ᠣᠶᠢᠷ᠎ᠠ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ︵ᠳᠣᠷᠣᠭᠰᠢ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠵᠡᠷᠭᠡ ᠲᠤᠯᠤᠭᠠᠨ ᠶᠠᠮᠤᠨ ᠵᠦᠪᠯᠡᠯ ᠬᠠᠮᠲᠤᠷᠠᠨ ︽ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠲᠦᠷᠦᠭᠦᠬᠡᠨ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 1. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠠᠴᠢ | ᠬᠤᠯᠪᠣᠭᠳᠠᠯ ᠨᠢ ᠶᠠᠭᠤ ᠪᠤᠢ︖ | ᠬᠠᠷᠢᠭᠤᠯᠲᠠ᠄ ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠃ ︽ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠵᠤ | ᠨᠡᠶᠢᠲᠡᠯᠡᠭᠰᠡᠨ ᠨᠢ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ | ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ | ᠲᠦᠯᠬᠢᠨ ᠠᠬᠢᠭᠤᠯᠬᠤ︾ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠬᠤ ᠶᠢᠨ ᠠᠮᠢᠳᠤᠯᠢᠭ ᠢᠯᠡᠷᠡᠯ ᠮᠥᠨ᠂ ᠡᠭᠦᠨ ᠤ ᠵᠣᠷᠢᠯᠭ᠎ᠠ ᠨᠢ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ᠂ | ᠳᠠᠭᠠᠳᠬᠠᠯ ᠤᠨ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠠᠳᠡᠯ ᠢ ᠤᠷᠢᠳᠴᠢᠯᠠᠨ | ᠰᠡᠷᠭᠡᠶᠢᠯᠡᠬᠦ ᠴᠢᠳᠠᠮᠵᠢ ᠶᠢ ᠨᠡᠩ ᠰᠠᠶᠢᠨ ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠬᠦᠴᠦ ᠨᠡᠮᠡᠷᠢᠯᠡᠬᠦ ᠶᠢᠨ ᠲᠥᠯᠥᠭᠡ ᠶᠤᠮ᠃ | 2017 ᠣᠨ ᠳᠤ᠂ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠬᠡᠷᠡᠭᠵᠢᠭᠦᠯᠬᠦ ᠠᠷᠭ᠎ᠠ︾ ︵ᠠᠶᠤᠯᠭᠦᠢ ᠬᠢᠨᠠᠯᠲᠠ ᠶᠡᠷᠦᠩᠬᠡᠢ ᠠᠯᠪᠠᠨ ﹇2017﹈ 140 ᠳ᠋ᠤᠭᠡᠷ ᠲᠣᠭᠠᠲᠤ᠂ | ᠳᠣᠷᠣᠭᠰᠢ 140 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ | ᠣᠷᠣᠨ᠂ ᠡᠯ᠎ᠡ ᠳᠠᠭᠠᠳᠬᠠᠯ ᠤᠨ ᠪᠠᠶᠢᠭᠤᠯᠤᠮᠵᠢ ᠶᠢᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠠᠶᠢᠨ | ᠰᠦᠪᠡᠭᠴᠢᠯᠡᠬᠦ ᠪᠠᠷ ᠳᠡᠮᠵᠢᠨ᠂ ᠠᠵᠤ ᠠᠬᠤᠢ ᠶᠢᠨ ᠨᠥᠬᠦᠪᠦᠷᠢ ᠪᠠ ᠠᠳᠡᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ | ᠢᠳᠡᠪᠬᠢᠲᠡᠢ ᠦᠢᠯᠡᠳᠦᠯ ᠪᠠᠳᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠲᠠᠯ᠎ᠠ ᠳᠤ ᠨᠡᠯᠢᠶᠡᠳ ᠰᠠᠶᠢᠨ | ᠦᠢᠯᠡᠴᠢᠯᠡᠭᠰᠡᠨ ᠪᠠᠶᠢᠨ᠎ᠠ᠃ 2021 ᠣᠨ ᠳᠤ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠳᠤ ︽ᠤᠯᠤᠰ ᠠᠴᠠ ᠲᠣᠭᠲᠠᠭᠠᠭᠰᠠᠨ ᠠᠶᠤᠯ | ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠳᠤ ᠬᠠᠷᠢᠶᠠᠯᠠᠭᠳᠠᠬᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠨᠦᠭᠦᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠵᠠᠪᠠᠯ ᠣᠷᠣᠬᠤ ᠬᠡᠷᠡᠭᠲᠡᠢ︾ ᠭᠡᠵᠦ | ᠲᠣᠳᠣᠷᠬᠠᠢ ᠲᠣᠭᠲᠠᠭᠠᠵᠤ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠳᠤ ᠰᠢᠨ᠎ᠡ | ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠨᠡᠬᠦ ᠬᠠᠤᠯᠢ ᠴᠠᠭᠠᠵᠠ ᠶᠢᠨ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠳᠤᠮᠳᠠ ᠣᠷᠣᠰᠢᠵᠤ | ᠪᠠᠶᠢᠭ᠎ᠠ ᠳᠠᠭᠠᠳᠬᠠᠯ ᠤᠨ ᠬᠠᠮᠤᠷᠬᠤ ᠬᠡᠪᠴᠢᠶ᠎ᠡ ᠭᠦᠢᠴᠡᠳ ᠦᠭᠡᠢ᠂ ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠲᠣᠭᠲᠠᠴᠠ ᠰᠢᠯᠤᠭᠤᠨ ᠪᠤᠰᠤ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ | ᠲᠤᠰᠠᠳᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ 140 ᠳ᠋ᠤᠭᠡᠷ | ᠲᠣᠭᠠᠲᠤ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠠᠢ᠃ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠬᠤᠯᠠᠴᠢᠯᠠᠵᠤ᠂ ᠮᠠᠨ ᠤ ᠤᠯᠤᠰ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠥᠭᠵᠢᠯᠲᠡ ᠶᠢᠨ | ᠣᠳᠣᠬᠢ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ | ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠢᠶᠠᠷ ᠬᠤᠯᠪᠣᠭᠠᠰᠤ ᠪᠣᠯᠭᠠᠭᠰᠠᠨ᠂ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠥᠷᠭᠡᠨ ᠢᠶᠠᠷ ᠣᠷᠣᠯᠴᠠᠭᠰᠠᠨ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ | ᠡᠳ᠋ᠯᠡᠬᠦ ᠠᠶᠤᠯᠭᠦᠢ ᠶᠢᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠪᠠ᠃ | 2. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠶᠢᠨ ᠶᠡᠷᠦᠩᠬᠡᠢ ᠪᠣᠷᠣ ᠲᠥᠯᠥᠪ ᠪᠠ ᠭᠤᠣᠯ ᠠᠭᠤᠯᠭ᠎ᠠ ᠨᠢ | ᠶᠠᠭᠤ ᠶᠠᠭᠤ ᠪᠠᠶᠢᠳᠠᠭ ᠪᠤᠶ︖ | ᠬᠠᠷᠢᠭᠤᠯᠲᠠ᠄ ︽ᠬᠡᠷᠡᠭᠵᠢᠭᠦᠯᠬᠦ ᠠᠷᠭ᠎ᠠ︾ ᠨᠢ ᠨᠡᠶᠢᠲᠡ 6 ᠪᠦᠯᠦᠭ 48 ᠵᠦᠢᠯ ᠲᠠᠢ᠂ ᠡᠭᠦᠨ ᠳᠤ ︽ | ᠶᠡᠷᠦᠩᠬᠡᠢ ᠳᠦᠷᠢᠮ︾᠂ ︽ᠳᠠᠭᠠᠳᠬᠠᠭᠤᠯᠬᠤ ᠪᠠ ᠳᠠᠭᠠᠳᠬᠠᠬᠤ︾᠂ ︽ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡ︾᠂ ︽ᠲᠥᠯᠥᠪᠦᠷᠢ ᠥᠭᠬᠦ︾᠂ ︽ᠬᠢᠨᠠᠯᠲᠠ ᠲᠠᠯᠪᠢᠬᠤ ᠪᠠ ᠬᠠᠮᠢᠶᠠᠷᠤᠯᠳᠠ︾᠂ ︽ | ᠳᠠᠭᠠᠯᠳᠤᠭᠤᠯᠤᠭᠰᠠᠨ ᠳᠦᠷᠢᠮ︾ ᠪᠠᠭᠲᠠᠨ᠎ᠠ᠃ 140 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠲᠠᠢ ᠬᠠᠷᠢᠴᠠᠭᠤᠯᠪᠠᠯ | ᠂ ︽ᠬᠡᠷᠡᠭᠵᠢᠭᠦᠯᠬᠦ ᠠᠷᠭ᠎ᠠ︾ ᠳᠤ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠭᠤᠯᠬᠤ ᠶᠣᠰᠣᠲᠠᠢ | ᠠᠵᠢᠯ ᠲᠥᠷᠥᠯ᠂ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠣᠳᠣᠷᠬᠠᠶᠢᠯᠠᠪᠠ︔ | ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠦᠢᠯᠡᠳᠬᠦᠨ ᠤ ᠵᠦᠢᠯ ᠵᠤᠷᠪᠤᠰ ᠪᠠ ᠰᠦᠢᠳᠬᠡᠯ ᠤᠨ | ᠨᠣᠷᠮ᠎ᠠ ᠶᠢ ᠡᠮᠬᠢᠯᠡᠨ ᠲᠣᠭᠲᠠᠭᠠᠬᠤ ᠳᠤ ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠳᠤᠷᠠᠳᠪᠠ︔ ︽ᠡ᠊ᠨᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ︾ ᠶᠢᠨ ᠲᠤᠰᠬᠠᠢ ᠪᠦᠯᠦᠭ ᠢ ᠨᠡᠮᠡᠵᠦ᠂ ᠡ᠊ᠨᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡᠨ ᠤ ᠵᠢᠷᠤᠮᠵᠢᠯ ᠤᠨ ᠱᠠᠭᠠᠷᠳᠠᠯᠭ᠎ᠠ ᠶᠢ ᠨᠠᠷᠢᠯᠢᠭᠵᠢᠭᠤᠯᠤᠨ ᠴᠢᠩᠭᠠᠳᠬᠠᠵᠤ᠂ | ᠳᠠᠭᠠᠳᠬᠠᠯ ᠤᠨ ᠪᠠᠶᠢᠭᠤᠯᠤᠮᠵᠢ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠬᠦ ᠠᠷᠭ᠎ᠠ | ᠮᠠᠶ᠋ᠢᠭ᠂ ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠲᠡ᠂ ᠲᠤᠭ᠎ᠠ ᠪᠠᠷᠢᠮᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ | ᠴᠥᠮ ᠬᠤᠯᠪᠣᠭᠳᠠᠯ ᠪᠦᠬᠦᠢ ᠱᠠᠭᠠᠷᠳᠠᠯᠭ᠎ᠠ ᠳᠤᠷᠠᠳᠪᠠ︔ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠢᠨᠠᠨ ᠬᠠᠮᠢᠶᠠᠷᠴᠤ | ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠱᠠᠭᠠᠷᠳᠠᠵᠤ᠂ ᠨᠡᠶᠢᠭᠡᠮ ᠤᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠬᠦ ᠶᠢ ᠲᠡᠮᠵᠢᠨ ᠬᠥᠲᠥᠯᠥᠨ ᠵᠢᠯᠣᠭᠤᠳᠪᠠ᠃ | 3. ᠶᠠᠮᠠᠷ ᠶᠠᠮᠠᠷ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠦᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠤᠷᠤᠯᠴᠠᠬᠤ ᠬᠡᠷᠡᠭᠳᠡᠢ ᠪᠤᠶ︖ | ᠬᠠᠷᠢᠭᠤᠯᠲᠠ᠄ ᠡᠩ ᠲᠡᠷᠢᠭᠦᠨ ᠳᠤ᠂ ︽ᠬᠡᠷᠡᠭᠵᠢᠭᠦᠯᠬᠦ ᠠᠷᠭ᠎ᠠ︾ ᠳᠤ ᠠᠶᠦᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠭᠤᠯᠬᠤ ᠶᠣᠰᠣᠲᠠᠢ ᠠᠵᠢᠯ ᠲᠥᠷᠥᠯ᠂ ᠬᠦᠷᠢᠶ᠎ᠡ ᠬᠡᠪᠴᠢᠶ᠎ᠡ᠂ ᠲᠤᠬᠠᠶᠢᠯᠠᠪᠠᠯ ᠠᠭᠤᠷᠬᠠᠢ᠂ | ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠵᠠᠮ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠠᠷᠠᠳ ᠤᠨ | ᠬᠡᠷᠡᠭᠯᠡᠭᠡᠨ ᠤ ᠳᠡᠯᠪᠡᠷᠡᠬᠦ ᠡᠳ᠋ ᠪᠣᠳᠠᠰ᠂ ᠲᠡᠮᠦᠷᠯᠢᠭ ᠪᠣᠯᠪᠠᠰᠤᠷᠠᠭᠤᠯᠬᠤ᠂ ᠵᠢᠭᠠᠰᠤᠨ ᠠᠵᠤ ᠠᠬᠤᠢ ᠶᠢᠨ | ᠦᠢᠯᠡᠳᠪᠦᠷᠢᠯᠡᠯ ᠵᠡᠷᠭᠡ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠨᠢᠭᠡᠴᠢ ᠶᠢ ᠲᠣᠳᠣᠷᠬᠠᠢ | ᠲᠣᠭᠲᠠᠭᠠᠪᠠ︔ ᠡᠭᠦᠨ ᠤ ᠬᠠᠮᠲᠤ ︽ᠳᠠᠭᠠᠯᠳᠤᠭᠤᠯᠤᠭᠰᠠᠨ ᠳᠦᠷᠢᠮ︾ ᠳᠤ᠂ ᠠᠶᠤᠯ ᠶᠡᠬᠡᠲᠡᠢ ᠠᠵᠢᠯ ᠲᠥᠷᠥᠯ᠂ | ᠬᠦᠷᠢᠶ᠎ᠡ ᠴᠠᠷᠠᠭ᠎ᠠ ᠶᠢᠨ ᠨᠢᠭᠡᠴᠢ ᠶᠢᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠵᠤ᠂ ᠳᠠᠭᠠᠳᠬᠠᠭᠤᠯᠬᠤ ᠨᠢᠭᠡᠴᠢ ᠶᠢᠨ | ᠲᠥᠷᠥᠯ ᠬᠡᠯᠪᠡᠷᠢ ᠶᠢ ᠨᠠᠷᠢᠯᠢᠭᠵᠢᠭᠤᠯᠤᠨ᠂ ᠡᠯ᠎ᠡ ᠭᠠᠵᠠᠷ ᠣᠷᠣᠨ ᠤ ᠳᠠᠭᠠᠳᠬᠠᠭᠤᠯᠬᠤ ᠪᠠ ᠬᠤᠯᠪᠣᠭᠳᠠᠯ ᠪᠦᠬᠦᠢ | ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠳᠤ ᠵᠢᠯᠤᠭᠤᠳᠬᠤ ᠦᠨᠳᠦᠰᠦᠯᠡᠯ ᠬᠠᠩᠭᠠᠭᠰᠠᠨ | ᠪᠠᠶᠢᠨ᠎ᠠ᠃ | ᠳᠠᠷᠠᠭᠠᠯᠠᠪᠠᠯ᠂ ︽ᠬᠡᠷᠡᠭᠵᠢᠭᠦᠯᠬᠦ ᠠᠷᠭ᠎ᠠ︾ ᠳᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠣᠰ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠭᠰᠠᠨ ᠪᠠᠶᠢᠳᠠᠯ ᠵᠡᠷᠭᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠲᠣᠳᠣᠷᠬᠠᠢ | ᠲᠣᠭᠲᠠᠭᠠᠭᠰᠠᠨ ᠨᠢ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠳᠤ ᠠᠰᠢᠭᠲᠠᠢ ᠪᠠᠶᠢᠵᠤ᠂ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠢ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠳᠤ ᠪᠦᠬᠦᠨ ᠢ | ᠬᠠᠮᠤᠷᠬᠤ ᠶᠢ ᠲᠦᠯᠬᠢᠨ ᠠᠬᠢᠭᠤᠯᠵᠤ᠂ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠠᠵᠢᠯ | ᠡᠷᠬᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠳᠤ ᠠᠰᠢᠭᠲᠠᠢ ᠶᠤᠮ᠃ | 4. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ | ᠪᠠᠲᠤᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠬᠦ᠂ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠵᠦᠢᠯ | ᠵᠤᠷᠪᠤᠰ ᠢ ᠲᠣᠭᠲᠠᠭᠠᠬᠤ᠂ ᠰᠦᠢᠳᠬᠡᠯ ᠤᠨ ᠨᠣᠷᠮ᠎ᠠ ᠶᠢ ᠡᠮᠬᠢᠯᠡᠨ ᠲᠣᠭᠲᠠᠭᠠᠬᠤ ᠶᠢ ᠵᠢᠷᠤᠮᠵᠢᠭᠤᠯᠬᠤ ᠳᠤ ᠶᠠᠮᠠᠷ ᠶᠠᠮᠠᠷ | ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠨᠢᠭᠡ ᠳᠤ᠂ ᠪᠠᠲᠤᠯᠠᠭ᠎ᠠ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠪᠡ᠃ ᠠᠶᠦᠯᠭᠦᠢ | ᠦᠢᠯᠡᠳᠪᠦᠷᠢᠯᠡᠯ ᠤᠨ ᠡ᠊ᠨᠳᠡᠯ ᠤᠨ ᠬᠥᠮᠥᠨ ᠪᠦᠷᠢ ᠶᠢᠨ ᠦᠬᠦᠵᠦ ᠵᠡᠮᠳᠡᠭ ᠪᠣᠯᠤᠭᠰᠠᠨ ᠤ ᠬᠠᠷᠢᠭᠤᠴᠠᠯᠭ᠎ᠠ ᠶᠢᠨ | ᠪᠥᠬᠦ ᠤᠯᠤᠰ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ ᠲᠤᠭ᠎ᠠ ᠶᠢ 30 ᠲᠦᠮᠡᠨ ᠲᠥᠭᠦᠷᠢᠭ | ᠪᠠᠶᠢᠭᠰᠠᠨ ᠠᠴᠠ ᠨᠢ 40 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠯ᠎ᠡ ᠭᠠᠵᠠᠷ ᠤᠨ ᠬᠢᠨ ᠪᠥᠬᠦ | ᠤᠯᠤᠰ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ ᠲᠤᠭ᠎ᠠ ᠠᠴᠠ ᠦᠨᠳᠦᠷ ᠪᠠᠶᠢᠯᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ | ᠲᠤᠭ᠎ᠠ ᠶᠢ ᠲᠤᠭᠳᠠᠭᠠᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ ᠵᠠᠷᠢᠮ ᠭᠠᠵᠠᠷ ᠣᠷᠣᠨ ᠤ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠢᠵᠠᠭᠠᠷ ᠲᠤᠭ᠎ᠠ ᠨᠢ ᠨᠢᠭᠡᠨᠲᠡ 80 ᠲᠦᠮᠡᠨ ᠲᠥᠭᠦᠷᠢᠭ ᠲᠤ ᠬᠦᠷᠴᠡᠢ᠃ | ᠬᠤᠶᠠᠷ ᠲᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠳᠤ ᠳᠠᠭᠠᠳᠬᠠᠭᠤᠯᠤᠭᠰᠠᠨ ᠠᠵᠤ ᠠᠬᠤᠶᠢᠯᠠᠯ ᠤᠨ ᠪᠥᠬᠦ ᠠᠵᠢᠯ ᠡᠷᠬᠢᠯᠡᠭᠰᠡᠳ ᠢ | ᠬᠠᠮᠤᠷᠴᠤ᠂ ᠲᠦᠷ ᠴᠠᠭ ᠤᠷᠢᠨ ᠬᠡᠷᠡᠭᠯᠡᠭᠰᠡᠨ ᠬᠥᠮᠥᠰ᠂ ᠲᠣᠮᠢᠯᠠᠭᠳᠠᠭᠰᠠᠨ ᠬᠥᠳᠡᠯᠮᠦᠷᠢᠴᠢᠨ ᠵᠡᠷᠭᠡ ᠠᠵᠢᠯᠴᠢᠨ | ᠬᠡᠷᠡᠭᠯᠡᠬᠦ ᠬᠠᠷᠢᠴᠠᠭ᠎ᠠ ᠲᠠᠢ ᠬᠥᠮᠥᠰ ᠢ ᠠᠵᠢᠯ ᠡᠷᠬᠢᠯᠡᠭᠰᠡᠳ ᠤᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠤᠨ | ᠵᠣᠭᠤᠰ ᠤᠨ ᠲᠤᠭ᠎ᠠ ᠳᠤ ᠠᠳᠠᠯᠢ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠠᠵᠢᠯᠴᠢᠨ ᠬᠡᠷᠡᠭᠯᠡᠬᠦ ᠠᠷᠭ᠎ᠠ ᠮᠠᠶ᠋ᠢᠭ᠂ | ᠠᠵᠢᠯ ᠤᠨ ᠪᠠᠶᠢᠷᠢ ᠵᠡᠷᠭᠡ ᠳᠤ ᠢᠯᠭᠠᠭ᠎ᠠ ᠲᠠᠢ ᠬᠠᠨᠳᠤᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ | ᠭᠤᠷᠪᠠ ᠳᠤ᠂ ᠵᠦᠢᠯ ᠵᠤᠷᠪᠤᠰ ᠪᠣᠯᠣᠨ ᠰᠦᠢᠳᠬᠡᠯ ᠤᠨ ᠨᠤᠷᠮ᠎ᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠨᠡᠮᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ | ᠪᠠᠶᠢᠭᠤᠯᠤᠮᠵᠢ ᠠᠴᠠ ᠳᠤᠮᠳᠠᠳᠤ ᠤᠯᠤᠰ ᠤᠨ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠢ ᠵᠢᠭᠠᠨ | ᠵᠢᠯᠤᠭᠤᠳᠴᠤ ᠪᠠᠶᠢᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠰᠠᠨᠠᠯ ᠢ | ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ | ᠲᠦᠷᠦᠯ ᠤᠨ ᠪᠠᠷᠢᠮᠵᠢᠶ᠎ᠠ ᠶᠢᠨ ᠵᠦᠢᠯ ᠵᠤᠷᠪᠤᠰ ᠢ ᠲᠣᠭᠲᠠᠭᠠᠨ ᠨᠡᠶᠢᠲᠡᠯᠡᠬᠦ ᠶᠢᠨ ᠬᠠᠮᠲᠤ ᠡᠯ᠎ᠡ ᠳᠠᠭᠠᠳᠬᠠᠯ ᠤᠨ | ᠪᠠᠶᠢᠭᠤᠯᠤᠮᠵᠢ ᠶᠢ ᠨᠢᠭᠡᠳᠦᠯᠲᠡᠢ ᠬᠡᠷᠡᠭᠵᠢᠭᠦᠯᠬᠦ ᠶᠢ ᠱᠠᠭᠠᠷᠳᠠᠪᠠ︔ ᠵᠠᠷᠤᠳᠠᠯ ᠤᠨ ᠨᠣᠷᠮ᠎ᠠ ᠶᠢᠨ ᠲᠠᠯ᠎ᠠ ᠪᠠᠷ᠂ | ᠮᠤᠵᠢ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠰ ᠭᠠᠵᠠᠷ ᠣᠷᠣᠨ ᠤ ᠡᠯ᠎ᠡ ᠠᠵᠢᠯ | ᠲᠥᠷᠥᠯ᠂ ᠬᠦᠷᠢᠶᠡᠨ ᠳᠠᠬᠢ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠴᠡᠪᠡᠷ ᠲᠦᠭᠰᠢᠭᠦᠷᠢ ᠶᠢᠨ | ᠬᠤᠬᠢᠷᠠᠯ ᠤᠨ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠨᠡᠶᠢᠲᠡᠯᠡᠬᠦ ᠶᠢᠨ ᠬᠠᠮᠲᠤ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠢ ᠠᠰᠢᠭ ᠣᠯᠵᠠᠪᠤᠷᠢ ᠠᠯᠳᠠᠭᠳᠠᠯ ᠤᠨ | ᠪᠠᠶᠢᠳᠠᠯ ᠪᠠ ᠵᠠᠬ᠎ᠠ ᠳᠡᠯᠭᠡᠭᠦᠷ ᠤᠨ ᠪᠣᠳᠠᠲᠠᠢ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ | ᠲᠣᠬᠢᠷᠠᠭᠤᠯᠤᠯᠲᠠ ᠬᠢᠵᠦ᠂ ᠳᠠᠭᠠᠳᠬᠠᠯ ᠤᠨ ᠪᠠᠶᠢᠭᠤᠯᠤᠮᠵᠢ ᠳᠤ ᠯᠠᠪᠯᠠᠯᠲᠠ ᠪᠣᠯᠭᠠᠨ ᠬᠡᠷᠡᠭᠯᠡᠭᠦᠯᠦᠨ᠎ᠡ ᠭᠡᠵᠦ | ᠲᠣᠳᠣᠷᠬᠠᠢ ᠲᠣᠭᠲᠠᠭᠠᠪᠠ᠃ | ᠳᠥᠷᠪᠡ ᠳᠤ᠂ ᠲᠥᠯᠥᠪᠦᠷᠢ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠬᠦᠨᠳᠦ ᠶᠡᠭᠡ ᠪᠤᠶᠤ ᠨᠡᠶᠢᠲᠡᠯᠢᠭ | ᠠᠳᠡᠯ ᠤᠨ ᠲᠦᠷᠭᠡᠨ ᠲᠥᠯᠥᠬᠦ ᠲᠣᠭᠲᠠᠴᠠ ᠪᠠ ᠤᠷᠢᠳᠴᠢᠯᠠᠨ ᠲᠥᠯᠥᠬᠦ ᠲᠥᠯᠥᠪᠦᠷᠢ ᠶᠢᠨ ᠲᠣᠭᠲᠠᠴᠠ ᠶᠢ | ᠪᠠᠶᠢᠭᠤᠯᠵᠤ᠂ ᠠᠳᠡᠯ ᠭᠠᠷᠤᠭᠰᠠᠨ ᠤ ᠳᠠᠷᠠᠭ᠎ᠠ ᠬᠠᠤᠯᠢ ᠴᠠᠭᠠᠵᠠ ᠶᠢᠨ ᠲᠣᠭᠲᠠᠭᠠᠯ ᠪᠠ ᠭᠡᠷ᠎ᠡ ᠶᠢᠨ ᠪᠣᠯᠵᠣᠯ | ᠶᠣᠰᠣᠭᠠᠷ ᠨᠢᠭᠡᠨᠲᠡ ᠲᠣᠭᠲᠠᠭᠠᠭᠰᠠᠨ ᠳᠠᠭᠠᠳᠬᠠᠯ ᠤᠨ ᠲᠥᠯᠥᠪᠦᠷᠢ ᠶᠢᠨ ᠮᠥᠩᠭᠦ ᠶᠢ ᠲᠦᠷᠭᠡᠨ ᠲᠥᠯᠥᠬᠦ ᠪᠤᠶᠤ | ᠤᠷᠢᠳᠠᠪᠠᠷ ᠲᠥᠯᠥᠬᠦ ᠬᠡᠷᠡᠭᠲᠡᠢ᠃ | 5. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠡ᠊ᠨᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠬᠦ᠂ ᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖ | ᠬᠠᠷᠢᠭᠤᠯᠲᠠ᠄ ︽ᠬᠡᠷᠡᠭᠵᠢᠭᠦᠯᠬᠦ ᠠᠷᠭ᠎ᠠ︾ ᠳᠤ ︽ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ︾ | ᠶᠢᠨ ᠲᠤᠰᠬᠠᠢ ᠪᠦᠯᠦᠭ ᠢ ᠨᠡᠮᠡᠵᠦ᠂ ᠤᠯᠠᠨ ᠲᠠᠯ᠎ᠠ ᠶᠢᠨ ᠬᠢᠨ ᠣᠷᠣᠯᠴᠠᠭᠰᠠᠨ᠂ ᠥᠪᠡᠷ ᠥᠪᠡᠷ ᠤᠨ ᠬᠦᠴᠦᠨ ᠢᠶᠠᠨ | ᠪᠠᠳᠠᠷᠠᠭᠤᠯᠤᠭᠰᠠᠨ᠂ ᠬᠠᠮᠵᠢᠯᠴᠠᠨ ᠬᠠᠮᠳᠤᠷᠠᠯᠴᠠᠭᠰᠠᠨ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠪᠠ᠃ | ᠨᠢᠭᠡ ᠳᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ | ᠲᠤᠳᠤᠷᠬᠠᠶᠢᠯᠠᠪᠠ᠃ ︽ᠬᠡᠷᠡᠭᠵᠢᠭᠦᠯᠬᠦ ᠠᠷᠭ᠎ᠠ︾ ᠳᠤ ︽ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠬᠠᠷᠢᠭᠤᠴᠠᠨ᠎ᠠ︾ ᠭᠡᠵᠦ ᠲᠣᠳᠣᠷᠬᠠᠢ | ᠲᠣᠭᠲᠠᠭᠠᠵᠤ᠂ ᠳᠠᠭᠠᠳᠬᠠᠭᠳᠠᠭᠴᠢ ᠶᠢ ᠳᠠᠭᠠᠳᠬᠠᠯ ᠤᠨ ᠪᠠᠶᠢᠭᠤᠯᠤᠮᠵᠢ ᠲᠠᠢ ᠬᠠᠮᠵᠢᠯᠴᠠᠨ ᠡ᠊ᠨᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡ ᠥᠷᠨᠢᠭᠦᠯᠵᠦ᠂ ᠦᠢᠯᠡᠴᠢᠯᠡᠭᠡᠨ ᠤ ᠳᠤᠮᠳᠠ ᠣᠯᠵᠤ ᠮᠡᠳᠡᠭᠰᠡᠨ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠤᠨ ᠲᠠᠯᠳᠠ ᠭᠡᠮ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ ᠭᠡᠵᠦ | ᠱᠠᠭᠠᠷᠳᠠᠵᠠᠢ᠃ | ᠬᠤᠶᠠᠷ ᠲᠤ᠂ ᠳᠠᠭᠠᠳᠬᠠᠯ ᠤᠨ ᠪᠠᠶᠢᠭᠤᠯᠤᠮᠵᠢ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ | ᠬᠠᠩᠭᠠᠬᠤ ᠱᠠᠭᠠᠷᠳᠠᠯᠭ᠎ᠠ ᠶᠢ ᠨᠠᠷᠢᠯᠠᠭᠵᠢᠭᠤᠯᠪᠠ᠃ ᠳᠠᠭᠠᠳᠬᠠᠯ ᠤᠨ ᠪᠠᠶᠢᠭᠤᠯᠤᠮᠵᠢ ᠨᠢ ᠠᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡᠨ ᠤ ᠪᠦᠯᠬᠦᠮ ᠨᠡᠶᠢᠲᠡ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠠᠩᠭᠠᠭᠰᠠᠨ ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠲᠥᠷᠥᠯ ᠵᠦᠢᠯ ᠤᠨ ᠲᠥᠷᠥᠯ ᠬᠡᠯᠪᠡᠷᠢ ᠶᠢ ᠲᠣᠭᠲᠠᠭᠠᠵᠤ᠂ ᠡᠯ᠎ᠡ ᠭᠠᠵᠠᠷ ᠣᠷᠣᠨ ᠢ ᠠᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠨᠠᠷᠢᠨ ᠳᠦᠷᠢᠮ ᠪᠤᠶᠤ ᠪᠠᠷᠢᠮᠵᠢᠶ᠎ᠠ ᠶᠢ ᠲᠣᠭᠲᠠᠭᠠᠬᠤ ᠪᠠᠷ | ᠳᠠᠮᠵᠢᠭᠤᠯᠤᠨ᠂ ᠠᠳᠠᠯᠢ ᠪᠤᠰᠤ ᠲᠥᠷᠥᠯ ᠬᠡᠯᠪᠡᠷᠢ ᠶᠢᠨ ᠳᠠᠭᠠᠳᠬᠠᠭᠳᠠᠭᠴᠢ ᠶᠢᠨ ᠦᠢᠯᠡᠴᠢᠯᠡᠭᠡᠨ ᠤ ᠲᠥᠷᠥᠯ ᠵᠦᠢᠯ | ᠵᠢᠴᠢ ᠳᠠᠪᠲᠠᠮᠵᠢ ᠤᠳᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢ ᠱᠠᠭᠠᠷᠳᠠᠪᠠ᠃ | ᠭᠤᠷᠪᠠ ᠳᠤ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠦᠨᠡᠨ ᠬᠦ | ᠪᠠᠳᠠᠷᠠᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢ ᠱᠠᠭᠠᠷᠳᠠᠵᠤ ᠪᠠᠶᠢᠭᠠᠳ ᠳᠠᠭᠠᠳᠬᠠᠭᠳᠠᠭᠴᠢ ᠳᠤ ᠡ᠊ᠨᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠬᠦ ᠶᠢ ᠵᠣᠬᠢᠴᠠᠩᠭᠤᠢ ᠬᠢᠷᠢ ᠬᠡᠮ ᠪᠤᠶᠤ ᠴᠢᠳᠠᠪᠤᠷᠢ ᠲᠠᠢ | ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠬᠤ ᠬᠡᠷᠡᠭᠲᠡᠢ᠂ ᠪᠠᠰᠠ | ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠪᠡᠯᠡ ᠣᠷᠣᠭᠤᠯᠤᠨ ᠡ᠊ᠨᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠵᠦ ᠪᠣᠯᠣᠨ᠎ᠠ︔ ᠡ᠊ᠨᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡ ᠥᠷᠨᠢᠭᠦᠯᠬᠦ ᠨᠠᠶᠢᠳᠠᠯᠭ᠎ᠠ ᠶᠢ ᠬᠦᠯᠢᠶᠡᠭᠰᠡᠨ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠬᠠᠤᠯᠢ ᠶᠣᠰᠣᠭᠠᠷ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠂ | ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠦᠢᠯᠡᠴᠢᠯᠡᠭᠡᠨ ᠤ ᠮᠡᠳᠡᠭᠦᠯᠦᠯᠲᠡ ᠭᠠᠷᠭᠠᠵᠤ | ᠪᠣᠯᠬᠤ ᠦᠭᠡᠢ᠃ | ᠳᠥᠷᠪᠡ ᠳᠤ᠂ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢᠨ ᠬᠡᠷᠡᠭᠴᠡᠭᠡ ᠶᠢ | ᠲᠣᠳᠣᠷᠬᠠᠶᠢᠯᠠᠵᠤ᠂ ᠡᠷᠬᠡᠪᠰᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠪᠠᠭᠠᠰᠬᠠᠬᠤ | ᠪᠤᠶᠤ ᠠᠳᠡᠯ ᠤᠨ ᠬᠤᠬᠢᠷᠠᠯ ᠢ ᠪᠠᠭᠠᠰᠬᠠᠬᠤ ᠪᠠᠷ ᠭᠤᠣᠯ ᠵᠣᠷᠢᠯᠭ᠎ᠠ ᠪᠣᠯᠭᠠᠵᠤ᠂ ᠳᠠᠭᠠᠳᠬᠠᠭᠳᠠᠭᠤᠯᠤᠭᠴᠢ ᠶᠢᠨ | ᠠᠳᠡᠯ ᠢ ᠤᠷᠢᠳᠴᠢᠯᠠᠨ ᠰᠡᠷᠭᠡᠶᠢᠯᠡᠬᠦ ᠪᠠ ᠬᠠᠮᠢᠶ᠎ᠠ ᠪᠦᠬᠦᠢ ᠮᠡᠷᠭᠡᠵᠢᠯ ᠤᠨ ᠳᠡᠮᠵᠢᠯᠭᠡ ᠶᠢᠨ ᠠᠵᠢᠯ ᠳᠤ ᠲᠤᠰᠬᠠᠢ | ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ︔ ᠳᠠᠭᠠᠳᠬᠠᠯ ᠤᠨ ᠪᠠᠶᠢᠭᠤᠯᠤᠮᠵᠢ ᠶᠢ ᠱᠠᠭᠠᠷᠳᠠᠨ ᠠᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠠᠶᠦᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠪᠣᠳᠠᠲᠠᠢ ᠳᠠᠭᠠᠳᠬᠠᠯ ᠤᠨ ᠵᠠᠷᠤᠳᠠᠯ ᠤᠨ 21% ᠠᠴᠠ ᠬᠡᠳᠦᠷᠡᠭᠦᠯᠵᠦ ᠪᠤᠯᠬᠤ ᠦᠭᠡᠢ᠂ ᠠᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠲᠤᠰᠬᠠᠢ ᠲᠥᠰᠦᠪ ᠢ ᠲᠣᠭᠲᠠᠭᠠᠵᠤ᠂ ᠪᠣᠳᠠᠲᠠᠢ ᠵᠠᠷᠤᠯᠭ᠎ᠠ ᠶᠢ | ᠦᠨᠳᠦᠰᠦᠯᠡᠨ᠎ᠡ︔ ᠡᠯ᠎ᠡ ᠮᠤᠵᠢ ︵ᠣᠷᠣᠨ᠂ ᠬᠤᠲᠠ︶ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ᠂ ᠲᠤᠰ | ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ | ᠵᠠᠷᠤᠳᠠᠯ ᠤᠨ ᠵᠢᠯ ᠤᠨ ᠲᠥᠰᠥᠪ ᠤᠨ ᠬᠠᠷᠠᠯᠲᠠ ᠶᠢ ᠵᠦᠢ ᠵᠣᠬᠢᠰᠲᠠᠢ ᠲᠣᠭᠲᠠᠭᠠᠵᠤ ᠪᠣᠯᠣᠨ᠎ᠠ᠃ ᠡᠭᠦᠨ ᠤ ᠬᠠᠮᠲᠤ᠂ | ︽ᠬᠡᠷᠡᠭᠵᠢᠭᠦᠯᠬᠦ ᠠᠷᠭ᠎ᠠ︾ ᠨᠢ ᠳᠠᠭᠠᠳᠬᠠᠯ ᠤᠨ ᠬᠤᠯᠪᠣᠭᠳᠠᠯ ᠪᠥᠬᠦᠶ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠠᠰᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠠᠶᠤᠯ ᠶᠡᠬᠡᠲᠡᠶ ᠠᠵᠢᠯ ᠲᠥᠷᠥᠯ᠂ ᠬᠦᠷᠢᠶ᠎ᠡ | ᠴᠠᠷᠠᠭ᠎ᠠ ᠶᠢᠨ ᠨᠢᠭᠡᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠬᠠᠷᠢᠭᠤᠴᠠᠵᠤ᠂ ᠬᠥᠯᠥᠰᠥᠨ | ᠮᠥᠩᠭᠦ ᠶᠢᠨ ᠬᠠᠷᠢᠴᠠᠯ ᠢ 5% ᠠᠴᠠ ᠥᠨᠳᠥᠷ ᠪᠠᠶᠢᠯᠭᠠᠵᠤ ᠪᠣᠯᠬᠤ ᠥᠬᠡᠶ᠂ ᠠᠳᠡᠯ ᠢ ᠤᠷᠢᠳᠴᠢᠯᠠᠨ ᠰᠡᠷᠭᠡᠶᠢᠯᠡᠬᠦ | ᠵᠡᠷᠭᠡ ᠵᠠᠷᠤᠯᠭ᠎ᠠ ᠶᠢ ᠨᠠᠩ ᠰᠠᠶᠢᠲᠤᠷ ᠪᠠᠲᠤᠯᠠᠵᠤ᠂ ᠵᠣᠭᠤᠰ ᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠨ᠎ᠡ᠃ | 6. ︽ᠬᠡᠷᠡᠭᠵᠢᠭᠦᠯᠬᠦ ᠠᠷᠭ᠎ᠠ︾ ᠳᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠲᠥᠯᠥᠪᠦᠷᠢ ᠪᠠ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠡᠩ ᠲᠡᠷᠢᠭᠦᠨ ᠳᠤ᠂ ︽ᠬᠡᠷᠡᠭᠵᠢᠭᠦᠯᠬᠦ ᠠᠷᠭ᠎ᠠ︾ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠥᠬᠦ ᠤᠯᠤᠰ ᠤᠨ | ᠠᠶᠤᠯᠭᠦᠶ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠬᠢᠨᠠᠯᠲᠠ ᠲᠠᠯᠪᠢᠯᠲᠠ ᠶᠢ ᠭᠦᠨᠵᠡᠭᠡᠶᠢᠷᠡᠭᠦᠯᠦᠨ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ | ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠳᠠᠭᠠᠳᠬᠠᠯ ᠤᠨ | ᠪᠠᠶᠢᠭᠤᠯᠤᠮᠵᠢ ᠨᠤᠭᠤᠳ ᠳᠠᠭᠠᠳᠬᠠᠭᠳᠠᠭᠤᠯᠤᠭᠴᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠪᠣᠯᠤᠨ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠲᠣᠭᠲᠠᠭᠠᠯ ᠶᠣᠰᠣᠭᠠᠷ᠂ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠬᠠᠮᠢᠶ᠎ᠠ ᠪᠦᠬᠦᠢ ᠲᠤᠭ᠎ᠠ ᠪᠠᠷᠢᠮᠲᠠ ᠬᠠᠩᠭᠠᠬᠤ | ᠬᠡᠷᠡᠭᠲᠡᠶ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠠᠳᠡᠯ ᠢ ᠰᠡᠷᠭᠡᠶᠢᠯᠡᠬᠦ ᠦᠢᠯᠡᠴᠢᠯᠡᠭᠡᠨ ᠤ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠵᠤ᠂ ᠠᠳᠡᠯ ᠢ ᠰᠡᠷᠭᠡᠶᠢᠯᠡᠬᠦ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ᠂ ᠵᠠᠷᠤᠳᠠᠯ ᠤᠨ ᠡᠬᠡ ᠳᠠᠩᠰᠠ᠂ ᠳᠦᠷᠢᠮ ᠤᠨ ᠪᠠᠷᠢᠮᠵᠢᠶ᠎ᠠ᠂ | ᠦᠢᠯᠡᠴᠢᠯᠡᠭᠡᠨ ᠤ ᠳᠠᠩᠰᠠ ᠡᠪᠬᠡᠮᠡᠯ ᠢ ᠴᠤᠭᠯᠠᠭᠤᠯᠬᠤ ᠪᠠ ᠬᠠᠳᠠᠭᠠᠯᠠᠵᠤ᠂ ᠳᠣᠲᠣᠭᠠᠳᠤ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ | ᠳᠠᠷᠠᠭᠠᠯᠠᠪᠠᠯ᠂ ᠳᠠᠭᠠᠳᠬᠠᠯ ᠤᠨ ᠠᠵᠢᠯ ᠲᠥᠷᠥᠯ ᠤᠨ ᠪᠦᠬᠦ ᠤᠯᠤᠰ ᠤᠨ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠢ ᠵᠣᠬᠢᠶᠠᠨ ᠪᠠᠶᠢᠭᠤᠯᠬᠤ ᠶᠢ | ᠳᠡᠮᠵᠢᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ | ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠵᠠᠰᠠᠭ ᠤᠨ | ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠳᠠᠭᠠᠳᠬᠠᠭᠤᠯᠬᠤ ᠨᠢᠭᠡᠴᠢ ᠳᠤ ᠳᠠᠭᠠᠳᠬᠠᠯ ᠤᠨ | ᠪᠠᠶᠢᠭᠤᠯᠤᠮᠵᠢ ᠪᠣᠯᠤᠨ ᠳᠠᠭᠠᠳᠬᠠᠯ ᠤᠨ ᠬᠠᠭᠤᠳᠠᠰᠤ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ | ᠦᠢᠯᠡᠴᠢᠯᠡᠭᠡᠨ ᠬᠠᠩᠭᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠥᠯᠥᠪᠦᠷᠢ ᠪᠣᠯᠤᠨ | ᠠᠳᠡᠯ ᠢ ᠰᠡᠷᠭᠡᠶᠢᠯᠡᠬᠦ ᠦᠢᠯᠡᠴᠢᠯᠡᠭᠡᠨ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ | 7. ︽ᠬᠡᠷᠡᠭᠵᠢᠭᠦᠯᠬᠦ ᠠᠷᠭ᠎ᠠ︾ ᠳᠤ ᠶᠠᠮᠠᠷ ᠶᠠᠮᠠᠷ ᠬᠢᠨᠠᠯᠲᠠ ᠲᠠᠯᠪᠢᠵᠤ ᠬᠢᠵᠠᠭᠠᠷᠯᠠᠬᠤ ᠠᠷᠭ᠎ᠠ ᠬᠡᠮᠵᠢᠶ᠎ᠡ ᠪᠠᠷ | ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠢᠮ ᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠶ︖ | ᠬᠠᠷᠢᠭᠤᠯᠲᠠ᠄ ᠨᠢᠭᠡ ᠳᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠮᠤᠵᠢ ᠶᠢᠨ ᠱᠠᠲᠤᠨ ᠤ | ᠰᠠᠯᠠᠭ᠎ᠠ ᠮᠥᠴᠢᠷ ᠤᠨ ᠬᠠᠷᠠᠭᠠᠯᠵᠠᠭᠰᠠᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠰᠢᠭᠲᠠᠢ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠬᠦ ᠳᠤ ᠠᠰᠢᠭᠲᠠᠢ ᠭᠡᠵᠦ ᠲᠣᠭᠲᠠᠭᠠᠪᠠ᠃ | ᠬᠤᠶᠠᠷ ᠲᠤ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠ ᠬᠢᠨᠠᠯᠳᠠ ᠬᠠᠮᠢᠶᠠᠷᠤᠯᠳᠠ ᠶᠢᠨ ᠠᠷᠭ᠎ᠠ | ᠪᠠᠷᠢᠯ ᠢ ᠲᠣᠳᠣᠷᠬᠠᠶᠢᠯᠠᠪᠠ᠃ ᠳᠠᠭᠠᠳᠬᠠᠯ ᠤᠨ ᠪᠠᠶᠢᠭᠤᠯᠤᠮᠵᠢ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯᠤᠨ | ᠨᠠᠶᠢᠳᠠᠯᠭ᠎ᠠ ᠪᠠᠷ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠦᠭᠰᠡᠨ ᠠᠶᠤᠯᠭᠦᠢ | ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ᠂ ᠠᠶᠦᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠢ ᠬᠡᠷᠡᠭᠵᠢᠭᠦᠯᠬᠦ ᠶᠠᠪᠤᠴᠠ ᠳᠤ ᠠᠮᠠᠷᠬᠠᠨ ᠭᠠᠷᠬᠤ ᠬᠠᠤᠯᠢ ᠲᠣᠭᠲᠠᠭᠠᠯ ᠠᠴᠠ ᠵᠥᠷᠢᠴᠡᠭᠰᠡᠨ | ᠪᠠᠶᠢᠳᠠᠯ ᠤᠳ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠪᠣᠯᠵᠣᠨ | ᠶᠠᠷᠢᠯᠴᠠᠬᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠳᠤᠷᠠᠳᠴᠤ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠢᠯ ᠲᠦᠷᠦᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ ᠪᠠᠷᠢᠯ ᠢ ᠲᠣᠳᠣᠷᠬᠠᠶᠢᠯᠠᠵᠤ᠂ ᠪᠦᠬᠦ | ᠲᠠᠯ᠎ᠠ ᠪᠠᠷ ᠬᠠᠮᠤᠷᠬᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠶᠢ ᠪᠠᠲᠤᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠢᠮ ᠢ | ᠵᠢᠷᠤᠮᠵᠢᠭᠤᠯᠤᠨ ᠠᠵᠢᠯᠯᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠭᠤᠷᠪᠠ ᠳᠤ᠂ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠶᠢ ᠦᠨᠡᠯᠡᠨ ᠵᠢᠱᠢᠵᠦ ᠢᠯᠡ ᠨᠡᠶᠢᠲᠡᠯᠡᠬᠦ | ᠳᠦᠷᠢᠮ ᠢ ᠲᠣᠳᠣᠷᠬᠠᠢ ᠲᠣᠭᠲᠠᠭᠠᠪᠠ᠃ ᠲᠤᠰ ᠳᠦᠷᠢᠮ ᠢᠶᠠᠷ ᠳᠠᠮᠵᠢᠨ ᠢᠯᠡ ᠲᠣᠳᠣ ᠶᠢᠨ ᠬᠡᠮᠵᠢᠶ᠎ᠡ ᠶᠢ | ᠨᠡᠮᠡᠭᠳᠡᠭᠦᠯᠵᠦ᠂ ᠨᠡᠶᠢᠭᠡᠮ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠶ᠃ | ᠲᠦᠷᠪᠡ ᠳᠤ᠂ ᠣᠨᠳᠣᠣ ᠭᠠᠵᠠᠷ ᠲᠤ ᠳᠠᠭᠠᠳᠬᠠᠭᠤᠯᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ | ᠠᠰᠠᠭᠤᠳᠠᠯ ᠢ ᠰᠢᠯᠤᠭᠤᠳᠬᠠᠪᠠ᠃ ᠡᠯ᠎ᠡ ᠲᠠᠯ᠎ᠠ ᠶᠢᠨ ᠬᠢᠨ ᠤ ᠲᠤᠰᠬᠠᠯ ᠨᠡᠯᠢᠶᠡᠳ ᠣᠯᠠᠨ ᠪᠠᠶᠢᠭ᠎ᠠ ᠭᠠᠵᠠᠷ ᠲᠤ | ᠳᠠᠭᠠᠳᠬᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠲᠥᠪ ᠤᠨ ᠠᠵᠤ ᠠᠬᠤᠶᠢᠯᠠᠯ ᠪᠤᠶᠤ ᠪᠥᠭᠡᠮᠨᠡᠷᠡᠯ ᠤᠨ | ᠬᠡᠯᠪᠡᠷᠢ ᠶᠢᠨ ᠠᠵᠤ ᠠᠬᠤᠶᠢᠯᠠᠯ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠪᠠ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠠᠵᠢᠯ ᠢ | ᠲᠣᠳᠣᠷᠬᠠᠶᠢᠯᠠᠵᠤ᠂ ᠪᠣᠳᠠᠲᠠᠶ ᠦᠢᠯᠡᠳᠪᠦᠷᠢᠯᠡᠯ ᠡᠵᠡᠩᠨᠡᠯᠲᠡ ᠶᠢᠨ ᠪᠠᠶᠢᠭ᠎ᠠ ᠭᠠᠵᠠᠷ ᠤᠨ ᠬᠤᠲᠠ ᠶᠢᠨ ᠱᠠᠲᠤ ᠵᠢᠴᠢ | ᠲᠡᠭᠦᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠮᠢᠶ᠎ᠠ | ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠠᠤᠯᠢ | ᠶᠣᠰᠣᠭᠠᠷ ᠬᠦᠯᠢᠶᠡᠬᠦ ᠬᠡᠷᠡᠭᠲᠡᠶ᠃ | ᠲᠠᠪᠤ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠠᠵᠢᠯᠯᠠᠭ᠎ᠠ ᠶᠢ | ᠵᠢᠷᠤᠮᠵᠢᠭᠤᠯᠪᠠ᠃ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠦᠯᠳᠦᠬᠦ ᠶᠢ ᠬᠢᠵᠠᠭᠠᠷᠯᠠᠬᠤ ᠦᠵᠡᠭᠳᠡᠯ | ᠭᠠᠷᠬᠤ ᠠᠴᠠ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠬᠠᠮᠢᠶ᠎ᠠ ᠪᠦᠬᠦᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ | ᠪᠣᠯᠬᠤ ᠦᠭᠡᠢ ᠭᠡᠳᠡᠭ ᠢ ᠤᠯᠠᠮ ᠨᠢᠭᠡ ᠠᠯᠬᠤᠮ ᠴᠢᠬᠤᠯᠠᠴᠢᠯᠠᠨ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ | ᠥᠷᠢᠰᠥᠯᠳᠦᠬᠦ ᠶᠢ ᠭᠠᠳᠠᠭᠤᠷᠴᠢᠯᠠᠬᠤ᠂ ᠬᠢᠵᠠᠭᠠᠷᠯᠠᠬᠤ ᠪᠤᠶᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ | ᠰᠠᠯᠭᠠᠬᠤ᠂ ᠬᠤᠪᠢᠶᠠᠷᠢᠯᠠᠬᠤ ᠪᠤᠶᠤ ᠠᠶᠦᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠠᠵᠢᠯᠯᠠᠭ᠎ᠠ ᠳᠤ ᠲᠣᠭᠲᠠᠭᠠᠯ ᠠᠴᠠ ᠵᠥᠷᠢᠴᠡᠨ ᠭᠠᠷ ᠲᠦᠷᠦᠭᠦ ᠶᠢ ᠰᠡᠷᠭᠡᠶᠢᠯᠡᠵᠦ᠂ ᠠᠶᠦᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠶᠠᠪᠤᠴᠠ ᠳᠤ ᠬᠡᠯᠪᠡᠷᠢ ᠳᠦᠷᠰᠦ ᠶᠢ ᠨᠢ | ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠬᠤ ᠶᠢ ᠰᠡᠷᠭᠡᠶᠢᠯᠡᠬᠦ ᠬᠡᠷᠡᠭᠲᠡᠢ᠃ | ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠣᠯᠠᠨ ᠨᠡᠶᠢᠲᠡ ᠶᠢᠨ ᠳ᠋ᠤᠭᠠᠷ |