ᠲᠠᠪᠤᠨ ᠰᠠᠷ᠎ᠠ ᠶᠢᠨ ᠨᠢᠭᠡᠨ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠪᠣᠯᠬᠤ ᠲᠠᠰᠢᠷᠠᠮ ᠳᠤ᠂ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ | ᠂ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨᠬᠦ ᠪᠠᠳᠤᠯᠠᠵᠦ᠂ | ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ 4 ᠳ᠋ᠤᠭᠡᠷ ᠰᠠᠷ᠎ᠠ ᠶᠢᠨ 29 ᠤ | ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠣᠭᠲᠠᠬᠤ ᠰᠢᠶᠠᠨ ᠤ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ | ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠳᠤ ︽ᠲᠠᠪᠤᠨ ᠰᠠᠷ᠎ᠠ ᠶᠢᠨ ᠨᠢᠭᠡᠨ ᠢ ᠪᠡᠯᠭᠡᠯᠡᠬᠦ · ᠡᠷᠡᠭᠦᠯ | ᠮᠡᠨᠳᠦ ᠶᠢ ᠬᠠᠮᠠᠭᠠᠯᠠᠶ᠎ᠠ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠨ | ᠵᠢᠴᠢ ᠭᠡᠷ ᠤᠨ ᠭᠠᠳᠠᠨᠠᠬᠢ ᠠᠵᠢᠯᠲᠠᠳ ᠲᠤ ᠪᠠᠶᠠᠷ ᠤᠨ ᠡᠳᠦᠷ ᠤᠨ ᠬᠠᠯᠠᠮᠵᠢᠯᠠᠯ ᠬᠦᠷᠲᠡᠭᠡᠪᠡ᠃ | | | | | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠵᠦ ᠰᠤᠪᠢᠯᠠᠬᠤ ᠪᠦᠯᠬᠦᠮ ᠤᠨ ᠬᠢᠨ ᠠᠰᠠᠭᠤᠨ | ᠯᠠᠪᠯᠠᠬᠤ ᠪᠠᠷ ᠢᠷᠡᠭᠰᠡᠨ ᠠᠵᠢᠯᠲᠠᠨ ᠠᠵᠢᠯᠴᠢᠨ ᠨᠢᠭᠡᠪᠦᠷᠢ ᠶᠢᠨ ᠴᠢᠰᠤᠨ ᠳᠠᠷᠤᠯᠲᠠ ᠶᠢ ᠬᠡᠮᠵᠢᠬᠦ᠂ ᠪᠠᠶᠢᠩᠭᠤ | ᠲᠣᠬᠢᠶᠠᠯᠳᠤᠳᠠᠭ ᠡᠪᠡᠳᠴᠢᠨ ᠤ ᠠᠰᠠᠭᠤᠨ ᠯᠠᠪᠯᠠᠬᠤ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ | ᠵᠢᠯᠣᠭᠤᠳᠤᠯᠭ᠎ᠠ ᠵᠡᠷᠭᠡ ᠳᠤ ᠬᠦᠯᠢᠴᠡᠩᠭᠦᠢ ᠪᠠᠷ ᠦᠢᠯᠡᠴᠢᠯᠡᠵᠦ᠂ ᠡᠷᠡᠭᠦᠯ ᠮᠡᠨᠳᠦ ᠶᠢᠨ ᠭᠠᠷ ᠳᠡᠪᠲᠡᠷ ᠢ 100 ᠭᠠᠷᠤᠢ | ᠬᠤᠪᠢ ᠲᠠᠷᠬᠠᠭᠠᠨ ᠥᠭᠴᠦ᠂ ᠠᠵᠢᠯᠲᠠᠨ ᠠᠵᠢᠯᠴᠢᠨ ᠢ ᠬᠠᠪᠰᠤᠷᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠦᠵᠡᠯ ᠤᠬᠠᠮᠰᠠᠷ ᠢ ᠨᠢ ᠴᠢᠩᠭᠠᠳᠬᠠᠪᠠ︔ ᠡᠭᠦᠨ ᠤ ᠵᠡᠷᠭᠡᠴᠡᠭᠡᠪᠡᠷ ᠬᠠᠤᠯᠢ ᠴᠠᠭᠠᠵᠠ ᠶᠢᠨ ᠵᠥᠪᠯᠡᠯᠭᠡ ᠥᠭᠬᠦ | ᠲᠠᠪᠴᠠᠩ ᠭᠠᠷᠭᠠᠵᠤ᠂ ᠠᠵᠢᠯᠴᠢᠨ ᠤ ᠡᠪᠯᠡᠯ ᠤᠨ ᠺᠠᠳ᠋ᠷᠴᠤᠳ ᠬᠥᠳᠡᠯᠮᠦᠷᠢ ᠶᠢᠨ ᠭᠡᠷ᠎ᠡ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠵᠡᠷᠭᠡ ᠬᠠᠤᠯᠢ ᠴᠠᠭᠠᠵᠠ ᠶᠢᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠠᠷᠢᠭᠤᠯᠵᠤ᠂ ︽ | ᠠᠵᠢᠯᠴᠢᠨ ᠤ ᠡᠪᠯᠡᠯ ᠤᠨ ᠬᠠᠤᠯᠢ︾᠂ ︽ᠬᠥᠳᠡᠯᠮᠦᠷᠢ ᠶᠢᠨ ᠬᠠᠤᠯᠢ︾ ᠶᠢᠨ ᠤᠬᠠᠭᠤᠯᠭ᠎ᠠ ᠶᠢᠨ ᠮᠠᠲ᠋ᠧᠷᠢᠶᠠᠯ ᠢ | 100 ᠭᠠᠷᠤᠢ ᠳᠡᠪᠲᠡᠷ ᠲᠠᠷᠬᠠᠭᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ | ᠴᠢᠳᠠᠪᠤᠷᠢ ᠶᠢ ᠳᠡᠭᠡᠭᠰᠢᠯᠡᠭᠦᠯᠪᠡ︔ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠤ ᠦᠢᠯᠡᠳᠪᠦᠷᠢ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠮᠲᠤᠯᠢᠭ ᠲᠤ ᠬᠠᠨᠳᠤᠭᠤᠯᠤᠨ ᠠᠶᠤᠯᠭᠦᠢ ᠦᠢᠯᠡᠳᠪᠦᠷᠢᠯᠡᠯ ᠤᠨ | ᠮᠡᠳᠡᠯᠭᠡ ᠶᠢ ᠤᠬᠠᠭᠤᠯᠵᠤ᠂ ᠬᠥᠳᠡᠯᠮᠦᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ | ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠤᠬᠠᠭᠤᠯᠬᠤ ᠳᠡᠪᠲᠡᠷ ᠢ 80 ᠭᠠᠷᠤᠢ ᠳᠡᠪᠲᠡᠷ ᠲᠠᠷᠬᠠᠭᠠᠪᠠ᠃ | | | | | | ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠠᠵᠢᠯᠲᠠᠨ | ᠠᠵᠢᠯᠴᠢᠨ ᠲᠦᠮᠡᠨ ᠳᠤ ᠨᠡᠶᠢᠲᠡ 200 ᠭᠠᠷᠤᠢ ᠬᠥᠮᠥᠨ ᠤᠳᠠᠭ᠎ᠠ ᠦᠢᠯᠡᠴᠢᠯᠡᠪᠡ᠃ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠠᠵᠢᠯᠴᠢᠨ ᠵᠠᠩ ᠡᠭᠡᠴᠢ᠄ ︽ᠡᠩ ᠤᠨ ᠴᠠᠭ ᠲᠤ ᠶᠠᠭᠠᠷᠠᠭᠠᠳ ᠪᠡᠶ᠎ᠡ ᠪᠠᠨ ᠪᠠᠶᠢᠴᠠᠭᠠᠬᠤ | ᠴᠠᠭ ᠦᠭᠡᠢ ᠪᠠᠶᠢᠳᠠᠭ᠂ ᠠᠵᠢᠯᠴᠢᠨ ᠤ ᠡᠪᠯᠡᠯ ᠠᠯᠪᠠᠨ ᠵᠢᠷᠤᠮ ᠤᠨ ᠡᠮᠴᠢᠯᠡᠭᠡ ᠶᠢ ᠭᠡᠷ ᠤᠨ ᠡᠭᠦᠳᠡᠨ ᠳᠤ ᠬᠦᠷᠭᠡᠵᠦ᠂ | ᠥᠨᠥᠳᠥᠷ ᠪᠢᠳᠡ ᠪᠠᠰᠠ ᠬᠠᠤᠯᠢ ᠴᠠᠭᠠᠵᠠ᠂ ᠬᠥᠳᠡᠯᠮᠦᠷᠢ ᠶᠢᠨ ᠬᠠᠮᠠᠭᠠᠯᠠᠯᠲᠠ ᠵᠡᠷᠭᠡ ᠡᠷᠬᠡ ᠪᠠᠨ ᠬᠠᠮᠠᠭᠠᠯᠠᠬᠤ | ᠮᠡᠳᠡᠯᠭᠡ ᠶᠢ ᠰᠤᠷᠴᠤ᠂ ᠣᠨᠴᠠᠭᠠᠶ ᠬᠡᠷᠡᠭᠴᠡᠭᠡ ᠲᠠᠢ ᠪᠠᠶᠢᠳᠠᠭ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠡᠨᠡ ᠬᠦ ᠬᠠᠯᠠᠮᠵᠢᠯᠠᠯ ᠪᠠ ᠬᠠᠶᠢᠷ᠎ᠠ ᠬᠠᠯᠠᠮᠵᠢ ᠨᠢ ᠪᠢᠳᠡᠨ ᠤ ᠡᠷᠡᠭᠦᠯ ᠴᠢᠭᠢᠷᠠᠭ ᠪᠡᠶ᠎ᠡ | ᠮᠠᠬᠠᠪᠤᠳ ᠢᠶᠠᠷ ᠢᠶᠠᠨ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ | ᠵᠣᠷᠢᠭᠵᠢᠭᠤᠯᠵᠤ ᠪᠠᠶᠢᠨ᠎ᠠ︾ ᠭᠡᠵᠡᠢ᠃ | | | | | | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠨᠢ ᠠᠵᠢᠯᠲᠠᠨ | ᠠᠵᠢᠯᠴᠢᠨ ᠤ ᠪᠡᠶ᠎ᠡ ᠮᠠᠬᠠᠪᠤᠳ ᠢ ᠬᠠᠮᠠᠭᠠᠯᠠᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ | ᠣᠨᠣᠪᠴᠢᠲᠠᠶ ᠡᠷᠡᠭᠦᠯ ᠮᠡᠨᠳᠦ ᠶᠢᠨ ᠦᠵᠡᠯᠲᠡ ᠲᠠᠢ ᠪᠣᠯᠭᠠᠬᠤ ᠲᠡᠳᠦᠢ ᠪᠢᠰᠢ᠂ ᠨᠠᠩ ᠴᠤ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ᠂ ᠢᠳᠡᠪᠬᠢ ᠬᠦᠴᠦᠨ ᠢ | ᠳᠠᠮᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠠᠵᠢᠯᠴᠢᠨ ᠤ | ᠶᠡᠷᠦᠩᠬᠡᠢ ᠡᠪᠯᠡᠯ ᠦᠢᠯᠡᠴᠢᠯᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠲᠠᠨ | ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠨᠠᠩ ᠣᠯᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ | ᠠᠵᠢᠯᠯᠠᠭ᠎ᠠ ᠶᠢ ᠥᠷᠨᠢᠭᠦᠯᠵᠦ᠂ ᠰᠠᠶᠢᠨ ᠠᠵᠢᠯᠲᠠᠨ ᠠᠵᠢᠯᠴᠢᠨ ᠤ ︽ᠲᠥᠷᠬᠦᠮ ᠤᠨ ᠬᠥᠮᠥᠨ︾ ᠪᠣᠯᠵᠤ᠂ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ | ᠡᠷᠭᠦᠬᠦ ᠪᠣᠯᠣᠨ᠎ᠠ᠃ | ᠢᠷᠡᠯᠳᠡ᠄ ᠶᠦᠨ ᠵᠦᠩ ᠵᠠᠭᠤᠴᠢᠯᠠᠭᠤᠷ |