ᠵᠠᠰᠠᠵᠤ ᠴᠢᠮᠡᠭᠯᠡᠬᠦ ᠳᠤ ᠲᠣᠭᠲᠠᠭᠠᠯ ᠢ ᠵᠥᠷᠢᠴᠡᠨ ᠲᠠᠭᠠᠭᠠᠴᠠ ᠬᠡᠷᠡᠮ ᠢ ᠨᠤᠷᠠᠭᠠᠵᠤ ᠦᠭᠡᠷᠡᠴᠢᠯᠡᠪᠡᠯ | ᠥᠮᠴᠢᠲᠡᠨ ᠪᠠ ᠵᠠᠰᠠᠯ ᠴᠢᠮᠡᠭᠯᠡᠯ ᠤᠨ ᠺᠣᠮᠫᠠᠨᠢ ᠴᠣᠬᠤᠮ ᠬᠡᠨ ᠬᠠᠷᠢᠭᠤᠴᠠᠯᠭ᠎ᠠ ᠡᠭᠦᠷᠭᠡᠯᠡᠬᠦ ᠪᠤᠢ︖ | ᠬᠤᠲᠠ ᠶᠢᠨ ᠠᠷᠠᠳ ᠯᠢ ᠠᠪᠠᠭ᠋ᠠᠢ ᠰᠢᠨ᠎ᠡ ᠭᠡᠷ ᠢᠶᠠᠨ ᠵᠠᠰᠠᠵᠤ ᠴᠢᠮᠡᠭᠯᠡᠬᠦ ᠳᠤ ᠨᠡᠭᠡᠭᠡᠯᠲᠡ ᠲᠠᠢ ᠮᠠᠶ᠋ᠢᠭ ᠤᠨ | ᠲᠣᠭᠤᠭᠠᠨ ᠭᠡᠷ ᠪᠤᠯᠭᠠᠨ ᠦᠭᠡᠷᠡᠴᠢᠯᠡᠭᠡᠳ ᠶᠠᠷᠰᠢᠭ ᠲᠠᠳᠠᠬᠤ ᠢ ᠪᠤᠳᠤᠵᠤ ᠣᠯᠣᠭᠰᠠᠨ ᠦᠭᠡᠢ᠃ | ᠵᠠᠰᠠᠵᠤ ᠴᠢᠮᠡᠭᠯᠡᠬᠦ ᠠᠴᠠ ᠡᠮᠦᠨ᠎ᠡ᠂ ᠯᠢ ᠠᠪᠠᠭ᠋ᠠᠢ ᠨᠢᠭᠡᠨ ᠵᠠᠰᠠᠯ ᠴᠢᠮᠡᠭᠯᠡᠯ ᠤᠨ ᠺᠣᠮᠫᠠᠨᠢ ᠲᠠᠢ ︽ᠣᠷᠣᠨ | ᠰᠠᠭᠤᠴᠠ ᠶᠢᠨ ᠵᠠᠰᠠᠯ ᠴᠢᠮᠡᠭᠯᠡᠯ ᠤᠨ ᠪᠠᠷᠢᠯᠭ᠎ᠠ ᠶᠢᠨ ᠠᠵᠢᠯ ᠤᠨ ᠭᠡᠷ᠎ᠡ︾ ᠲᠣᠭᠲᠠᠭᠠᠵᠤ᠂ ᠵᠠᠰᠠᠯ ᠴᠢᠮᠡᠭᠯᠡᠯ ᠤᠨ | ᠺᠣᠮᠫᠠᠨᠢ ᠠᠴᠠ ᠵᠢᠷᠤᠭ ᠲᠥᠯᠥᠪᠯᠡᠭᠡᠨ ᠤ ᠲᠣᠮᠣ ᠦᠯᠢᠭᠡᠷ ᠵᠢᠷᠤᠭ᠂ ᠬᠠᠪᠲᠠᠭᠠᠢ ᠪᠠᠶᠢᠷᠢᠯᠠᠭᠤᠯᠤᠯᠲᠠ ᠶᠢᠨ ᠵᠢᠷᠤᠭ | ᠵᠡᠷᠭᠡ ᠪᠠᠷᠢᠯᠭ᠎ᠠ ᠶᠢᠨ ᠵᠢᠷᠤᠭ ᠢ ᠬᠠᠩᠭᠠᠬᠤ ᠪᠠᠷ ᠪᠣᠯᠵᠣᠨ ᠲᠣᠭᠲᠠᠵᠠᠢ᠃ ᠵᠠᠰᠠᠯ ᠴᠢᠮᠡᠭᠯᠡᠯ ᠤᠨ ᠺᠣᠮᠫᠠᠨᠢ ᠪᠣᠯᠵᠣᠯ | ᠶᠣᠰᠣᠭᠠᠷ ᠭᠦᠢᠴᠡᠳᠭᠡᠪᠡ᠃ | ︽ᠪᠢᠳᠡ ᠵᠠᠰᠠᠯ ᠴᠢᠮᠡᠭᠯᠡᠯ ᠤᠨ ᠺᠣᠮᠫᠠᠨᠢ ᠶᠢᠨ ᠵᠢᠷᠤᠭ ᠲᠦᠯᠦᠪᠯᠡᠯᠭᠡ ᠶᠢᠨ ᠶᠣᠰᠣᠭᠠᠷ ᠠᠵᠢᠯ ᠢᠶᠠᠨ | ᠡᠬᠢᠯᠡᠭᠦᠯᠪᠡ᠂ ᠲᠠᠭᠠᠭᠠᠴᠠ ᠬᠡᠷᠡᠮ ᠢ ᠡᠪᠳᠡᠴᠢᠯᠡ ᠭᠡᠵᠦ ᠬᠡᠨ ᠪᠤᠳᠤᠵᠤ ᠣᠯᠬᠤ ᠪᠤᠢ︕︾ ᠪᠡᠭᠡᠵᠢᠩ ᠬᠤᠲᠠ ᠶᠢᠨ | ᠴᠣᠣᠶᠠᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠵᠥᠪᠯᠡᠯ ᠠᠴᠠ ᠢᠷᠡᠭᠦᠯᠦᠭᠰᠡᠨ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ︾ ᠢ ᠣᠯᠣᠭᠰᠠᠨ ᠤ | ᠳᠠᠷᠠᠭ᠎ᠠ ᠯᠢ ᠠᠪᠠᠭ᠋ᠠᠢ ᠶᠡᠬᠡᠳᠡ ᠬᠢᠯᠢᠰᠳᠡᠵᠦ᠂ ︽ᠲᠠᠭᠠᠭᠠᠴᠠ ᠬᠡᠷᠡᠮ ᠢ ᠪᠠᠬᠢᠯᠡᠬᠦ ᠳᠤ 9 ᠲᠦᠮᠡᠨ ᠲᠥᠭᠦᠷᠢᠭ | ᠵᠠᠷᠤᠴᠠᠭᠤᠯᠵᠠᠢ᠂ ᠪᠠᠷᠢᠯᠭ᠎ᠠ ᠶᠢᠨ ᠬᠤᠭᠤᠴᠠᠭ᠎ᠠ ᠶᠢ ᠰᠠᠭᠠᠲᠠᠭᠠᠬᠤ ᠠᠴᠠ ᠪᠣᠯᠵᠤ ᠴᠠᠭ ᠲᠠᠭᠠᠨ ᠨᠡᠭᠦᠬᠦ ᠠᠷᠭ᠎ᠠ ᠦᠭᠡᠢ | ᠪᠣᠯᠣᠭᠠᠳ ᠪᠠᠰᠠ ᠢᠯᠡᠭᠦᠦ ᠬᠡᠳᠦᠨ ᠰᠠᠷ᠎ᠠ ᠭᠡᠷ ᠲᠦᠷᠢᠶᠡᠰᠦᠯᠡᠵᠦ᠂ ᠪᠠᠭ᠎ᠠ ᠪᠤᠰᠤ ᠲᠠᠯᠠᠭᠠᠷ ᠵᠣᠭᠤᠰ ᠵᠠᠷᠤᠴᠠᠭᠤᠯᠵᠠᠢ | ︾ ᠭᠡᠵᠡᠢ᠃ | ᠵᠠᠰᠠᠯ ᠴᠢᠮᠡᠭᠯᠡᠯ ᠤᠨ ᠺᠣᠮᠫᠠᠨᠢ ᠲᠠᠢ ᠵᠥᠪᠳᠡᠯᠴᠡᠭᠡᠳ ᠪᠦᠲᠦᠭᠰᠡᠨ ᠦᠭᠡᠢ᠂ ᠯᠢ ᠠᠪᠠᠭ᠋ᠠᠢ ᠰᠢᠭᠦᠬᠦ | ᠬᠤᠷᠢᠶᠠᠨ ᠳᠤ ᠵᠠᠭᠠᠯᠳᠤᠵᠤ᠂ ᠵᠠᠰᠠᠯ ᠴᠢᠮᠡᠭᠯᠡᠯ ᠤᠨ ᠺᠣᠮᠫᠠᠨᠢ ᠪᠠᠷ ᠲᠠᠭᠠᠭᠠᠴᠠᠳᠤ ᠬᠡᠷᠡᠮ ᠢ ᠪᠠᠬᠢᠯᠡᠭᠰᠡᠨ ᠵᠠᠷᠤᠳᠠᠯ᠂ | ᠪᠠᠷᠢᠯᠭ᠎ᠠ ᠶᠢᠨ ᠬᠤᠭᠤᠴᠠᠭ᠎ᠠ ᠬᠡᠲᠦᠷᠡᠭᠰᠡᠨ ᠪᠣᠯᠵᠤᠭ᠎ᠠ ᠵᠥᠷᠢᠴᠡᠭᠰᠡᠨ ᠮᠥᠩᠭᠦ᠂ ᠭᠡᠷ ᠤᠨ ᠲᠦᠷᠢᠶᠡᠰᠦ ᠶᠢᠨ ᠬᠤᠬᠢᠷᠠᠯ | ᠨᠡᠶᠢᠳᠡ 11 ᠲᠦᠮᠡ ᠭᠠᠷᠤᠢ ᠲᠥᠭᠦᠷᠢᠭ ᠲᠥᠯᠥᠭᠦᠯᠬᠦ ᠪᠠᠷ ᠱᠠᠭᠠᠷᠳᠠᠵᠠᠢ᠃ ᠲᠤᠰ ᠬᠡᠷᠡᠭ ᠢ ᠪᠡᠭᠡᠵᠢᠩ ᠬᠤᠲᠠ ᠶᠢᠨ | ᠴᠣᠣᠶᠠᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠬᠢᠵᠦ᠂ ᠪᠡᠭᠡᠵᠢᠩ ᠬᠤᠲᠠ | ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠬᠤᠶᠠᠳᠤᠭᠠᠷ ᠰᠢᠭᠦᠯᠲᠡ ᠬᠢᠵᠦ ᠰᠢᠭᠦᠨ | ᠲᠠᠰᠤᠯᠠᠪᠠ᠃ | ᠪᠡᠭᠡᠵᠢᠩ ᠬᠤᠳᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠰᠢᠭᠦᠭᠰᠡᠨ ᠤ | ᠲᠠᠷᠠᠭ᠎ᠠ᠂ ᠵᠠᠭᠠᠯᠳᠤᠭᠳᠠᠭᠴᠢ ᠵᠠᠰᠠᠯ ᠴᠢᠮᠡᠭᠯᠡᠯ ᠤᠨ ᠺᠣᠮᠫᠠᠨᠢ ᠨᠢ ᠵᠠᠰᠠᠯ ᠴᠢᠮᠡᠭᠯᠡᠯ ᠤᠨ ᠲᠤᠰᠬᠠᠢ ᠪᠠᠶᠢᠭᠤᠯᠤᠮᠵᠢ | ᠪᠣᠯᠤᠭᠰᠠᠨ ᠤ ᠬᠤᠪᠢ ᠳᠤ᠂ ᠵᠢᠷᠤᠭ ᠲᠥᠯᠥᠪᠯᠡᠭᠡ ᠶᠢᠨ ᠬᠥᠬᠡ ᠵᠢᠷᠤᠭ ᠢ ᠬᠠᠷᠢᠭᠤᠴᠠᠨ ᠬᠠᠩᠭᠠᠬᠤ ᠪᠣᠯᠬᠤᠷ ᠵᠢᠷᠤᠭ | ᠲᠥᠯᠥᠪᠯᠡᠭᠡ ᠬᠢᠬᠦ ᠠᠴᠠ ᠡᠮᠦᠨ᠎ᠡ ᠭᠡᠷ ᠪᠠᠶᠢᠰᠢᠩ ᠤᠨ ᠪᠦᠬᠦᠯᠢ ᠴᠣᠭᠴᠠ ᠶᠢᠨ ᠪᠦᠲᠦᠴᠡ ᠶᠢ ᠣᠶᠢᠯᠠᠭᠠᠪᠠᠯ ᠵᠣᠬᠢᠨ᠎ᠠ | ᠃ ᠢᠯᠠᠩᠭᠤᠶ᠎ᠠ ᠬᠡᠷᠡᠮ ᠢ ᠨᠤᠷᠠᠭᠠᠬᠤ ᠳᠤ ᠬᠤᠯᠪᠣᠭᠳᠠᠪᠠᠯ᠂ ᠳᠠᠭᠠᠭᠠᠴᠠ ᠶᠢᠨ ᠪᠦᠲᠦᠴᠡ ᠶᠢᠨ ᠠᠰᠠᠭᠤᠳᠠᠯ ᠢ ᠨᠠᠩ | ᠠᠩᠬᠠᠷᠬᠤ ᠬᠡᠷᠡᠭᠲᠡᠢ᠃ ᠭᠡᠪᠡᠴᠦ ᠲᠤᠰ ᠬᠡᠷᠡᠭ ᠲᠤ᠂ ᠵᠠᠰᠠᠯ ᠴᠢᠮᠡᠭᠯᠡᠯ ᠤᠨ ᠺᠣᠮᠫᠠᠨᠢ ᠨᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠭᠡᠷ ᠪᠠᠶᠢᠰᠢᠩ ᠤᠨ ᠪᠦᠬᠦᠯᠢ ᠴᠣᠭᠴᠠ ᠶᠢᠨ ᠪᠦᠲᠦᠴᠡ ᠶᠢ ᠤᠶᠢᠯᠠᠭᠠᠬᠤ | ᠮᠦᠷᠳᠡᠭᠡᠨ ᠥᠮᠴᠢᠲᠡᠨ ᠳᠤ ᠰᠠᠨᠠᠭᠤᠯᠬᠤ ᠡᠭᠦᠷᠭᠡ ᠶᠢ ᠭᠦᠢᠴᠡᠳ ᠭᠦᠢᠴᠡᠳᠭᠡᠪᠡ ᠭᠡᠳᠡᠭ ᠢ ᠭᠡᠷᠡᠴᠢᠯᠡᠬᠦ ᠭᠡᠷᠡᠴᠢ | ᠪᠠᠷᠢᠮᠲᠠ ᠬᠠᠩᠭᠠᠭᠰᠠᠨ ᠦᠭᠡᠢ ᠤᠴᠢᠷ ᠠᠴᠠ ᠳᠠᠭᠠᠭᠠᠴᠠ ᠬᠡᠷᠡᠮ ᠢ ᠡᠪᠳᠡᠭᠡᠳ ᠤᠴᠠᠷᠠᠭᠤᠯᠤᠭᠰᠠᠨ ᠬᠤᠬᠢᠷᠠᠯ ᠳᠤ | ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠦᠵᠡᠪᠡ᠃ | ᠨᠦᠭᠦᠭᠡ ᠲᠠᠯ᠎ᠠ ᠪᠠᠷ᠂ ᠯᠢ ᠠᠪᠠᠭ᠋ᠠᠢ ᠬᠡᠳᠦᠶᠢᠪᠡᠷ ᠲᠤᠰᠬᠠᠢ ᠮᠡᠷᠭᠡᠵᠢᠯ ᠤᠨ ᠬᠥᠮᠥᠨ ᠪᠢᠰᠢ ᠪᠣᠯᠪᠠᠴᠤ ᠵᠠᠰᠠᠯ | ᠴᠢᠮᠡᠭᠯᠡᠯ ᠤᠨ ᠶᠠᠪᠤᠴᠠ ᠳᠤ ᠪᠦᠲᠦᠴᠡ ᠶᠢᠨ ᠬᠤᠪᠢᠷᠠᠯᠲᠠ ᠳᠤ ᠬᠤᠯᠪᠣᠭᠳᠠᠬᠤ ᠦᠶ᠎ᠡ ᠳᠤ᠂ ᠠᠳᠠᠯ ᠠᠬᠤᠢ ᠶᠢᠨ | ᠭᠠᠵᠠᠷ ᠠᠴᠠ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠬᠤ ᠡᠭᠦᠷᠭᠡ ᠲᠠᠢ᠂᠂ ᠯᠢ ᠠᠪᠠᠭ᠋ᠠᠢ ᠪᠠᠰᠠ ᠠᠯᠳᠠᠭ᠎ᠠ | ᠪᠤᠷᠤᠭᠤ ᠲᠠᠢ ᠶᠤᠮ᠃ ᠬᠤᠶᠠᠷ ᠲᠠᠯ᠎ᠠ ᠶᠢᠨ ᠣᠰᠣᠯ ᠪᠤᠷᠤᠭᠤ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠭᠠᠳ᠂ | ᠰᠢᠭᠦᠬᠦ ᠬᠤᠷᠢᠶ᠎ᠠ ᠠᠴᠠ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠶᠢ | ᠬᠤᠪᠢᠶᠠᠷᠢᠯᠠᠵᠤ᠂ ᠵᠠᠰᠠᠯ ᠴᠢᠮᠡᠭᠯᠡᠯ ᠤᠨ ᠺᠣᠮᠫᠠᠨᠢ ᠪᠠᠷ 80% ᠶᠢᠨ ᠲᠥᠯᠥᠪᠦᠷᠢ ᠶᠢᠨ ᠬᠠᠷᠢᠭᠤᠴᠠᠯᠭ᠎ᠠ ᠶᠢ | ᠡᠭᠦᠷᠭᠡᠯᠡᠭᠦᠯᠬᠦ ᠪᠠᠷ ᠲᠣᠭᠲᠠᠭᠠᠵᠤ᠂ ᠯᠢ ᠠᠪᠠᠭ᠋ᠠᠢ 20 % ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠠᠷ ᠲᠣᠭᠲᠠᠭᠠᠪᠠ᠃ | ︽ᠢᠷᠭᠡᠨ ᠤ ᠬᠠᠤᠯᠢ ᠶᠢᠨ ᠪᠢᠴᠢᠭ ᠤᠨ ᠵᠢᠷᠭᠤᠳᠤᠭᠠᠷ ᠵᠦᠢᠯ ᠳᠤ᠂ ᠢᠷᠭᠡᠨ ᠤ ᠬᠡᠷᠡᠭ ᠤᠨ ᠭᠤᠤᠯ ᠴᠣᠭᠴᠠ | ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠵᠤ᠂ ᠡᠯ᠎ᠡ ᠲᠠᠯ᠎ᠠ ᠶᠢᠨ | ᠬᠢᠨ ᠤ ᠡᠷᠬᠡ ᠪᠠ ᠡᠭᠦᠷᠭᠡ ᠶᠢ ᠵᠦᠢ ᠵᠣᠬᠢᠰᠲᠠᠢ ᠪᠠᠷ ᠲᠣᠭᠲᠠᠭᠠᠬᠤ ᠬᠡᠷᠡᠭᠲᠡᠢ ᠭᠡᠵᠦ ᠲᠣᠭᠲᠠᠭᠠᠵᠠᠢ᠂ ᠡᠨᠡ ᠪᠣᠯ | ᠪᠢᠳᠡᠨ ᠤ ᠲᠥᠪ ᠭᠤᠣᠯᠴᠢ ᠪᠠᠶᠢᠬᠤ ᠵᠠᠷᠴᠢᠮ ᠢ ᠬᠡᠷᠡᠭᠯᠡᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠨᠳᠦᠰᠦᠯᠡᠯ ᠮᠥᠨ | ︾ ᠭᠡᠵᠦ ᠲᠤᠰ ᠬᠡᠷᠡᠭ ᠢ ᠳᠠᠭᠠᠭᠠᠨ ᠰᠢᠳᠬᠡᠭᠰᠡᠨ ᠰᠢᠭᠦᠭᠴᠢ ᠲᠠᠢᠯᠪᠤᠷᠢᠯᠠᠪᠠ᠃ | ᠪᠡᠭᠡᠵᠢᠩ ᠬᠤᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠢᠷᠭᠡᠨ ᠤ | ᠬᠡᠷᠡᠭ ᠤᠨ ᠭᠤᠷᠪᠠᠳᠤᠭᠠᠷ ᠰᠢᠭᠦᠬᠦ ᠲᠢᠩᠬᠢᠮ ᠤᠨ ᠳᠠᠷᠤᠭ᠎ᠠ᠄ ︽ᠵᠠᠰᠠᠯ ᠴᠢᠮᠡᠭᠯᠡᠯ ᠤᠨ ᠠᠵᠤ ᠠᠬᠤᠶᠢᠯᠠᠯ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠂ ᠳᠠᠭᠠᠭᠠᠴᠠ ᠬᠡᠷᠡᠮ ᠢ ᠨᠤᠷᠠᠭᠠᠵᠤ | ᠥᠭᠡᠷᠡᠴᠢᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠵᠢᠷᠤᠭ ᠲᠥᠯᠥᠪᠯᠡᠭᠡ ᠶᠢᠨ ᠲᠥᠰᠥᠯ ᠢ ᠳᠤᠷ᠎ᠠ ᠪᠠᠷ ᠢᠶᠠᠨ | ᠭᠠᠷᠭᠠᠵᠤ ᠪᠣᠯᠬᠤ ᠦᠭᠡᠢ ᠪᠥᠭᠡᠳ ᠥᠮᠴᠢᠲᠡᠨ ᠳᠤ ᠬᠤᠯᠪᠣᠭᠳᠠᠯ ᠪᠦᠬᠦᠢ ᠠᠶᠤᠯ ᠲᠦᠭᠰᠢᠭᠦᠷᠢ ᠶᠢ ᠭᠦᠢᠴᠡᠳ | ᠰᠠᠨᠠᠭᠤᠯᠵᠤ᠂ ᠲᠣᠳᠣᠷᠬᠠᠶᠢᠯᠠᠵᠤ ᠦᠭᠬᠦ ᠬᠡᠷᠡᠭᠳᠡᠢ᠃ ᠬᠡᠷᠪᠡ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠠᠴᠠ | ᠪᠣᠯᠵᠤ ᠪᠠᠷᠢᠯᠭ᠎ᠠ ᠶᠢᠨ ᠭᠤᠣᠯ ᠴᠣᠭᠴᠠ ᠪᠣᠯᠣᠨ ᠳᠠᠭᠠᠭᠠᠴᠠ ᠪᠦᠲᠦᠴᠡ ᠳᠤ ᠬᠤᠪᠢᠷᠠᠯᠲᠠ ᠭᠠᠷᠪᠠᠯ ᠬᠤᠶᠠᠷ | ᠲᠠᠯ᠎ᠠ ᠪᠠᠷ ᠢᠶᠠᠨ ᠴᠥᠮ ᠬᠠᠷᠢᠭᠤᠴᠠᠯᠭ᠎ᠠ ᠡᠭᠦᠷᠭᠡᠯᠡᠵᠦ ᠮᠡᠳᠡᠨ᠎ᠡ︾ ᠭᠡᠵᠡᠢ᠃ | ᠢᠷᠡᠯᠲᠡ᠄ ᠠᠷᠠᠳ ᠤᠨ ᠡᠳᠦᠷ ᠤᠨ ᠰᠣᠨᠢᠨ |