ᠣᠷᠣᠨ ᠰᠠᠭᠤᠴᠠ ᠶᠢᠨ ᠲᠤᠭᠤᠷᠢᠭ ᠤᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2025/4/7
       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠣᠷᠣᠨ ᠰᠠᠭᠤᠴᠠ ᠶᠢᠨ ᠲᠤᠭᠤᠷᠢᠭ ᠤᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠪᠣᠯ ᠲᠡᠭᠦᠨ ᠤ ᠳᠣᠲᠣᠷᠠᠬᠢ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠡᠭᠡᠵᠢᠩ ᠳᠤ ᠣᠷᠣᠨ ᠰᠠᠭᠤᠴᠠ ᠶᠢᠨ ᠲᠤᠭᠤᠷᠢᠭ ᠤᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠪᠤᠯᠪᠠᠰᠤᠷᠠᠯ ᠤᠨ ᠸᠢᠳᠢᠤ᠋ ᠬᠤᠷᠠᠯ ᠬᠤᠷᠠᠯᠳᠤᠭᠤᠯᠵᠤ᠂ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ 2025 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠪᠠᠷ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠳᠡᠮᠵᠢᠬᠦ ᠲᠤᠬᠠᠢ ᠪᠠᠶᠢᠷᠢᠯᠠᠭᠤᠯᠪᠠ᠃      ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠣᠶᠢᠷ᠎ᠠ ᠶᠢᠨ ᠵᠢᠯ ᠠᠴᠠ ᠨᠠᠰᠢ᠂ ᠬᠠᠭᠤᠴᠢᠨ ᠴᠠᠬᠢᠯᠭᠠᠨ ᠱᠠᠲᠤ ᠶᠢᠨ ᠠᠵᠢᠯᠯᠠᠭᠠᠨ ᠤ ᠰᠠᠭᠠᠳ ᠲᠣᠳᠬᠠᠷ ᠤᠨ ᠨᠣᠷᠮ᠎ᠠ ᠳᠡᠭᠡᠭᠰᠢᠯᠡᠵᠦ᠂ ᠣᠯᠠᠨ ᠲᠦᠮᠡᠨ ᠤ ᠲᠤᠰᠬᠠᠯ ᠨᠡᠯᠢᠶᠡᠳ ᠴᠢᠩᠭ᠎ᠠ ᠪᠠᠶᠢᠨ᠎ᠠ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠳᠤ᠂ ᠴᠠᠬᠢᠯᠭᠠᠨ ᠱᠠᠲᠤ ᠶᠢᠨ ᠠᠳᠡᠯ ᠤᠨ ᠡᠵᠡᠯᠡᠬᠦ ᠬᠠᠷᠢᠴᠠᠯ ᠨᠢ 19.72% ᠬᠦᠷᠴᠦ᠂ ᠡᠭᠦᠨ ᠳᠤ ᠨᠡᠯᠢᠶᠡᠳ ᠶᠡᠭᠡ ᠬᠠᠷᠢᠴᠠᠯ ᠨᠢ ᠬᠠᠭᠤᠴᠢᠨ ᠴᠠᠬᠢᠯᠭᠠᠨ ᠱᠠᠲᠤ ᠪᠣᠯᠣᠨ᠎ᠠ᠃ ᠬᠡᠷᠡᠭᠯᠡᠭᠰᠡᠨ ᠬᠤᠭᠤᠴᠠᠭ᠎ᠠ ᠨᠢ 15 ᠵᠢᠯ ᠠᠴᠠ ᠬᠡᠲᠦᠷᠡᠭᠰᠡᠨ ᠴᠠᠬᠢᠯᠭᠠᠨ ᠱᠠᠲᠤ ᠶᠢᠨ ᠰᠠᠭᠠᠳ ᠲᠣᠳᠬᠠᠷ ᠤᠨ ᠨᠣᠷᠮ᠎ᠠ ᠶᠡᠭᠡ ᠬᠡᠮᠵᠢᠶ᠎ᠡ ᠪᠠᠷ ᠨᠡᠮᠡᠭᠳᠡᠵᠡᠢ᠃ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠴᠢᠯᠡᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠷᠠᠳ ᠤᠨ ᠠᠮᠢᠳᠤᠷᠠᠯ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠪᠠᠶᠢᠳᠠᠯ ᠳᠤ ᠬᠤᠯᠪᠤᠭᠳᠠᠬᠤ ᠴᠢᠬᠤᠯᠠ ᠠᠵᠢᠯ ᠮᠥᠨ᠃      ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠰᠢᠨᠡᠴᠢᠯᠡᠨ ᠥᠭᠡᠷᠡᠴᠢᠯᠡᠬᠦ ᠳᠤ ᠬᠡᠳᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠬᠦᠴᠦ ᠨᠡᠮᠡᠷᠢᠯᠡᠨ᠎ᠡ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠶᠢᠨ ᠶᠡᠷᠦᠩᠬᠡᠢ ᠬᠡᠮᠵᠢᠶ᠎ᠡ 1100 ᠭᠠᠷᠤᠢ ᠲᠦᠮᠡ ᠳᠤ ᠬᠦᠷᠴᠦ᠂ ᠡᠭᠦᠨ ᠳᠤ 15 ᠵᠢᠯ ᠠᠴᠠ ᠳᠡᠭᠡᠭᠰᠢ ᠬᠡᠷᠡᠭᠯᠡᠭᠰᠡᠨ ᠬᠠᠭᠤᠴᠢᠨ ᠴᠠᠬᠢᠯᠭᠠᠨ ᠱᠠᠲᠤ ᠶᠢᠨ ᠲᠤᠭ᠎ᠠ 90 ᠲᠦᠮᠡ ᠳᠤ ᠬᠦᠷᠴᠦ᠂ ᠰᠢᠨᠡᠴᠢᠯᠡᠨ ᠥᠭᠡᠷᠡᠴᠢᠯᠡᠬᠦ ᠡᠭᠦᠷᠭᠡ ᠨᠦᠰᠡᠷ ᠬᠦᠨᠳᠦ ᠪᠠᠶᠢᠨ᠎ᠠ᠃ ᠪᠣᠳᠠᠲᠤ ᠠᠬᠤᠢ ᠳᠤ᠂ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠳᠤ ᠪᠡᠯᠡ ᠮᠥᠩᠭᠦ ᠶᠢᠨ ᠬᠦᠴᠢᠷᠳᠡᠯ ᠲᠤᠯᠭᠠᠷᠠᠵᠤ᠂ ᠬᠠᠭᠤᠴᠢᠷᠠᠭᠰᠠᠨ ᠴᠠᠬᠢᠯᠭᠠᠨ ᠱᠠᠲᠤ ᠶᠢ ᠰᠣᠯᠢᠬᠤ ᠥᠪᠡᠷ ᠤᠨ ᠥᠷᠲᠡᠭ ᠨᠡᠯᠢᠶᠡᠳ ᠥᠨᠳᠥᠷ ᠪᠠᠶᠢᠵᠤ᠂ ᠰᠠᠭᠤᠭᠠᠯᠢ ᠠᠷᠠᠳ ᠤᠨ ᠥᠪᠡᠷ ᠢᠶᠠᠨ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠢ ᠪᠥᠭᠡᠳ ᠰᠠᠨᠠᠯ ᠨᠢᠭᠡᠳᠬᠦ ᠳᠤ ᠬᠦᠴᠢᠷᠲᠡᠢ ᠵᠡᠷᠭᠡ ᠠᠰᠠᠭᠤᠳᠠᠯ ᠤᠷᠤᠰᠢᠵᠤ ᠪᠠᠶᠢᠨ᠎ᠠ︔ ᠬᠡᠰᠡᠭ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠳᠦᠷᠢᠮ ᠢ ᠬᠠᠷᠠᠬᠠᠨ ᠪᠠᠶᠢᠭᠤᠯᠤᠭᠠᠳᠤᠢ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠨᠢᠭᠡᠨᠲᠡ ᠪᠠᠶᠢᠭᠤᠯᠤᠭᠰᠠᠨ ᠰᠠᠭᠤᠭᠠᠯᠠᠢ ᠠᠷᠠᠳ ᠤᠨ ᠲᠣᠭᠤᠷᠢᠭ ᠲᠤ ᠴᠤ ᠬᠡᠷᠡᠭᠯᠡᠬᠦ ᠶᠠᠪᠤᠴᠠ ᠨᠢ ᠶᠠᠷᠰᠢᠭ ᠲᠦᠪᠡᠭᠲᠡᠢ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ᠃ 2024 ᠣᠨ ᠤ 7 ᠳ᠋ᠤᠭᠠᠷ ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠠᠵᠢᠯ ᠢ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ ᠬᠦᠴᠢᠷᠳᠡᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠣᠳᠣᠬᠠᠨ ᠳᠤ᠂ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠂ ᠪᠦᠷᠢᠳᠬᠡᠯ ᠢ ᠦᠨᠳᠦᠰᠦᠯᠡᠪᠡᠯ᠂ 2024 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ 62 ᠳ᠋ᠦᠩᠰᠢᠭᠤᠷ ᠲᠥᠭᠦᠷᠢᠭ ᠠᠴᠠ ᠳᠠᠪᠠᠵᠤ᠂ ᠡᠯ᠎ᠡ ᠭᠠᠵᠠᠷ ᠤᠨ 4.1 ᠲᠦᠮᠡᠨ ᠣᠷᠣᠨ ᠰᠠᠭᠤᠴᠠ ᠶᠢᠨ ᠲᠤᠭᠤᠷᠢᠭ ᠤᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠬᠦ ᠶᠢ ᠳᠡᠮᠵᠢᠵᠦ᠂ 170 ᠲᠦᠮᠡ ᠰᠢᠬᠠᠮ ᠡᠷᠦᠬᠡ ᠳᠤ ᠠᠰᠢᠭ ᠬᠦᠷᠲᠡᠭᠡᠪᠡ᠃      ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠰᠢᠨᠡᠴᠢᠯᠡᠨ ᠥᠭᠡᠷᠡᠴᠢᠯᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ ᠭᠡᠵᠦ ᠴᠢᠬᠤᠯᠠᠴᠢᠯᠠᠪᠠ᠃ ᠨᠢᠭᠡ ᠳᠤ᠂ ᠤᠨᠢᠨ ᠳᠡᠭᠡᠷ᠎ᠡ  ᠨᠢ ᠬᠦᠴᠦᠯᠡᠵᠦ᠂ ᠬᠦᠴᠦ ᠪᠠᠨ ᠲᠥᠪᠯᠡᠷᠡᠭᠦᠯᠦᠨ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠬᠤᠷᠠᠯ ᠠᠴᠠ ᠂ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠠᠵᠢᠯ ᠤᠨ ᠠᠷᠭ᠎ᠠ ᠬᠡᠯᠪᠡᠷᠢ ᠶᠢ ᠴᠢᠬᠤᠯᠠᠴᠢᠯᠠᠨ ᠠᠬᠢᠭᠤᠯᠵᠤ᠂ ᠰᠠᠭᠤᠭᠠᠯᠢ ᠠᠷᠠᠳ ᠤᠨ ᠰᠠᠨᠠᠯ ᠨᠢᠭᠡᠲᠡᠢ ᠪᠣᠯᠬᠤ ᠳᠤ ᠬᠦᠴᠢᠷ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠣᠷᠣᠨ ᠨᠤᠲᠤᠭ ᠤᠨ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠠᠭᠤᠭᠠᠯᠢ ᠠᠷᠠᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠴᠠᠬᠢᠯᠭᠠᠨ ᠱᠠᠲᠤ ᠶᠢᠨ ᠶᠠᠰᠤ ᠴᠢᠨᠠᠷ ᠢ ᠰᠢᠨᠡᠴᠢᠯᠡᠨ ᠥᠭᠡᠷᠡᠴᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠣᠯᠠᠨ ᠡᠰᠢᠲᠦ ᠪᠡᠯᠡ ᠴᠤᠭᠯᠠᠭᠤᠯᠭ᠎ᠠ ᠬᠢᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠬᠦᠴᠦᠯᠡᠨ ᠴᠢᠩᠭᠠᠷᠠᠭᠤᠯᠤᠨ᠎ᠠ᠃ 2025 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠪᠠᠷ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠳᠡᠮᠵᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠨ ᠤ ᠬᠠᠷᠠᠯᠲᠠ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠳᠦ ᠤᠷᠳᠦ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ᠂ ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠵᠤ ᠪᠡᠯᠡ ᠭᠠᠷᠭᠠᠬᠤ ᠵᠡᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠵᠢᠭᠦᠯᠦᠨ᠎ᠡ᠃      ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠰᠢᠨᠡᠴᠢᠯᠡᠯᠳᠡ ᠶᠢ ᠳᠠᠭᠠᠯᠳᠤᠨ᠂ ᠤᠯᠠᠮ ᠠᠴᠠ ᠤᠯᠠᠮ ᠣᠯᠠᠨ ᠰᠠᠭᠤᠭᠠᠯᠢ ᠠᠷᠠᠳ ᠤᠨ ᠰᠠᠨᠠᠭ᠎ᠠ ᠠᠮᠤᠷ ᠴᠠᠬᠢᠯᠭᠠᠨ ᠱᠠᠳᠦ ᠬᠡᠷᠡᠭᠯᠡᠬᠦ᠂ ᠰᠠᠨᠠᠭ᠎ᠠ ᠠᠮᠤᠷ ᠴᠠᠬᠢᠯᠭᠠᠨ ᠱᠠᠳᠤᠨ ᠳᠤ ᠰᠠᠭᠤᠬᠤ ᠶᠢ ᠪᠡᠶᠡᠯᠡᠭᠦᠯᠦᠨ᠎ᠡ᠃ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠨ ᠥᠭᠡᠷᠡᠴᠢᠯᠡᠬᠦ ᠪᠣᠯ ᠠᠷᠠᠳ ᠤᠨ ᠠᠮᠢᠳᠤᠷᠠᠯ ᠤᠨ ︽ᠵᠢᠵᠢᠭ ᠬᠡᠰᠡᠭ︾ ᠮᠥᠨ᠂ ᠨᠠᠩ ᠴᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠴᠢᠯᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠬᠤᠷᠢᠶᠠᠩᠭᠤᠢ ᠳᠦᠷᠰᠦ ᠮᠥᠨ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1