ᠯᠢ ᠴᠢᠶᠠᠩ ᠵᠣᠣ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ | ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ | ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠮᠣᠳᠣ ᠳᠠᠷᠢᠵᠤ ᠣᠶᠢᠵᠢᠭᠤᠯᠬᠤ ᠪᠣᠯ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠯᠠᠮ ᠨᠢᠭᠡ ᠠᠯᠬᠤᠮ ᠬᠥᠳᠡᠯᠦᠯᠴᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠵᠣᠬᠢᠶᠠᠨ | ᠪᠠᠶᠢᠭᠤᠯᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠣᠬᠢᠷᠳᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠰᠣᠶᠣᠯ ᠢ ᠪᠠᠳᠠᠷᠠᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ᠂ | ᠡᠬᠡ ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ᠂ ᠥᠷᠨᠢᠭᠦᠨ ᠪᠠᠳᠠᠷᠠᠩᠭᠤᠢ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | 4 ᠰᠠᠷ᠎ᠠ ᠶᠢᠨ 3 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ | ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠳᠠ ᠶᠢᠨ | ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ ᠬᠦᠷᠴᠦ ᠨᠡᠶᠢᠰᠯᠡᠯ ᠤᠨ ᠠᠯᠪᠠᠨ ᠵᠢᠷᠤᠮ ᠤᠨ | ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ ᠲᠠᠷᠢᠵᠦ ᠪᠠᠶᠢᠭ᠎ᠠ | ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | | ᠬᠠᠩᠰᠢ ᠣᠶᠢᠷᠠᠲᠤᠬᠤ ᠪᠠᠷ᠂ ᠨᠡᠶᠢᠰᠯᠡᠯ ᠪᠡᠭᠡᠵᠢᠩ ᠬᠠᠪᠤᠷ ᠤᠨ ᠥᠩᠭᠡ ᠪᠠᠷ ᠴᠢᠮᠡᠭᠯᠡᠭᠳᠡᠨ ᠡᠰᠡᠨᠢᠯ ᠬᠥᠭᠵᠢᠯ ᠢᠶᠠᠷ | ᠪᠢᠯᠬᠠᠨ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ ᠪᠠ ᠲᠦᠷᠦ ᠶᠢᠨ ᠤᠳᠤᠷᠢᠳᠬᠤ | ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ | ᠬᠠᠨ ᠵᠧᠩ ᠨᠠᠷ ᠬᠠᠮᠲᠤ ᠮᠠᠰᠢᠨ ᠲᠡᠷᠭᠡᠨ ᠳᠤ ᠰᠠᠭᠤᠵᠤ᠂ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ | ᠬᠥᠪᠡᠭᠡᠨ ᠳᠤ ᠬᠦᠷᠴᠦ ᠢᠷᠡᠨ᠂ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠪᠠ᠃ | ᠮᠣᠳᠣ ᠳᠠᠷᠢᠬᠤ ᠭᠠᠵᠠᠷ ᠨᠢ ᠶᠦᠩ ᠳ᠋ᠢᠩ ᠾᠧ ᠭᠤᠣᠯ ᠤᠨ ᠨᠣᠮᠢᠨ ᠨᠣᠭᠤᠭᠠᠨ ᠵᠠᠮ ᠤᠨ ᠵᠢᠱᠢᠶ᠎ᠡ ᠦᠵᠡᠭᠦᠯᠭᠦ | ᠬᠡᠰᠡᠭ ᠲᠤ ᠪᠠᠶᠢᠷᠢᠯᠠᠵᠤ᠂ ᠡᠨᠡ ᠬᠦ ᠣᠷᠣᠨ ᠪᠦᠰᠡ ᠶᠢᠨ ᠤᠰᠤᠨ ᠰᠢᠰᠲ᠋ᠧᠮ ᠤᠨ ᠭᠡᠯᠪᠡᠷᠢ ᠪᠠᠶᠢᠳᠠᠯ ᠨᠢ ᠣᠯᠠᠨ ᠶᠠᠩᠵᠤ ᠶᠢᠨ | ᠪᠠᠶᠢᠵᠤ᠂ ᠤᠰᠤᠨ ᠤ ᠭᠦᠪᠡᠭᠡ ᠪᠠᠷ 7 ᠺᠢᠯᠣᠮᠧᠲᠷ ᠦᠷᠭᠦᠯᠵᠢᠯᠡᠭᠰᠡᠨ ᠣᠷᠣᠨ ᠵᠠᠢ ᠪᠠᠶᠢᠵᠤ᠂ ᠶᠠᠭ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠪᠠ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠬᠤᠣᠰᠯᠠᠭᠤᠯᠤᠭᠰᠠᠨ ᠤᠰᠤᠨ ᠤ | ᠬᠥᠪᠡᠭᠡᠨ ᠤ ᠨᠣᠭᠤᠭᠠᠨ ᠬᠤᠩᠭᠢᠯ ᠢ ᠪᠠᠶᠢᠭᠤᠯᠵᠤ ᠪᠠᠶᠢᠨ᠎ᠠ᠃ | ᠶᠡᠷᠦᠩᠬᠡᠢ ᠱᠦᠵᠢ ᠢᠷᠡᠭᠰᠡᠨ ᠢ ᠦᠵᠡᠭᠡᠳ᠂ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ | ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ | ᠬᠦᠷᠵᠡ ᠪᠠᠷᠢᠨ ᠮᠣᠳᠣ ᠲᠠᠷᠢᠬᠤ ᠭᠠᠵᠠᠷ ᠵᠦᠭ ᠶᠠᠪᠤᠵᠤ᠂ ᠲᠤᠬᠠᠢ ᠶᠢᠨ ᠲᠠᠯᠠᠪᠠᠢ ᠳᠤ ᠮᠣᠳᠣ ᠲᠠᠷᠢᠵᠤ ᠪᠠᠶᠢᠭᠰᠠᠨ ᠪᠡᠭᠡᠵᠢᠩ | ᠬᠤᠳᠠ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠣᠯᠣᠨ ᠺᠠᠳ᠋ᠷ | ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠮᠣᠳᠣ ᠲᠡᠷᠢᠵᠤ ᠡᠬᠢᠯᠡᠪᠡ᠃ | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ | ᠰᠢ ᠶᠢᠨ ᠫᠢᠩ ᠨᠠᠷᠠᠰᠤᠨ ᠮᠣᠳᠣ᠂ ᠠᠯᠲᠠᠨ ᠮᠥᠴᠢᠷᠲᠦ ᠬᠤᠨᠭ᠍ᠭᠤᠷᠴᠤᠬᠲᠤ ᠮᠣᠳᠣ᠂ ᠭᠤᠪᠠᠢ ᠲᠡᠷᠢᠭᠦᠯᠡᠭᠴᠢ ᠮᠣᠳᠣ᠂ | ᠦᠰᠦᠯᠢᠭ ᠲᠤᠷᠤᠭ ᠲᠠᠷᠠᠨᠠᠢ᠂ ᠮᠢᠨᠳᠠᠰᠤᠨ ᠬᠠᠯᠢᠰᠤᠨ ᠮᠣᠳᠣ᠂ ᠬᠠᠲᠠᠭᠤ ᠴᠠᠭᠠᠨ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ | ᠪᠠᠷ ᠳᠠᠷᠢᠪᠠ᠃ ᠰᠢ ᠶᠢᠨ ᠫᠢᠩ ᠮᠣᠳᠣ ᠲᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠪᠠ ᠬᠥᠳᠡᠯᠮᠦᠷᠢᠯᠡᠵᠦ | ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠰᠠᠶᠢᠨ ᠰᠠᠶᠢᠬᠠᠨ ᠠᠮᠢᠳᠤᠷᠠᠯ ᠢ ᠴᠥᠮ | ᠭᠦᠳᠡᠯᠮᠦᠷᠢ ᠳᠤ ᠲᠦᠰᠢᠭᠯᠡᠨ ᠡᠭᠦᠳᠦᠨ ᠪᠦᠲᠦᠭᠡᠳᠡᠭ ᠶᠤᠮ᠂ ᠥᠷᠭᠡᠨ ᠤᠯᠠᠨ ᠵᠠᠯᠠᠭᠤᠴᠤᠳ ᠪᠠᠭᠠᠴᠤᠳ ᠭᠦᠳᠡᠯᠮᠦᠷᠢ ᠶᠢ | ᠬᠠᠶᠢᠷᠠᠯᠠᠵᠤ᠂ ᠡᠬᠡ ᠪᠠᠶᠢᠭᠠᠯᠢ ᠶᠢ ᠬᠠᠶᠢᠷᠠᠯᠠᠵᠤ᠂ ᠮᠣᠳᠣ ᠲᠠᠷᠢᠵᠤ ᠣᠶᠢᠵᠢᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠦᠳᠡᠯᠮᠦᠷᠢ ᠶᠢᠨ ᠳᠤᠮᠳᠠ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ | ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ᠂ ᠮᠡᠳᠡᠯᠭᠡ ᠪᠠᠨ ᠨᠡᠮᠡᠭᠳᠡᠭᠦᠯᠵᠦ᠂ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠭᠡᠵᠦ | ᠴᠢᠬᠤᠯᠠᠴᠢᠯᠠᠪᠠ᠃ ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠵᠤ᠂ | ᠶᠠᠭᠠᠷᠠᠯᠲᠠᠢ ᠠᠵᠢᠯᠯᠠᠵᠠᠭᠠᠨ᠎ᠠ᠃ | ᠮᠣᠳᠣ ᠲᠠᠷᠢᠬᠤ ᠳᠤᠮᠳᠠ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠣᠳᠣᠬᠠᠨ ᠳᠤ ᠮᠠᠨ ᠤ ᠤᠯᠤᠰ ᠤᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ | ᠨᠢᠭᠡᠨᠲᠡ 25% ᠶᠢ ᠳᠠᠪᠠᠵᠤ᠂ ᠪᠦᠭᠦ ᠪᠥᠮᠪᠥᠷᠴᠡᠭ ᠤᠨ 25% ᠣᠷᠴᠢᠮ ᠰᠢᠨ᠎ᠡ ᠪᠠᠷ ᠨᠡᠮᠡᠭᠳᠡᠭᠰᠡᠨ | ᠨᠣᠭᠤᠭᠠᠷᠠᠭᠤᠯᠤᠯᠲᠠ ᠶᠢᠨ ᠲᠠᠯᠠᠪᠠᠢ ᠳᠤ ᠬᠤᠪᠢ ᠨᠡᠮᠡᠷᠢ ᠦᠵᠡᠭᠦᠯᠪᠡ᠃ ᠤᠯᠠᠨ ᠵᠢᠯ ᠴᠢᠷᠮᠠᠶᠢᠬᠤ ᠪᠠᠷ ᠳᠠᠮᠵᠢᠭᠠᠳ᠂ | ᠲᠠᠺᠯᠢᠮᠠᠺᠠᠨ ᠡᠯᠡᠰᠦᠨ ᠴᠦᠯ ᠳᠤ ︽ᠨᠣᠭᠤᠭᠠᠨ ᠣᠷᠢᠶᠠᠯᠲᠠ︾ ᠵᠡᠭᠦᠯᠭᠡᠵᠦ᠂ ᠬᠤᠷᠴᠢᠨ ᠤ ᠡᠯᠡᠰᠦᠷᠬᠡᠭ ᠭᠠᠵᠠᠷ ᠲᠤ ᠲᠠᠯ᠎ᠠ | ᠨᠤᠲᠤᠭ ᠤᠨ ᠥᠩᠭᠡ ᠦᠵᠡᠮᠵᠢ ᠲᠠᠭᠢᠨ ᠢᠯᠡᠷᠡᠪᠡ᠂ ᠡᠳᠡᠭᠡᠷ ᠠᠮᠵᠢᠯᠲᠠ ᠶᠢ ᠭᠢᠯᠪᠡᠷ ᠪᠤᠰᠤ ᠪᠠᠷ ᠣᠯᠵᠤ ᠠᠪᠴᠢᠷᠠᠭᠰᠠᠨ | ᠶᠤᠮ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠲᠤᠬᠠᠢ ᠠᠷᠠᠳ ᠤᠯᠠᠨ ᠤ ᠲᠥᠷᠥᠭᠳᠡᠯ | ᠬᠠᠮᠤᠭ ᠤᠨ ᠰᠢᠭᠤᠳ ᠬᠠᠮᠤᠭ ᠤᠨ ᠦᠨᠡᠨ ᠪᠣᠳᠠᠲᠠᠢ ᠶᠤᠮ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠡᠪᠡᠰᠦ | ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ ᠦᠭᠡᠢ᠂ ᠶᠠᠰᠤ ᠴᠢᠨᠠᠷ ᠦᠷ᠎ᠡ ᠠᠰᠢᠭ ᠪᠠᠰᠠ | ᠲᠡᠶᠢᠮᠦ ᠥᠨᠳᠥᠷ ᠪᠢᠰᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ | ᠵᠢᠯ ᠠᠴᠠ ᠵᠢᠯ ᠨᠡᠩ ᠰᠠᠶᠢᠨ ᠠᠵᠢᠯᠯᠠᠬᠤ ᠪᠠᠷ ᠴᠢᠷᠮᠠᠶᠢᠬᠤ ᠬᠡᠷᠡᠭᠲᠡᠢ ᠭᠡᠪᠡ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠡᠷᠬᠡᠪᠰᠢ ᠨᠣᠭᠤᠭᠠᠷᠠᠭᠤᠯᠤᠯᠲᠠ ᠶᠢ ᠥᠷᠭᠡᠳᠬᠡᠵᠦ | ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ ᠶᠢ | ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠶ ᠰᠢᠭᠤᠢ ᠶᠢᠨ ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ | ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ︽ᠳᠥᠷᠪᠡᠨ ᠬᠥᠮᠥᠷᠭᠡ︾ ᠶᠢᠨ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠶᠠᠰᠤ ᠴᠢᠨᠠᠷ ᠢ ᠳᠡᠭᠡᠭᠰᠢᠯᠡᠭᠦᠯᠭᠦ︾ ᠶᠢ ᠨᠡᠩ ᠴᠢᠬᠤᠯᠠᠴᠢᠯᠠᠵᠤ᠂ ᠤᠢ | ᠰᠢᠭᠤᠢ ᠶᠢᠨ ᠬᠡᠰᠡᠭᠯᠡᠯ ᠤᠨ ᠪᠦᠲᠦᠴᠡ ᠶᠢ ᠰᠢᠯᠢᠳᠡᠭᠵᠢᠭᠦᠯᠵᠦ᠂ ᠤᠢ ᠰᠢᠭᠤᠢ ᠶᠢᠨ ᠡᠵᠡᠩᠨᠡᠯᠲᠡ ᠶᠢ ᠰᠠᠶᠢᠲᠤᠷ ᠬᠢᠵᠦ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠭᠦ ᠬᠡᠷᠡᠭᠲᠡᠢ᠃ ︽ᠠᠵᠤ ᠦᠢᠯᠡᠰ ᠢ | ᠬᠥᠭᠵᠢᠭᠦᠯᠬᠦ︾ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ ᠡᠨᠡᠬᠦ ᠠᠷᠭ᠎ᠠ ᠶᠢ ᠢᠯᠡᠭᠦᠬᠡᠨ ᠬᠡᠷᠡᠭᠯᠡᠨ ᠣᠶ ᠰᠢᠭᠤᠢ | ᠡᠪᠡᠰᠦᠨ ᠤ ᠡᠬᠢ ᠪᠠᠶᠠᠯᠢᠭ ᠢ ᠠᠮᠢᠳᠤᠯᠢᠭ ᠬᠡᠷᠡᠭᠯᠡᠵᠦ᠂ ᠣᠶ ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠬᠤ | ᠬᠡᠷᠡᠭᠲᠡᠢ᠃ ︽ᠠᠷᠠᠳ ᠲᠤ ᠠᠰᠢᠭ ᠬᠦᠷᠲᠡᠭᠡᠬᠦ︾ ᠶᠢ ᠨᠠᠩ ᠴᠢᠬᠤᠯᠠᠴᠢᠯᠠᠵᠤ᠂ ᠣᠯᠠᠨ ᠲᠦᠮᠡᠨ ᠤ ᠳᠡᠷᠭᠡᠳᠡ᠂ ᠨᠢᠳᠦᠨ | ᠡᠮᠦᠨ᠎ᠡ ᠨᠣᠭᠤᠭᠠᠨ ᠥᠩᠭᠡ᠂ ᠭᠤᠸ᠎ᠠ ᠰᠠᠶᠢᠬᠠᠨ ᠨᠡᠮᠡᠷᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠦᠢᠯᠡᠰ ᠲᠠᠬᠢ | ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠪᠠᠨ ᠵᠢᠷᠤᠮ ᠤᠨ ᠮᠣᠳᠣ ᠳᠠᠷᠢᠬᠤ ᠪᠣᠯ ᠪᠦᠭᠦ ᠠᠷᠠᠳ ᠤᠨ ᠠᠵᠢᠯᠯᠠᠭ᠎ᠠ ᠮᠥᠨ᠂ ᠦᠶ᠎ᠡ ᠶᠢᠨ | ᠦᠶ᠎ᠡ ᠪᠤᠤᠬᠢᠶ᠎ᠠ ᠵᠠᠯᠭᠠᠨ ᠠᠵᠢᠯᠯᠠᠬᠤ ᠬᠡᠷᠡᠭᠲᠡᠢ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠣᠷᠤᠯᠴᠠᠬᠤ ᠠᠷᠭ᠎ᠠ | ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂ ᠡᠨᠡ ᠬᠦ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ | ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ | ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃ | |