠠᠬᠤ ᠳᠤᠲᠠᠭᠤᠳᠠᠯ ᠢ ᠨᠥᠬᠦᠪᠥᠷᠢᠯᠡᠨ᠎ᠡ᠃ ᠪᠠᠷᠠᠭᠤᠨ ᠬᠤᠶᠢᠲᠤ ᠣᠷᠣᠨ ᠨᠢ | ᠱᠠᠨ ᠰᠢ᠂ ᠱᠠᠨᠰᠢ᠂ ᠭᠠᠨᠰᠦ᠂ ᠨᠢᠩᠰᠢᠶᠠ᠂ ᠰᠢᠨᠵᠢᠶᠠᠩ ︵ᠰᠢᠨᠵᠢᠶᠠᠩ ᠤᠨ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠪᠠᠭᠲᠠᠨ᠎ᠠ︶ 5 ᠮᠤᠵᠢ ︵ᠥᠪᠡᠷᠲᠡᠭᠡᠨ ᠵᠠᠰᠠᠬᠤ ᠣᠷᠣᠨ︶ ᠵᠢᠴᠢ ᠥᠪᠥᠷ ᠮᠣᠩᠭᠤᠯ ᠤᠨ | ᠳᠤᠮᠳᠠ ᠪᠠᠷᠠᠭᠤᠨ ᠬᠡᠰᠡᠭ ᠤᠨ 8 ᠠᠶᠢᠮᠠᠭ ︵ᠬᠤᠲᠠ︶ ᠢ ᠪᠠᠭᠲᠠᠭᠠᠵᠤ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠶᠢ | ᠭᠤᠤᠯᠳᠠᠯᠭ᠎ᠠ ᠲᠠᠢ ᠴᠢᠩᠭᠠᠳᠬᠠᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ | ᠪᠣᠭᠤᠮᠢ︾ ᠪᠣᠯᠵᠣ ᠪᠠᠶᠢᠭ᠎ᠠ ᠭᠠᠩ ᠬᠠᠭᠰᠠᠷᠠᠭᠠᠨ ᠤ ᠠᠰᠠᠭᠤᠳᠠᠯ ᠢ ᠰᠢᠢᠳᠪᠦᠷᠢᠯᠡᠨ᠎ᠠ᠃ ᠬᠦᠭᠡᠨᠠᠭᠤᠷ ᠲᠦᠪᠡᠳ ᠤᠷᠤᠨ ᠨᠢ | ᠲᠥᠪᠡᠳ᠂ ᠬᠥᠬᠡᠨᠠᠭᠤᠷ 2 ᠮᠤᠵᠢ ︵ᠥᠪᠡᠷᠲᠡᠭᠡᠨ ᠵᠠᠰᠠᠬᠤ ᠣᠷᠣᠨ︶ ᠶᠢ ᠪᠠᠭᠲᠠᠭᠠᠵᠤ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠮᠠᠰᠢᠨ ᠮᠧᠬᠠᠨᠢᠭᠵᠢᠭᠤᠯᠤᠨ | ᠠᠵᠢᠯᠯᠠᠬᠤ ᠨᠥᠬᠦᠴᠡᠯ ᠢ ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠪᠦᠳᠦᠭᠡᠨ ᠪᠠᠶᠢᠭᠤᠯᠤᠯᠳᠠ ᠶᠢ ᠨᠠᠷᠢᠯᠢᠭᠵᠢᠭᠤᠯᠵᠤ | ᠤᠷᠤᠨ ᠬᠤᠪᠢᠶᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠦᠢᠯᠡᠳᠪᠦᠷᠢᠯᠡᠯ ᠳᠤ | ᠬᠠᠷᠰᠢ ᠰᠠᠭᠠᠳ ᠪᠤᠯᠵᠤ ᠪᠠᠶᠢᠭ᠎ᠠ ᠬᠦᠴᠦᠨ ᠵᠦᠢᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠬᠡᠷᠡᠭᠲᠡᠶ᠃ | ︵ᠲᠠᠪᠤ︶ ᠱᠠᠲᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠲᠥᠯᠥᠪᠵᠢᠭᠦᠯᠭᠡ ᠶᠢᠨ ᠲᠥᠰᠦᠯ ᠤᠨ ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠣᠭᠤᠳᠤᠨ᠎ᠠ᠃ ᠤᠯᠤᠰ ᠠᠴᠠ ᠶᠡᠷᠦᠩᠬᠡᠶ ᠲᠥᠯᠥᠪᠵᠢᠭᠦᠯᠭᠡ ᠶᠢᠨ | ᠲᠥᠰᠦᠯ ᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠦᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠲᠣᠰ ᠲᠥᠰᠦᠯ ᠢ ᠦᠨᠳᠦᠰᠦᠯᠡᠨ ᠣᠷᠣᠨ ᠪᠠ ᠲᠥᠷᠥᠯ ᠬᠤᠪᠢᠶᠠᠨ ᠪᠥᠲᠥᠭᠡᠨ ᠪᠠᠶᠢᠭᠤᠯᠬᠤ | ᠵᠦᠭᠯᠡᠭᠦᠷ ᠢ ᠲᠣᠭᠲᠠᠭᠠᠨ᠎ᠠ᠃ ᠮᠤᠵᠢ ᠶᠢᠨ ᠱᠠᠲᠤᠨ ᠠᠴᠠ ᠲᠣᠰ ᠣᠷᠣᠨ ᠪᠦᠰᠡ ᠶᠢᠨ ᠲᠥᠯᠥᠪᠵᠢᠭᠦᠯᠭᠡ ᠶᠢᠨ ᠲᠥᠰᠦᠯ ᠢ | ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ᠂ ᠴᠠᠭ ᠤᠨ ᠳᠠᠷᠠᠭᠠᠯᠠᠯ ᠤᠨ | ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠶᠢᠨ ᠵᠡᠷᠭᠡ ᠪᠠᠷ | ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠳᠤ | ᠬᠠᠭᠤᠯᠤᠨ ᠬᠦᠷᠭᠡᠨ᠎ᠡ᠃ ᠬᠤᠲᠠ ᠰᠢᠶᠠᠨ ᠤ ᠱᠠᠲᠤ ᠨᠢ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠪᠣᠳᠠᠲᠠᠶ ᠬᠡᠷᠡᠭᠵᠢᠭᠦᠯᠬᠦ | ᠲᠥᠰᠦᠯ ᠨᠡᠶᠢᠲᠡᠯᠡᠵᠦ᠂ ᠪᠦᠳᠦᠬᠡᠨ ᠪᠠᠶᠢᠭᠤᠯᠬᠤ ᠪᠠᠷ ᠪᠠᠶᠢᠭ᠎ᠠ ᠡᠭᠦᠷᠭᠡ᠂ ᠪᠥᠲᠥᠭᠡᠨ ᠪᠠᠶᠢᠭᠤᠯᠬᠤ ᠠᠭᠤᠯᠭ᠎ᠠ ᠪᠠ ᠠᠵᠢᠯ ᠤᠨ | ᠠᠬᠢᠴᠠ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠨ᠎ᠠ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ︵ᠵᠢᠷᠭᠤᠭ᠎ᠠ︶ ᠲᠥᠷᠥᠯ ᠵᠦᠢᠯ ᠤᠨ ᠭᠡᠷᠡᠭᠵᠢᠬᠦᠯᠤᠯᠳᠠ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠵᠤ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠤᠶᠤᠴᠢᠯᠠᠨ ᠮᠡᠳᠡᠭᠦᠯᠬᠦ ᠪᠠ | ᠡᠬᠦᠷᠬᠡ ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠨ ᠤ ᠬᠠᠷᠠᠯᠲᠠ ᠶᠢᠨ ᠡᠭᠦᠷᠭᠡ ᠪᠠᠨ ᠰᠢᠨᠵᠢᠯᠡᠬᠦ | ᠤᠬᠠᠭᠠᠨᠴᠢ ᠵᠦᠢ ᠵᠣᠬᠢᠰᠲᠠᠶ ᠲᠣᠭᠲᠠᠭᠠᠵᠤ᠂ ᠨᠢᠭᠡᠳᠦᠯᠲᠡᠶ ᠵᠠᠳᠠᠯᠵᠤ ᠲᠤᠷᠤᠬᠰᠢ ᠪᠠᠭᠤᠯᠭᠠᠨ᠎ᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠣᠯᠠᠨ ᠲᠠᠯ᠎ᠠ ᠠᠴᠠ ᠬᠢᠨᠠᠨ | ᠵᠥᠪᠰᠢᠶᠡᠷᠡᠬᠦ ᠠᠴᠠ ᠵᠠᠶᠢᠯᠠᠰᠭᠢᠨ᠎ᠠ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢ | ᠬᠠᠮᠢᠶᠠᠷᠬᠤ ᠳᠦᠷᠢᠮ᠂ ᠲᠥᠷᠥᠯ ᠵᠦᠢᠯ ᠢ ᠢᠯᠡ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠭᠠᠵᠠᠷ ᠰᠣᠩᠭᠤᠬᠤ᠂ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠪᠠᠷᠢᠬᠤ ᠵᠡᠷᠭᠡ ᠡᠯ᠎ᠡ ᠭᠤᠬᠴᠤᠭ᠎ᠠ ᠪᠣᠭᠤᠮᠲᠠ ᠶᠢ ᠴᠢᠩᠭ᠎ᠠ ᠠᠳᠬᠤᠵᠤ᠂ ᠠᠵᠢᠯ ᠢ | ᠳᠥᠭᠦᠮᠴᠢᠯᠡᠨ ᠮᠠᠲ᠋ᠧᠷᠢᠶᠠᠯ ᠢ ᠬᠠᠰᠤᠬᠤ᠂ ᠢᠨᠵᠧᠨᠧᠷᠢᠩ ᠤᠨ ᠠᠵᠢᠯ ᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠶᠠᠰᠤ | ᠴᠢᠨᠠᠷ ᠤᠨ ᠠᠰᠠᠭᠤᠳᠠᠯ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠠ᠃ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠬᠤᠯᠪᠤᠬᠳᠠᠯ ᠪᠥᠬᠦᠶ ᠨᠢᠭᠡᠴᠢ ᠶᠢᠨ ᠬᠢᠷᠢ ᠬᠡᠮ ᠤᠨ ᠨᠥᠬᠦᠴᠡᠯ ᠱᠠᠭᠠᠷᠳᠠᠯᠭ᠎ᠠ ᠶᠢ | ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ | ᠨᠢᠭᠡᠴᠢ ᠪᠠ ᠬᠤᠪᠢ ᠬᠥᠮᠦᠨ ᠤ ᠣᠷᠣᠯᠴᠠᠬᠤ ᠶᠢ ᠬᠢᠵᠠᠭᠠᠷᠯᠠᠨ᠎ᠠ᠃ | ︵ᠳᠣᠯᠤᠭ᠎ᠠ︶ ᠪᠠᠯᠠ ᠮᠥᠩᠭᠦ ᠶᠢᠨ ᠬᠢᠨᠡᠯᠳᠠ ᠬᠠᠮᠢᠶᠠᠷᠤᠯᠳᠠ᠃ ᠡᠯ᠎ᠡ ᠭᠠᠵᠠᠷ ᠤᠨ ᠬᠢᠨ ᠲᠥᠰᠦᠪ ᠤᠨ | ᠬᠠᠮᠢᠶᠠᠷᠤᠯᠲᠠ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠲᠦᠷᠢᠮ ᠲᠣᠭᠲᠠᠭᠠᠯ ᠢ | ᠦᠨᠳᠦᠰᠦᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠴᠠᠭ ᠤᠨ | ᠬᠢᠵᠠᠭᠠᠷ ᠶᠣᠰᠣᠭᠠᠷ ᠰᠠᠯᠭᠠᠨ ᠵᠠᠳᠠᠯᠵᠤ ᠪᠠᠭᠤᠯᠭᠠᠨ᠂ ᠬᠥᠮᠥᠷᠭᠡ ᠶᠢᠨ ᠵᠣᠭᠤᠰ ᠢ ᠵᠦᠶ ᠵᠣᠬᠢᠰᠲᠠᠶ ᠳᠣᠭᠢᠷᠠᠭᠤᠯᠤᠨ᠂ | ᠭᠡᠷ᠎ᠡ ᠳᠤ ᠪᠣᠯᠵᠤᠨ ᠲᠤᠬᠳᠠᠬᠰᠠᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ | ᠥᠭᠴᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠡᠯᠡ ᠮᠥᠩᠭᠦ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠰᠡᠷᠡᠮᠵᠢᠯᠡᠭᠦᠯᠬᠦ ᠬᠢᠨᠠᠨ ᠡᠵᠡᠮᠳᠡᠬᠦ᠂ ᠲᠤᠰᠬᠠᠶ ᠬᠢᠨᠠᠨ ᠪᠠᠶᠢᠴᠠᠭᠠᠬᠤ ᠶᠢ | ᠴᠢᠩᠭᠠᠳᠬᠠᠨ᠂ ᠲᠥᠰᠦᠪ ᠢ ᠴᠠᠭ ᠲᠤᠬᠠᠶ ᠳᠤᠨᠢ ᠪᠠᠭᠤᠯᠭᠠᠭᠰᠠᠨ ᠦᠭᠡᠶ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠤᠰᠤᠭᠠᠷ ᠥᠭᠭᠦᠭᠰᠡᠨ ᠦᠭᠡᠶ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠠᠨᠠᠭᠤᠯᠬᠤ ᠪᠠ | ᠵᠠᠯᠠᠷᠠᠭᠤᠯᠵᠤ᠂ ᠰᠢᠯᠵᠢᠬᠦᠯᠦᠨ ᠥᠭᠬᠦ ᠪᠠᠷ ᠵᠠᠷᠤᠯᠭ᠎ᠠ ᠶᠢ ᠣᠷᠣᠯᠠᠭᠤᠯᠬᠤ᠂ ᠮᠡᠬᠡᠯᠡᠨ ᠠᠪᠴᠤ ᠳᠤᠮᠳᠠ ᠠᠴᠠ ᠨᠢ ᠦᠯᠡᠳᠡᠭᠡᠬᠦ᠂ | ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠡᠢ᠃ ᠡᠯ᠎ᠡ | ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠢ ᠰᠢᠶᠠᠨ ᠤ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ ᠤᠯᠤᠰ ᠤᠨ ᠬᠥᠮᠥᠷᠭᠡ ᠶᠢᠨ ᠳᠠᠩ ᠭᠠᠭᠴᠠ ᠳᠠᠩᠰᠠᠠ ᠡᠷᠦᠬᠡ ᠶᠢᠨ ᠳᠣᠣᠷ᠎ᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠶ ᠬᠤᠪᠢᠶᠠᠷᠢ | ᠳᠠᠩᠰᠠᠠ ᠡᠷᠦᠬᠡ ᠪᠠᠶᠢᠭᠤᠯᠵᠤ᠂ ᠲᠤᠰᠬᠠᠶ ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠶ ᠳᠠᠩᠰᠠ ᠪᠠᠷ ᠰᠢᠯᠵᠢᠭᠦᠯᠦᠨ ᠥᠭᠬᠦ᠂ | ᠲᠤᠰᠬᠠᠶ ᠳᠠᠩᠰᠠ ᠪᠠᠷ ᠢᠯᠭᠠᠷᠠᠭᠤᠯᠤᠨ ᠪᠣᠳᠣᠬᠤ ᠶᠢ ᠪᠡᠶᠡᠯᠡᠭᠦᠯᠵᠦ᠂ ᠪᠡᠯᠡ ᠮᠥᠩᠭᠦ ᠶᠢ ᠦᠨᠡᠨ ᠬᠦ ᠲᠠᠷᠢᠶᠠᠨ ᠭᠠᠵᠠᠷ ᠲᠤ | ᠬᠡᠷᠡᠭᠯᠡᠬᠦ ᠶᠢ ᠪᠠᠶᠠᠯᠡᠬᠦᠯᠵᠤ ᠪᠤᠯᠤᠨ᠎ᠠ᠃ | ︵ᠨᠠᠢᠮᠠ︶ ᠪᠠᠷᠢᠯᠭ᠎ᠠ ᠳᠠᠭᠤᠰᠬᠠᠵᠤ ᠰᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ ᠪᠠᠷᠢᠯᠭ᠎ᠠ | ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠰᠢᠯᠭᠠᠨ ᠠᠪᠬᠤ ᠭᠤᠭᠴᠤᠭ᠎ᠠ ᠶᠢᠨ ᠶᠠᠰᠤ | ᠴᠢᠨᠠᠷ ᠢ ᠴᠢᠩᠭ᠎ᠠ ᠡᠵᠡᠮᠳᠡᠵᠦ᠂ ᠰᠢᠶᠠᠨ ᠤ ᠱᠠᠲᠤᠨ ᠤ ᠠᠩᠬᠠᠨ ᠤ ᠬᠢᠨᠠᠨ ᠰᠢᠯᠭᠠᠯᠲᠠ᠂ ᠬᠤᠲᠠ ᠶᠢᠨ ᠱᠠᠲᠤᠨ ᠠᠴᠠ | ᠰᠢᠯᠭᠠᠨ ᠠᠪᠬᠤ᠂ ᠮᠤᠵᠢ ᠶᠢᠨ ᠱᠠᠲᠤᠨ ᠠᠴᠠ ᠰᠤᠭᠤᠴᠢᠨ ᠪᠠᠶᠢᠴᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ | ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ ᠴᠢᠳᠠᠪᠤᠷᠢ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠵᠢᠴᠢ ᠲᠤᠷᠰᠢᠨ ᠬᠡᠷᠡᠭᠯᠡᠬᠦ | ᠦᠷ᠎ᠡ ᠳ᠋ᠦᠩ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠵᠡᠷᠭᠡ ᠶᠢ ᠪᠦᠲᠦᠮᠵᠢᠲᠡᠶ ᠳᠡᠭᠡᠭᠰᠢᠯᠡᠭᠦᠯᠵᠦ ᠳᠡᠶᠢᠯᠬᠦ | ᠡᠰᠡᠬᠦ ᠪᠠᠷ ᠰᠢᠯᠭᠠᠨ ᠠᠪᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠰᠢᠯᠭᠠᠨ ᠠᠪᠤᠬᠰᠡᠨ ᠤ ᠳᠠᠷᠠᠭ᠎ᠠ᠂ | ᠢᠨᠵᠧᠨᠧᠷᠢᠩ ᠤᠨ ᠲᠤᠨᠤᠭ ᠲᠦᠬᠦᠭᠡᠷᠤᠮᠵᠢ ᠶᠢᠨ ᠥᠮᠴᠢᠯᠡᠯ ᠤᠨ ᠡᠷᠬᠡ ᠶᠢ ᠴᠠᠭ ᠲᠤᠬᠠᠶ ᠳᠤᠨᠢ ᠲᠣᠳᠣᠷᠬᠠᠶᠢᠯᠠᠵᠤ᠂ | ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠤᠢ ᠪᠤᠯᠤᠬᠰᠠᠨ ᠡᠷᠬᠡ ᠶᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ | ᠣᠷᠣᠨ ᠤ ᠭᠠᠵᠠᠷ ᠰᠢᠷᠣᠶ ᠶᠢᠨ ᠥᠮᠴᠢᠯᠡᠭᠴᠢ ᠳᠤ ᠥᠮᠴᠢᠯᠡᠭᠳᠡᠨᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ︵ᠶᠢᠰᠦ︶ ᠪᠦᠬᠦ ᠶᠠᠪᠤᠴᠠ ᠳᠤ ᠬᠢᠨᠠᠯᠲᠠ ᠲᠠᠯᠪᠢᠬᠤ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠤᠨ ᠵᠤᠷᠰᠢᠯᠲᠤ | ᠪᠠᠶᠢᠴᠠᠭᠠᠯᠲᠠ ᠶᠢᠨ ᠲᠦᠷᠢᠮ ᠢ ᠲᠤᠭᠳᠠᠭᠠᠵᠤ᠂ ᠤᠯᠤᠰ ᠪᠠ ᠮᠤᠵᠢ ᠶᠢᠨ ᠱᠠᠲᠤᠨ ᠳᠤ ᠪᠠᠶᠢᠩᠭᠤ ᠶᠢᠨ ᠰᠤᠭᠤᠴᠢᠨ | ᠪᠠᠶᠢᠴᠠᠭᠠᠯᠲᠠ ᠶᠢ ᠥᠷᠨᠢᠭᠦᠯᠦᠨ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠵᠦ᠂ | ᠨᠡᠶᠢᠲᠡᠯᠢᠭ ᠠᠰᠠᠭᠤᠳᠠᠯ ᠢ ᠢᠯᠡ ᠨᠡᠶᠢᠳᠡᠯᠡᠨ᠎ᠠ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠲᠠᠷᠢᠶᠠᠴᠢᠨ ᠤᠯᠠᠨ ᠲᠦᠮᠡᠨ ᠪᠠ ᠵᠠᠭᠤᠴᠢᠯᠠᠭᠤᠷ ᠤᠨ ᠬᠢᠨᠠᠯᠲᠠ | ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠴᠢᠯᠡᠭᠡᠨ ᠤ ᠤᠲᠠᠰᠤ᠂ ︽ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠰᠡᠬᠦᠳᠡᠷᠯᠡᠵᠤ ᠰᠢᠩᠭᠡᠭᠡᠬᠦ︾ ᠵᠢᠵᠢᠭ ᠫᠷᠤᠭ᠍ᠷᠠᠮ | ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠠ᠃ ᠪᠥᠬᠦ ᠤᠯᠤᠰ ᠤᠨ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠶᠡᠷᠦᠩᠬᠡᠶᠢᠯᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠲᠥᠷᠥᠯ ᠵᠦᠢᠯ ᠢᠶᠠᠷ | ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠡᠷᠡᠭᠯᠡᠬᠦ ᠵᠡᠷᠭᠡ ᠡᠯ᠎ᠡ ᠱᠠᠲᠤ ᠦᠶ᠎ᠡ ᠶᠢᠨ ᠬᠤᠯᠪᠤᠬᠳᠠᠯ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠵᠢᠷᠤᠭ ᠪᠤᠯᠭᠠᠨ ᠬᠥᠮᠥᠷᠭᠡ ᠳᠤ ᠣᠷᠣᠭᠤᠯᠤᠨ᠂ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠵᠤ᠂ ᠠᠵᠢᠯ ᠡᠷᠭᠢᠯᠡᠬᠦ ᠭᠤᠤᠯ ᠴᠣᠭᠴᠠ ᠶᠢᠨ ᠬᠠᠤᠯᠢ ᠶᠣᠰᠣᠭᠠᠷ ᠠᠵᠢᠯ | ᠲᠥᠷᠥᠯ ᠤᠨ ᠨᠡᠶᠢᠭᠡᠮᠯᠢᠭ ᠵᠡᠷᠭᠡ ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠬᠥᠲᠥᠯᠦᠨ ᠵᠢᠯᠣᠭᠤᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ | ᠡᠷᠭᠢᠯᠡᠬᠦ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠵᠦ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠬᠤᠯᠪᠤᠬᠳᠠᠯ ᠪᠦᠬᠦᠢ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠶᠢ | ᠠᠬᠢᠭᠤᠯᠤᠨ᠎ᠠ᠃ | ᠳᠥᠷᠪᠡ᠂ ᠡᠵᠡᠩᠨᠡᠨ ᠬᠠᠮᠢᠶᠠᠷᠴᠤ ᠬᠠᠮᠠᠭᠠᠯᠠᠬᠤ | ︵ᠠᠷᠪᠠ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠭᠤᠤᠯ ᠴᠣᠭᠴᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠬᠠᠷᠢᠶ᠎ᠠ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ | ᠪᠣᠳᠠᠲᠠᠶᠢᠵᠢᠭᠤᠯᠵᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠳᠠ ᠶᠢᠨ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠨ᠎ᠠ᠃ | ᠣᠯᠠᠨ ᠨᠡᠶᠢᠲᠡ ᠶᠢᠨ ᠲᠤᠨᠤᠭ ᠲᠦᠬᠦᠭᠡᠷᠤᠮᠵᠢ ᠶᠢᠨ ᠰᠢᠶᠠᠨ ᠤ ᠱᠠᠲᠤᠨ ᠤ ᠵᠠᠰᠠᠭ ᠤᠨ ᠣᠷᠳᠣᠨ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠤᠬᠳᠠᠯ ᠪᠥᠬᠦᠶ | ᠠᠵᠢᠯ ᠲᠥᠷᠥᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠤᠰᠤᠯᠠᠯᠲᠠ ᠶᠢᠨ | ᠤᠰᠤ ᠭᠠᠳᠠᠭᠰᠢᠯᠠᠭᠤᠯᠬᠤ᠂ ᠴᠠᠬᠢᠯᠭᠠᠨ ᠳᠠᠮᠵᠢᠭᠤᠯᠵᠤ ᠲᠤᠬᠢᠷᠠᠭᠤᠯᠬᠤ ᠵᠡᠷᠭᠡ ᠢᠨᠵᠧᠨᠧᠷᠢᠩ ᠤᠨ ᠲᠤᠨᠤᠭ | ᠲᠦᠬᠦᠭᠡᠷᠤᠮᠵᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠬᠢᠨᠠᠨ ᠬᠠᠮᠢᠶᠠᠷᠬᠤ ᠪᠠ ᠵᠢᠯᠣᠭᠤᠳᠬᠤ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠠᠢ᠃ | ᠬᠠᠷᠢᠭᠤᠴᠠᠯᠭ᠎ᠠ ᠡᠷᠬᠡ ᠶᠢ ᠨᠢᠭᠡᠳᠦᠯᠲᠡᠶ ᠪᠠᠶᠢᠯᠭᠠᠬᠤ᠂ ᠬᠠᠷᠢᠭᠤᠴᠠᠯᠭ᠎ᠠ ᠴᠢᠳᠠᠪᠤᠷᠢ ᠶᠢ ᠨᠢᠭᠡᠳᠦᠯᠲᠡᠶ ᠪᠠᠶᠢᠯᠭᠠᠬᠤ ᠵᠠᠷᠴᠢᠮ | ᠶᠣᠰᠣᠭᠠᠷ᠂ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠳᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠲᠠᠬᠢ ᠡᠳᠦᠷ ᠲᠤᠲᠤᠮ ᠤᠨ | ᠬᠡᠷᠡᠭᠯᠡᠬᠦ ᠨᠣᠷᠮ᠎ᠠ ᠪᠠᠷ ᠥᠨᠳᠥᠷ ᠪᠠᠶᠢᠳᠠᠭ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠤᠨᠤᠭ | ᠲᠦᠬᠦᠭᠡᠷᠤᠮᠵᠢ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠪᠡᠶ᠎ᠡ ᠪᠠᠨ | ᠳᠠᠭᠠᠭᠠᠵᠤ ᠪᠡᠯᠡ ᠤᠷᠤᠭᠤᠯᠵᠤ ᠪᠠᠯᠠ ᠴᠤᠭᠯᠠᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ ᠡᠳᠦᠷ ᠲᠤᠲᠤᠮ ᠤᠨ ᠡᠵᠡᠩᠨᠡᠵᠤ ᠬᠠᠮᠢᠶᠠᠷᠤᠠ ᠬᠠᠮᠠᠭᠠᠯᠠᠬᠤ ᠶᠢ ᠳᠡᠮᠵᠢᠨ᠎ᠠ᠃ ᠡᠵᠡᠩᠨᠡᠯᠳᠠ ᠬᠠᠮᠢᠶᠠᠷᠤᠯᠳᠠ | ᠬᠠᠮᠠᠭᠠᠯᠠᠯᠳᠠ ᠶᠢᠨ ᠠᠵᠢᠯᠲᠠᠨ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ᠂ ᠪᠣᠯᠪᠠᠰᠤᠷᠠᠯ ᠬᠦᠷᠳᠡᠬᠡᠬᠦ ᠦᠢᠯᠡᠴᠢᠯᠡᠭᠡ ᠪᠠ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠵᠠᠭᠪᠤᠷ᠃ ᠡᠯ᠎ᠡ ᠭᠠᠵᠠᠷ ᠤᠨ ᠬᠢᠨ | ᠪᠣᠳᠠᠲᠠᠶ ᠲᠠᠢ ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢᠨ ᠵᠠᠭᠪᠤᠷ ᠢ ᠰᠦᠪᠡᠭᠴᠢᠯᠡᠵᠦ ᠪᠣᠯᠤᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ | ᠪᠤᠶᠤ ᠠᠵᠢᠯ ᠲᠥᠷᠥᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠰᠤᠨ ᠬᠠᠭᠠᠯᠲᠠ᠂ | ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠤᠨᠤᠭ ᠲᠦᠬᠦᠭᠡᠷᠤᠮᠵᠢ ᠵᠡᠷᠭᠡ ᠮᠡᠷᠭᠡᠵᠢᠯ ᠤᠨ ᠴᠢᠨᠠᠷ ᠢᠶᠠᠷ ᠨᠡᠯᠢᠶᠡᠳ | ᠴᠢᠩᠭ᠎ᠠ ᠲᠤᠨᠤᠭ ᠲᠥᠬᠦᠭᠡᠷᠦᠮᠵᠢ ᠳᠤ ᠲᠤᠰᠬᠠᠶᠢᠵᠢᠭᠰᠠᠨ ᠬᠠᠮᠠᠭᠠᠯᠠᠯᠲᠠ ᠬᠢᠬᠦ ᠶᠢ ᠵᠣᠷᠢᠭᠵᠢᠭᠤᠯᠤᠨ᠎ᠠ᠃ ᠢᠨᠵᠧᠨᠧᠷᠢᠩ ᠤᠨ | ᠶᠠᠰᠤ ᠴᠢᠨᠠᠷ ᠤᠨ ᠳᠠᠭᠠᠳᠬᠠᠯ ᠳᠤ ᠤᠷᠤᠬᠤ ᠶᠢ ᠵᠣᠷᠢᠭᠵᠢᠭᠤᠯᠤᠨ᠂ ᠳᠠᠭᠠᠳᠬᠠᠯ ᠢ ᠳᠠᠭᠠᠭᠠᠴᠢᠯᠠᠭᠰᠠᠨ ᠪᠠᠶᠢᠭᠤᠯᠤᠮᠵᠢ ᠠᠴᠠ | ᠲᠤᠰᠬᠠᠶ ᠬᠦᠴᠦᠨ ᠢ ᠵᠣᠬᠢᠶᠠᠨ ᠪᠠᠶᠢᠭᠤᠯᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ | ᠭᠤᠣᠯ ᠴᠣᠭᠴᠠ ᠳᠤ ᠬᠢᠨᠠᠯᠲᠠ ᠲᠠᠯᠪᠢᠬᠤ ᠶᠢ ᠳᠡᠮᠵᠢᠵᠦ᠂ ᠢᠨᠵᠧᠨᠧᠷᠢᠩ ᠤᠨ ᠶᠠᠰᠤ ᠴᠢᠨᠠᠷ ᠤᠨ ᠲᠦᠭᠰᠢᠭᠦᠷᠢ ᠶᠢ | ᠰᠡᠷᠭᠡᠶᠢᠯᠡᠨ᠂ ᠢᠨᠵᠧᠨᠧᠷᠢᠩ ᠤᠨ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠠᠰᠠᠭᠤᠳᠠᠯ ᠳᠤ ᠴᠠᠭ ᠲᠤᠬᠠᠢ ᠳᠤᠨᠢ | ᠲᠦᠯᠦᠪᠤᠷᠢ ᠦᠭᠬᠦᠨ ᠰᠢᠢᠳᠪᠦᠷᠢᠯᠡᠨ᠎ᠡ᠃ | ︵ᠠᠷᠪᠠᠨ ᠬᠤᠶᠠᠷ︶ ᠬᠠᠮᠠᠭᠠᠯᠠᠵᠤ ᠠᠰᠢᠭᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠩᠭ᠎ᠠ | ᠬᠠᠮᠠᠭᠠᠯᠠᠵᠤ᠂ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠵᠡᠯᠡᠨ ᠬᠡᠷᠡᠭᠯᠡᠬᠦ ᠶᠢ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠪᠣᠯ᠂ ᠡᠯ᠎ᠡ ᠭᠠᠵᠠᠷ ᠤᠨ ᠬᠢᠨ ᠨᠥᠬᠦᠵᠦ ᠪᠦᠳᠦᠬᠡᠨ ᠪᠠᠶᠢᠭᠤᠯᠬᠤ ᠶᠠᠪᠤᠳᠠᠯ ᠢ ᠴᠠᠭ ᠲᠤᠬᠠᠶ ᠳᠤᠨᠢ | ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠦᠭᠡᠶ᠂ ᠶᠠᠰᠤ ᠴᠢᠨᠠᠷ ᠢ ᠨᠢ ᠪᠠᠭᠤᠷᠠᠭᠤᠯᠬᠤ ᠦᠭᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠤᠨᠤᠭ ᠲᠦᠬᠦᠭᠡᠷᠦᠮᠵᠢ ᠶᠢ ᠡᠪᠳᠡᠨ ᠰᠦᠢᠳᠭᠡᠵᠦ ᠪᠣᠯᠬᠤ ᠥᠬᠡᠶ᠂ ᠭᠠᠮᠰᠢᠭ ᠠᠴᠠ | ᠪᠣᠯᠵᠣ ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠣᠨ ᠤ ᠥᠭᠡᠷᠡᠴᠢᠯᠡᠨ ᠰᠠᠶᠢᠵᠢᠷᠠᠭᠤᠯᠵᠤ ᠪᠥᠲᠥᠭᠡᠨ | ᠪᠠᠶᠢᠭᠤᠯᠬᠤ ᠡᠭᠦᠷᠭᠡ ᠳᠤ ᠣᠷᠣᠭᠤᠯᠤᠨ ᠴᠠᠭ ᠲᠤᠬᠠᠶ ᠳᠤᠨᠢ ᠰᠡᠯᠪᠢᠨ ᠰᠡᠷᠭᠦᠭᠡᠬᠦ ᠪᠤᠶᠤ ᠨᠥᠬᠦᠵᠦ ᠪᠦᠳᠦᠬᠡᠨ ᠪᠠᠶᠢᠭᠤᠯᠬᠤ | ᠬᠡᠷᠡᠭᠲᠡᠶ᠃ ᠲᠠᠷᠢᠶᠠᠨ ᠭᠠᠵᠠᠷ ᠤᠨ ᠨᠡᠮᠡᠯᠲᠡ ᠪᠣᠷᠲᠣᠭᠤᠷ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ | ᠭᠠᠵᠠᠷ ᠤᠨ ᠬᠦᠴᠤ ᠰᠢᠮ᠎ᠡ ᠮᠠᠭᠤᠳᠠᠬᠤ ᠶᠢ ᠰᠡᠷᠭᠡᠶᠢᠯᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠵᠤ | ᠦᠢᠯᠡᠳᠪᠦᠷᠢ ᠶᠢᠨ ᠬᠠᠶᠠᠭᠳᠠᠮᠠᠯ ᠡᠳ᠋ ᠵᠡᠷᠭᠡ ᠶᠢ ᠭᠠᠳᠠᠭᠰᠢᠯᠠᠭᠤᠯᠬᠤ᠂ ᠴᠢᠳᠬᠤᠬᠤ᠂ ᠲᠠᠷᠢᠶᠠᠨ ᠭᠠᠵᠠᠷ ᠲᠤ ᠬᠠᠳᠠᠭᠠᠯᠠᠨ | ᠲᠠᠯᠪᠢᠬᠤ ᠶᠢ ᠴᠢᠩᠭ᠎ᠠ ᠴᠠᠭᠠᠵᠠᠯᠠᠨ᠎ᠠ᠃ | ᠲᠠᠪᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ | ︵ᠠᠷᠪᠠᠨ ᠭᠤᠷᠪᠠ︶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠨᠥᠬᠦᠪᠥᠷᠢᠯᠡᠨ ᠬᠤᠪᠢᠶᠠᠷᠢᠯᠠᠬᠤ | ᠲᠣᠬᠢᠷᠠᠭᠤᠯᠤᠯᠲᠠ᠃ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢᠯᠡᠨ ᠬᠤᠪᠢᠶᠠᠷᠢᠯᠠᠬᠤ᠂ ᠲᠣᠬᠢᠷᠠᠭᠤᠯᠬᠤ ᠶᠠᠪᠤᠴᠠ ᠶᠢ ᠲᠡᠭᠦᠯᠳᠡᠷᠵᠢᠭᠦᠯᠦᠨ᠎ᠡ᠃ | ᠡᠬᠢ ᠪᠠᠶᠠᠯᠢᠭ ᠤᠨ ᠳᠠᠪᠠᠭᠤᠯᠢᠭ ᠢᠶᠠᠷ ᠰᠠᠶᠢᠨ᠂ ᠦᠢᠯᠡᠳᠪᠦᠷᠢᠯᠡᠯ ᠤᠨ ᠳᠠᠯᠳᠠ ᠬᠦᠴᠦᠨ ᠢᠶᠠᠷ ᠶᠡᠭᠡ᠂ ᠡᠭᠦᠷᠢᠳᠡ ᠶᠢᠨ | ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠪᠠᠶᠢᠬᠤ ᠥᠬᠡᠶ ᠲᠠᠷᠢᠶᠠᠨ ᠭᠠᠵᠠᠷ ᠳᠡᠭᠡᠷ᠎ᠡ ᠪᠠᠶᠢᠭᠤᠯᠤᠭᠰᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠡᠭᠦᠷᠢᠳᠡ ᠶᠢᠨ ᠴᠢᠨᠠᠷᠲᠠᠢ | ᠦᠨᠳᠦᠰᠦᠨ ᠲᠠᠷᠢᠶᠠᠨ ᠭᠠᠵᠠᠷ ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢᠶᠠᠷ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ | ᠭᠠᠵᠠᠷ ᠢ ᠲᠦᠷ ᠬᠤᠶᠢᠰᠢᠯᠠᠭᠤᠯᠤᠨ ᠪᠥᠲᠥᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠦᠨᠡᠯᠡᠵᠦ ᠲᠣᠬᠢᠷᠠᠭᠤᠯᠬᠤ ᠲᠠᠢ ᠤᠶᠠᠯᠳᠤᠭᠤᠯᠤᠨ᠂ ᠢᠯᠭᠠᠨ ᠲᠣᠭᠲᠠᠭᠠᠬᠤ ᠱᠠᠭᠠᠷᠳᠠᠯᠭ᠎ᠠ ᠳᠤ | ᠨᠡᠶᠢᠴᠡᠬᠦ ᠥᠬᠡᠶ ᠬᠡᠰᠡᠭ ᠭᠠᠵᠠᠷ ᠢ ᠬᠠᠤᠯᠢ ᠶᠣᠰᠣᠭᠠᠷ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠠᠴᠠ | ᠰᠢᠯᠵᠢᠭᠦᠯᠦᠨ ᠭᠠᠷᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠣᠷᠣᠨ ᠳᠤ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠲᠠᠷᠢᠶᠠᠨ ᠭᠠᠵᠠᠷ ᠤᠨ ᠰᠠᠭᠤᠷᠢ | ᠲᠦᠬᠦᠭᠡᠷᠦᠮᠵᠢ ᠠᠴᠠ ᠪᠣᠯᠵᠣ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠪᠠᠭ᠎ᠠ ᠬᠡᠮᠵᠢᠶ᠎ᠡ ᠪᠠᠷ ᠡᠵᠡᠯᠡᠨ | ᠬᠡᠷᠡᠭᠯᠡᠬᠦ ᠴᠢᠬᠤᠯᠠᠲᠠᠶ ᠪᠠᠶᠢᠪᠠᠯ᠂ ᠪᠥᠲᠥᠭᠡᠨ ᠪᠠᠶᠢᠭᠤᠯᠬᠤ ᠠᠴᠠ ᠡᠮᠦᠨ᠎ᠡ ᠪᠠ ᠬᠤᠶᠢᠨᠠᠬᠢ ᠲᠥᠷᠥᠯ ᠵᠦᠢᠯ ᠤᠨ ᠣᠷᠣᠨ ᠤ | ᠳᠣᠲᠣᠷᠠᠬᠢ ᠲᠠᠷᠢᠶᠠᠨ ᠭᠠᠵᠠᠷ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ ᠪᠠᠭᠠᠰᠬᠠᠵᠤ ᠪᠣᠯᠬᠤ ᠥᠬᠡᠶ᠂ ᠦᠨᠡᠬᠡᠷ ᠪᠠᠭ᠎ᠠ | ᠬᠡᠮᠵᠢᠶ᠎ᠡ ᠪᠠᠷ ᠪᠠᠭᠠᠰᠬᠠᠬᠤ ᠴᠢᠬᠤᠯᠠᠲᠠᠶ ᠪᠠᠶᠢᠪᠠᠯ᠂ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠡᠭᠦᠷᠢᠳᠡ ᠶᠢᠨ | ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠲᠣᠬᠢᠷᠠᠭᠤᠯᠤᠯᠲᠠ ᠬᠢᠵᠦ ᠨᠥᠬᠦᠪᠥᠷᠢᠯᠡᠨ ᠬᠤᠪᠢᠶᠠᠷᠢᠯᠠᠬᠤ ᠲᠥᠰᠦᠯ ᠢ | ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ | ᠲᠣᠭᠲᠠᠭᠠᠯ ᠶᠣᠰᠣᠭᠠᠷ ᠳᠠᠩᠰᠠᠯᠠᠭᠤᠯᠬᠤ ᠲᠠᠰ ᠳᠠᠷᠠᠭᠠᠯᠠᠯ ᠢ ᠭᠦᠢᠴᠡᠳᠭᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ | ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠣᠭᠤᠷᠢᠭ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠲᠠᠷᠢᠶᠠᠨ ᠭᠠᠵᠠᠷ ᠤᠨ ᠰᠠᠭᠤᠷᠢ | ᠲᠦᠬᠦᠭᠡᠷᠦᠮᠵᠢ ᠶᠢᠨ ᠶᠣᠰᠣᠭᠠᠷ ᠭᠠᠵᠠᠷ ᠰᠢᠷᠦᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠥᠬᠡᠶ᠃ | ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠢᠵᠢ ᠪᠦᠷᠢᠳᠦᠭᠦᠯᠬᠦ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠠ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠤᠰᠤ ᠪᠠᠷ ᠭᠠᠵᠠᠷ | ᠰᠢᠷᠣᠶ ᠶᠢ ᠲᠣᠭᠲᠠᠭᠠᠵᠤ᠂ ᠤᠰᠤᠯᠠᠯᠲᠠ ᠶᠢᠨ ᠬᠥᠭᠵᠢᠯᠲᠡ ᠶᠢᠨ ᠬᠡᠪᠴᠢᠶ᠎ᠡ ᠵᠢᠴᠢ ᠪᠠᠶᠢᠷᠢᠰᠢᠭᠤᠯᠤᠯᠳᠠ ᠶᠢ ᠵᠦᠶ ᠵᠣᠬᠢᠰᠲᠠᠶ | ᠲᠣᠭᠲᠠᠭᠠᠨ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠲᠣᠬᠢᠷᠠᠯᠴᠠᠭᠤᠯᠤᠨ᠎ᠠ᠃ ᠠᠳᠠᠯᠢ | ᠪᠤᠰᠤ ᠲᠥᠷᠥᠯ ᠬᠡᠯᠪᠡᠷᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ | ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠨ ᠭᠠᠵᠠᠷ ᠤᠨ ᠪᠠᠷᠢᠯᠭ᠎ᠠ ᠬᠢᠭᠡᠳ ᠤᠰᠤᠨ | ᠰᠤᠷᠪᠤᠯᠵᠢ ᠶᠢᠨ ᠪᠠᠷᠢᠯᠭ᠎ᠠ᠂ ᠭᠤᠣᠯ ᠤᠰᠤᠨ ᠠᠰᠢᠭᠯᠠᠯᠲᠠ ᠶᠢᠨ ᠪᠠᠷᠢᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠎ᠠ᠃ | ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠵᠢᠴᠢ | ᠣᠳᠣᠬᠢᠴᠢᠯᠠᠯᠳᠠ ᠶᠢᠨ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠤᠨ | ᠨᠥᠬᠦᠴᠡᠯ ᠢᠶᠠᠷ ᠲᠣᠬᠢᠷᠠᠮᠵᠢᠲᠠᠶ ᠭᠠᠵᠠᠷ ᠣᠷᠣᠨ ᠳᠤ ᠨᠢᠭᠡ ᠪᠦᠯᠦᠭ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ | ᠰᠢᠨ᠎ᠡ ᠪᠠᠷ ᠪᠠᠶᠢᠭᠤᠯᠤᠨ᠎ᠠ᠃ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠲᠤᠯ ᠢ | ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠪᠡᠯᠡ ᠮᠥᠩᠭᠦ ᠣᠷᠣᠭᠤᠯᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ | ᠲᠣᠭᠲᠡᠴᠡ ᠶᠢ ᠪᠦᠷᠢᠨᠰᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤ ᠪᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠮᠤᠵᠢ ᠶᠢᠨ | ᠱᠠᠲᠤᠨ ᠤ ᠵᠠᠰᠠᠭ ᠤᠨ ᠣᠷᠳᠣᠨ ᠣᠷᠣᠨ ᠨᠤᠲᠤᠭ ᠤᠨ ᠣᠷᠣᠭᠤᠯᠤᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠤᠬᠢᠷᠠᠭᠤᠯᠵᠤ ᠪᠠᠶᠢᠭᠠᠳ ᠨᠥᠬᠦᠴᠡᠯ ᠳᠤ | ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠥᠪᠰᠢᠶᠡᠷᠡᠨ᠎ᠡ᠃ | ᠵᠠᠰᠠᠭ ᠤᠨ ᠣᠷᠳᠣᠨ ᠤ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ ᠤᠷᠢᠲᠠᠯ | ᠳᠤᠤᠷ᠎ᠠ᠂ ᠵᠢᠭᠡᠯᠡᠯᠭᠡ ᠶᠢᠨ ᠬᠦᠦ ᠮᠦᠩᠬᠦ ᠶᠢᠨ ᠨᠦᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠥᠩᠭᠦᠨ | ᠭᠦᠢᠯᠭᠡᠭᠡᠨ᠂ ᠨᠡᠶᠢᠭᠡᠮ ᠤᠨ ᠪᠠᠯᠠ ᠣᠷᠣᠭᠤᠯᠤᠯᠲᠠ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ | ᠴᠣᠭᠴᠠ ᠵᠡᠷᠭᠡ ᠶᠢᠨ ᠪᠠᠯᠠ ᠣᠷᠣᠭᠤᠯᠵᠤ ᠪᠦᠳᠦᠬᠡᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠶᠢ | ᠰᠦᠪᠡᠭᠴᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ | ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠤᠤᠷ᠎ᠠ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠪᠠᠷ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠣᠯᠠᠨ ᠠᠷᠭ᠎ᠠ | ᠵᠠᠮ ᠢᠶᠠᠷ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠴᠤᠭᠯᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ | ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠲᠦᠮᠡᠨ ᠣᠷᠣᠯᠴᠠᠬᠤ ᠠᠵᠢᠯ ᠤᠨ ᠲᠣᠭᠲᠡᠴᠡ ᠶᠢ | ᠬᠡᠷᠡᠭᠵᠢᠭᠦᠯᠦᠨ᠎ᠡ᠃ ᠲᠥᠪ ᠤᠨ ᠲᠠᠪᠬᠤᠷᠭ᠎ᠠ ᠠᠴᠠ ᠲᠦᠷᠢᠮ ᠤᠨ ᠵᠢᠷᠤᠭ ᠲᠥᠯᠥᠪᠯᠡᠭᠡ᠂ ᠶᠡᠷᠦᠩᠬᠡᠶ ᠲᠥᠯᠥᠪᠵᠢᠭᠦᠯᠭᠡ᠂ | ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ᠂ ᠣᠷᠣᠭᠤᠯᠤᠯᠲᠠ ᠶᠢᠨ ᠲᠣᠬᠢᠷᠠᠭᠤᠯᠤᠯᠲᠠ᠂ ᠵᠢᠯᠣᠭᠤᠳᠣᠯᠭ᠎ᠠ ᠬᠢᠨᠠᠯᠲᠠ | ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠴᠤᠭᠯᠠᠭᠤᠯᠬᠤ᠂ ᠪᠥᠲᠥᠭᠡᠨ ᠪᠠᠶᠢᠭᠤᠯᠤᠯᠲᠠ ᠶᠢᠨ ᠠᠬᠢᠴᠠ᠂ | ᠪᠠᠷᠢᠯᠭ᠎ᠠ ᠶᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ | ᠲᠤᠰᠬᠠᠶ ᠣᠷᠣᠨ ᠤ ᠲᠡᠰ ᠤᠨ ᠬᠤᠳᠠ ᠶᠢᠨ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ ᠠᠬᠢᠴᠠ᠂ | ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠳᠠᠭᠤᠰᠬᠠᠵᠤ ᠰᠢᠯᠭᠠᠨ ᠠᠪᠬᠤ᠂ ᠪᠠᠯᠠ ᠮᠥᠩᠭᠦ ᠶᠢ ᠬᠡᠷᠡᠭᠯᠡᠬᠦ᠂ ᠡᠵᠡᠩᠨᠡᠯᠲᠡ | ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ ᠱᠠᠲᠤᠨ ᠤ | ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ᠂ ᠪᠠᠯᠠ ᠮᠥᠩᠭᠦ ᠶᠢ ᠬᠡᠷᠡᠭᠯᠡᠬᠦ᠂ | ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠠᠷᠪᠠᠨ ᠳᠣᠯᠤᠭ᠎ᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ | ︽ᠲᠠᠪᠤᠨ ᠨᠢᠭᠡᠳᠦᠯᠲᠡᠶ︾ ︵ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠬᠤ᠂ ᠨᠢᠭᠡᠳᠦᠯᠲᠡᠶ ᠪᠦᠲᠦᠭᠡᠨ ᠪᠠᠶᠢᠭᠤᠯᠬᠤ | ᠪᠠᠷᠢᠮᠵᠢᠶ᠎ᠠ᠂ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠶ ᠰᠢᠯᠭᠠᠨ ᠠᠪᠴᠤ ᠬᠢᠨᠡᠨ ᠰᠢᠯᠭᠠᠬᠤ᠂ | ᠨᠢᠭᠡᠳᠦᠯᠲᠡᠶ ᠵᠢᠷᠤᠭ ᠪᠤᠯᠭᠠᠨ ᠬᠥᠮᠥᠷᠭᠡ ᠳᠤ ᠣᠷᠣᠭᠤᠯᠬᠤ︶ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠳᠡᠭᠡ | ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠮᠥᠷᠳᠡᠵᠦ ᠦᠨᠡᠯᠡᠬᠦ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠴᠢᠬᠤᠯᠠᠴᠢᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠭᠡᠭᠰᠡᠨ ᠤᠷᠢᠲᠠᠯ ᠳᠤᠤᠷ᠎ᠠ᠂ ᠲᠥᠷᠥᠯ | ᠵᠦᠢᠯ ᠢ ᠵᠢᠷᠤᠵᠤ ᠲᠥᠯᠥᠪᠯᠡᠬᠦ᠂ ᠬᠡᠷᠡᠭᠵᠢᠭᠦᠯᠬᠦ᠂ ᠡᠵᠡᠩᠨᠡᠬᠦ᠂ ᠬᠠᠮᠢᠶᠠᠷᠴᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠶᠢ | ᠰᠦᠪᠡᠭᠴᠢᠯᠡᠨ ᠠᠬᠢᠭᠤᠯᠤᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠢ ᠣᠷᠣᠭᠤᠯᠵᠤ ᠠᠪᠴᠢᠷᠠᠬᠤ ᠪᠠ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ | ᠮᠡᠷᠭᠡᠵᠢᠯ ᠯᠦᠭᠡ ᠬᠤᠷᠠᠭᠤᠯᠤᠨ ᠬᠡᠷᠡᠭᠯᠡᠬᠦ ᠶᠢ ᠴᠢᠩᠭᠠᠳᠬᠠᠨ᠎ᠠ᠃ ᠤᠰᠤᠨ ᠴᠣᠭᠴᠠ ᠶᠢᠨ ᠠᠽᠣᠲ᠂ ᠹᠣᠰᠹᠣᠷ ᠵᠡᠷᠭᠡ | ᠪᠣᠬᠢᠷᠲᠤᠯ ᠢᠶᠠᠷ ᠲᠣᠪᠤᠶᠢᠮ᠎ᠠ ᠣᠷᠣᠨ ᠪᠦᠰᠡ ᠳᠤ ᠠᠮᠢ ᠠᠬᠤᠶ ᠣᠷᠴᠢᠨ ᠲᠣᠭᠤᠷᠢᠨ ᠢ ᠵᠠᠰᠠᠬᠤ ᠬᠠᠮᠢᠶ᠎ᠠ ᠪᠥᠬᠦᠶ ᠲᠥᠷᠥᠯ | ᠵᠦᠢᠯ ᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠶᠢ ᠵᠣᠭᠰᠣᠭᠠᠵᠤ ᠡᠷᠭᠢᠯᠳᠦᠭᠦᠯᠦᠨ | ᠠᠰᠢᠭᠯᠠᠬᠤ ᠶᠢ ᠠᠬᠢᠭᠤᠯᠤᠨ᠎ᠠ᠃ ᠰᠠᠯᠬᠢ ᠡᠯᠡᠰᠦᠨ ᠤ ᠬᠥᠨᠥᠭᠡᠯᠲᠦ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠤᠷᠤᠨ | ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ | ᠲᠣᠮᠣ ᠲᠤᠤᠷᠵᠢᠯ ᠤᠨ ᠲᠠᠷᠢᠶᠠᠨ ᠭᠠᠵᠠᠷ ᠲᠤ ᠣᠶ ᠰᠢᠭᠤᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠳᠡᠯᠭᠡᠷᠡᠭᠦᠯᠵᠦ᠂ | ᠲᠠᠷᠢᠶᠠᠨ ᠭᠠᠵᠠᠷ ᠤᠨ ᠤᠨᠠᠯᠲᠠ ᠶᠢ ᠳᠤᠬᠳᠠᠪᠤᠷᠢᠵᠢᠭᠤᠯᠵᠤ ᠳᠡᠭᠡᠭᠰᠢᠯᠡᠬᠦᠯᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠣᠯᠠᠨ ᠲᠦᠮᠡᠨ ᠣᠷᠣᠯᠴᠠᠵᠤ᠂ ᠮᠡᠳᠡᠭᠳᠡᠳᠡᠯᠡ ᠦᠵᠡᠭᠳᠡᠳᠠᠯᠠ ᠪᠤᠳᠠᠳᠠᠢ ᠬᠢᠨ᠎ᠡ᠃ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ᠂ ᠲᠠᠷᠢᠶᠠᠴᠢᠳ ᠵᠡᠷᠭᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ | ᠣᠷᠣᠯᠴᠠᠭᠤᠯᠵᠤ᠂ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ | ᠨᠠᠶᠢᠳᠠᠪᠤᠷᠢᠵᠢᠭᠤᠯᠤᠨ᠎ᠠ᠃ ᠲᠥᠷᠥᠯ ᠵᠦᠢᠯ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠤᠨ ᠳᠤᠮᠳᠠ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠪᠦᠲᠦᠭᠡᠨ ᠪᠠᠶᠢᠭᠤᠯᠬᠤ | ᠠᠭᠤᠯᠭ᠎ᠠ ᠶᠢᠨ ᠪᠣᠳᠠᠲᠤ ᠪᠠᠶᠢᠳᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠤᠨ ᠪᠠᠷᠢᠯᠭ᠎ᠠ ᠶᠢᠨ | ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ᠂ ᠡᠳᠦᠷ ᠲᠤᠲᠤᠮ ᠤᠨ ᠪᠠᠷᠢᠯᠭ᠎ᠠ ᠪᠠᠷᠢᠬᠤ᠂ ᠳᠠᠯᠳᠠ ᠪᠠᠷᠢᠯᠭ᠎ᠠ ᠶᠢ ᠰᠢᠯᠭᠠᠨ | ᠠᠪᠬᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠡᠷᠭᠡ ᠳᠤ ᠬᠢᠨᠠᠯᠲᠠ ᠲᠠᠯᠪᠢᠬᠤ ᠶᠢ | ᠵᠣᠷᠢᠭᠵᠢᠭᠤᠯᠤᠨ᠎ᠠ᠃ | ︵ᠠᠷᠪᠠ ᠶᠢᠰᠦ︶ ᠬᠥᠳᠡᠯᠦᠩᠭᠦᠶ ᠪᠠᠷ ᠮᠥᠷᠳᠡᠨ᠂ ᠱᠠᠲᠤ ᠬᠤᠪᠢᠶᠠᠨ ᠦᠨᠡᠯᠡᠨ᠎ᠡ᠃ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠵᠠᠷᠯᠠᠨ ᠮᠡᠳᠡᠭᠳᠡᠵᠦ ᠪᠣᠯᠵᠣᠨ | ᠶᠠᠷᠢᠯᠴᠠᠬᠤ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠡᠭᠦᠷᠭᠡ ᠶᠢ ᠨᠠᠶᠢᠳᠠᠪᠤᠷᠢᠵᠢᠭᠤᠯᠬᠤ ᠲᠣᠭᠲᠡᠴᠡ ᠶᠢ | ᠪᠦᠷᠢᠨᠰᠢᠭᠦᠯᠦᠨ᠎ᠡ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠨᠡᠯᠡᠯᠲᠡ ᠶᠢᠨ ᠵᠢᠷᠤᠮᠵᠢᠯ | ᠵᠡᠷᠭᠡ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠨᠢᠭᠡᠨᠲᠡ ᠰᠢᠯᠭᠠᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠲᠥᠷᠥᠯ ᠬᠤᠪᠢᠶᠠᠨ ᠲᠠᠰ ᠬᠤᠪᠢᠶᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠱᠠᠭᠠᠷᠳᠠᠯᠭ᠎ᠠ ᠳᠤ ᠨᠡᠶᠢᠴᠡᠬᠦ ᠥᠬᠡᠶ ᠶᠢ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ | ᠬᠢᠨᠠᠨ ᠲᠣᠭᠲᠠᠭᠠᠵᠤ ᠪᠣᠯᠬᠤ ᠥᠬᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠪᠥᠬᠦ ᠦᠶᠡᠯᠡᠯ ᠤᠨ ᠬᠤᠭᠤᠴᠠᠭᠠᠨ ᠳᠠᠬᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠ ᠨᠠᠰᠤᠨ | ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠣᠭᠲᠡᠴᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠷᠢ︶ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠢᠯᠵᠢᠷᠠᠯ ᠪᠠ ᠰᠤᠷᠲᠠᠯ ᠤᠨ ᠠᠰᠠᠭᠤᠳᠠᠯ ᠢ | ᠡᠷᠡᠰ ᠵᠠᠯᠠᠷᠠᠭᠤᠯᠤᠨ ᠵᠠᠰᠠᠵᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ | ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠱᠠᠮᠰᠢᠵᠤ ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ | ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠶᠢᠨ ᠠᠶᠤᠯ | ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ︶ | |