︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ | ᠭᠦᠨᠵᠡᠭᠡᠢ ᠦᠢᠯᠡᠳᠦᠯᠭᠡᠵᠢᠭᠦᠯᠵᠦ᠂ ᠣᠶ ᠰᠢᠭᠤᠢ ᠡᠪᠡᠰᠦ ᠪᠡᠯᠴᠢᠭᠡᠷ ᠢ ᠰᠦᠢᠳᠬᠡᠬᠦ ᠪᠦᠬᠦ ᠲᠠᠯ᠎ᠠ ᠶᠢᠨ ᠳᠠᠶᠢᠨ ᠢ | ᠬᠤᠷᠢᠭᠯᠠᠨ ᠵᠣᠭᠰᠤᠭᠠᠬᠤ ᠶᠢ ᠡᠷᠡᠰ ᠰᠠᠶᠢᠲᠤᠷ ᠬᠢᠬᠦ ᠶᠢᠨ ᠲᠦᠯᠦᠭᠡ᠂ ᠲᠣᠭᠲᠠᠬᠤ ᠰᠢᠶᠠᠨ ᠤ ᠶᠡᠷᠦᠩᠬᠡᠶᠢᠯᠡᠨ | ᠵᠠᠰᠠᠬᠤ ᠲᠥᠪ ᠤᠨ ᠬᠢᠨ ᠦᠨᠳᠦᠰᠦᠨ ᠱᠠᠲᠤᠨ ᠤ ᠬᠦᠴᠦᠨ ᠢ ᠭᠦᠢᠴᠡᠳ ᠲᠠᠶᠢᠴᠢᠯᠠᠵᠦ᠂ ᠬᠥᠮᠥᠨ ᠤ ᠬᠦᠴᠦᠨ ᠢ | ᠵᠢᠭᠰᠠᠭᠠᠨ ᠪᠠᠶᠢᠴᠠᠭᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠤᠢ ᠰᠢᠭᠤᠢ ᠡᠪᠡᠰᠦ ᠪᠡᠯᠴᠢᠭᠡᠷ ᠤᠨ ᠡᠬᠢ | ᠪᠠᠶᠠᠯᠢᠭ ᠢ ᠬᠠᠮᠠᠭᠠᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠯᠲᠡᠢ | ᠲᠥᠯᠥᠪᠵᠢᠭᠦᠯᠦᠨ ᠪᠠᠶᠢᠷᠢᠯᠠᠭᠤᠯᠬᠤ᠂ ᠬᠠᠮᠵᠢᠯᠴᠠᠨ ᠬᠠᠮᠲᠤᠷᠠᠯᠴᠠᠬᠤ ᠪᠠᠷ ᠳᠠᠮᠵᠢᠭᠤᠯᠵᠤ᠂ ᠤᠢ ᠰᠢᠭᠤᠢ ᠡᠪᠡᠰᠦ | ᠪᠡᠯᠴᠢᠭᠡᠷ ᠢ ᠰᠦᠢᠳᠬᠡᠬᠦ ᠨᠡᠮᠡᠭᠳᠡᠯ ᠤᠨ ᠬᠡᠮᠵᠢᠶ᠎ᠡ ᠶᠢᠨ ᠠᠰᠠᠭᠤᠳᠠᠯ ᠢ ᠪᠦᠲᠦᠮᠵᠢᠲᠡᠢ ᠬᠤᠷᠢᠭᠯᠠᠬᠤ ᠶᠢᠨ ᠬᠠᠮᠲᠤ ᠪᠦᠬᠦ | ᠠᠷᠠᠳ ᠤᠨ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠢᠯᠡᠳᠲᠡ | ᠳᠡᠭᠡᠭᠰᠢᠯᠡᠭᠦᠯᠵᠦ᠂ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ | ᠵᠢᠭᠰᠠᠭᠠᠨ ᠪᠠᠶᠢᠴᠠᠭᠠᠬᠤ ᠰᠡᠷᠭᠡᠶᠢᠯᠡᠯᠲᠡ ᠶᠢᠨ ᠲᠣᠣᠷ ᠢ ᠪᠠᠲᠤ ᠴᠣᠭᠴᠠᠯᠠᠪᠠ᠄ ᠰᠢᠶᠠᠨ ᠤ ᠶᠡᠷᠦᠩᠬᠡᠶᠢᠯᠡᠨ | ᠵᠠᠰᠠᠬᠤ ᠲᠥᠪ ᠨᠢ ᠦᠨᠳᠦᠰᠦᠨ ᠱᠠᠲᠤᠨ ᠤ ᠭᠤᠣᠯᠯᠠᠭᠴᠢ ᠬᠦᠴᠦᠨ ᠪᠣᠯᠭᠠᠵᠤ᠂ 244 ᠲᠣᠣᠷᠵᠢᠯ ᠤᠨ | ᠠᠵᠢᠯᠲᠠᠨ ᠢ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠶᠢᠭᠤᠯᠵᠤ᠂ ᠲᠣᠣᠷᠵᠢᠯ ᠤᠨ ᠨᠠᠮ ᠤᠨ ᠳᠤᠭᠤᠶᠢᠯᠠᠩ | ᠪᠣᠯᠣᠨ ᠬᠤᠯᠪᠣᠭᠠᠲᠤ ᠡᠷᠦᠬᠡ ᠶᠢᠨ ᠳᠠᠷᠤᠭ᠎ᠠ ᠲᠠᠢ ᠪᠦᠲᠦᠮᠵᠢᠲᠡᠢ ᠬᠤᠯᠪᠤᠭᠠᠯᠠᠨ ᠬᠥᠳᠡᠯᠦᠯᠴᠡᠵᠦ᠂ ᠪᠦᠬᠦ ᠰᠢᠶᠠᠨ ᠤ | ᠤᠢ ᠰᠢᠭᠤᠢ ᠡᠪᠡᠰᠦ ᠪᠡᠯᠴᠢᠭᠡᠷ ᠤᠨ ᠲᠤ ︽ᠲᠣᠣᠷ ᠲᠠᠲᠠᠬᠤ ᠬᠡᠯᠪᠡᠷᠢ︾ ᠪᠠᠷ ᠲᠤᠬᠠᠢ ᠶᠢᠨ ᠭᠠᠵᠠᠷ ᠲᠤᠨᠢ | ᠪᠠᠶᠢᠴᠠᠭᠠᠯᠲᠠ ᠬᠢᠪᠡ᠃ ᠲᠤᠤᠷᠵᠢᠯ ᠤᠨ ᠨᠠᠮ ᠤᠨ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠢᠭᠰᠠᠭᠠᠨ ᠪᠠᠶᠢᠴᠠᠭᠠᠬᠤ ᠱᠤᠭᠤᠮ ᠢ ᠤᠨᠢᠨ ᠳᠡᠭᠡᠷ᠎ᠡ ᠨᠢ | ᠲᠥᠯᠥᠪᠵᠢᠭᠦᠯᠪᠡ︔ ᠲᠤᠤᠷᠵᠢᠯ ᠤᠨ ᠠᠵᠢᠯᠲᠠᠨ ︽ᠡᠮᠦᠨ᠎ᠡ ᠬᠠᠷᠠᠭᠤᠯ︾ ᠤᠨ ᠦᠢᠯᠡᠳᠦᠯ ᠢᠶᠠᠨ ᠪᠠᠳᠠᠷᠠᠭᠤᠯᠵᠤ᠂ | ᠭᠠᠵᠠᠷ ᠪᠣᠯᠭᠠᠨ ᠤ ᠣᠶ ᠰᠢᠭᠤᠢ ᠡᠪᠡᠰᠦᠲᠦ ᠭᠠᠵᠠᠷ ᠢ ᠨᠠᠷᠢᠨ ᠨᠢᠮᠪᠠᠢ ᠬᠠᠶᠢᠨ ᠪᠠᠶᠢᠴᠠᠭᠠᠨ᠎ᠠ︔ ᠬᠤᠯᠪᠣᠭᠠᠲᠤ | ᠡᠷᠦᠬᠡ ᠶᠢᠨ ᠳᠠᠷᠤᠭ᠎ᠠ ᠨᠢ ᠲᠠᠨᠢᠯ ᠳᠠᠰᠤᠯ ᠪᠣᠯᠤᠭᠰᠠᠨ ᠳᠠᠪᠠᠭᠤᠯᠢᠭ ᠲᠠᠭᠠᠨ ᠲᠦᠰᠢᠭᠯᠡᠨ᠂ ᠵᠢᠭᠰᠠᠭᠠᠨ ᠪᠠᠶᠢᠴᠠᠭᠠᠬᠤ | ᠠᠵᠢᠯ ᠢ ᠬᠠᠪᠰᠤᠷᠤᠨ ᠬᠥᠲᠥᠯᠥᠨ ᠵᠢᠯᠣᠭᠤᠳᠤᠨ᠎ᠠ᠃ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ | ᠲᠣᠭᠤᠷᠢᠨ ᠪᠠᠶᠢᠴᠠᠭᠠᠬᠤ + ︽ᠡᠷᠬᠢᠨ ᠬᠠᠷᠠᠬᠤ︾ ᠠᠷᠭ᠎ᠠ ᠮᠠᠶ᠋ᠢᠭ ᠢ ᠠᠪᠴᠤ᠂ ᠥᠨᠴᠥᠭ ᠪᠤᠯᠤᠩ ᠦᠭᠡᠢ᠂ | ᠰᠣᠬᠤᠷ ᠪᠠᠯᠠᠢ ᠣᠷᠣᠨ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠤᠷᠳᠤᠴᠠ ᠶᠢ ᠳᠡᠭᠡᠭᠰᠢᠯᠡᠭᠦᠯᠦᠨ ᠶᠠᠰᠤ | ᠴᠢᠨᠠᠷ ᠢ ᠳᠡᠭᠡᠭᠰᠢᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠬᠦ ᠨᠡᠮᠡᠭᠳᠡᠯ ᠤᠨ ᠬᠡᠮᠵᠢᠶ᠎ᠡ ᠶᠢ ᠬᠤᠷᠢᠭᠯᠠᠨ | ᠵᠣᠭᠰᠣᠭᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢᠶᠠᠷ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠣᠣᠷ ᠢ ᠴᠣᠭᠴᠠᠯᠠᠨ᠎ᠠ᠃ | ᠲᠤᠤᠷᠵᠢᠯ ᠤᠨ ᠠᠵᠢᠯᠲᠠᠨ ᠪᠣᠯᠣᠨ ᠬᠤᠯᠪᠣᠭᠠᠲᠤ ᠡᠷᠦᠬᠡ ᠶᠢᠨ ᠳᠠᠷᠤᠭ᠎ᠠ ᠬᠤᠣᠰᠯᠠᠨ ᠡᠷᠦᠬᠡ ᠳᠤ ᠣᠷᠣᠵᠤ᠂ | ᠲᠤᠤᠷᠵᠢᠯ ᠤᠨ ᠨᠠᠮ ᠤᠨ ᠳᠤᠭᠤᠶᠢᠯᠠᠩ ᠤᠨ ᠬᠢᠨ ᠠᠭᠤᠯᠭ᠎ᠠ ᠶᠢ ᠤᠬᠠᠭᠠᠯᠠᠨ ᠰᠡᠳᠦᠵᠦ᠂ ᠠᠶᠢᠵᠠᠮ ᠢ ᠡᠵᠡᠮᠳᠡᠨ᠂ ︽ | ᠡᠭᠦᠳᠡ ᠲᠣᠭᠰᠢᠬᠤ ᠤᠬᠠᠭᠤᠯᠭ᠎ᠠ︾ ᠶᠢᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ︽ᠤᠢ ᠰᠢᠭᠤᠢ ᠡᠪᠡᠰᠦ | ᠪᠡᠯᠴᠢᠭᠡᠷ ᠢ ᠰᠦᠢᠳᠬᠡᠬᠦ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭᠠᠵᠠᠯᠠᠬᠤ ᠲᠤᠬᠠᠢ | ᠮᠡᠳᠡᠭᠳᠡᠬᠦ ᠪᠢᠴᠢᠭ︾ ᠢ ᠨᠡᠶᠢᠳᠡ 705 ᠬᠤᠪᠢ ᠲᠠᠷᠬᠠᠭᠠᠵᠤ᠂ ︽ᠤᠢ ᠰᠢᠭᠤᠢ ᠡᠪᠡᠰᠦ ᠪᠡᠯᠴᠢᠭᠡᠷ ᠢ | ᠰᠦᠢᠳᠬᠡᠬᠦ ᠶᠢ ᠴᠢᠩᠭ᠎ᠠ ᠴᠠᠭᠠᠵᠠᠯᠠᠬᠤ ᠠᠮᠠᠯᠠᠯᠲᠠ ᠶᠢᠨ ᠪᠢᠴᠢᠭ︾ ᠢ 1025 ᠬᠤᠪᠢ ᠲᠣᠭᠲᠠᠭᠠᠵᠤ᠂ ᠨᠡᠶᠢᠲᠡᠯᠢᠭ | ᠬᠡᠷᠡᠭ ᠤᠨ ᠵᠢᠱᠢᠶ᠎ᠡ ᠶᠢ 700 ᠭᠠᠷᠤᠢ ᠤᠳᠠᠭ᠎ᠠ ᠲᠠᠶᠢᠯᠪᠤᠷᠢᠯᠠᠪᠠ᠃ ᠡᠷᠦᠬᠡ ᠪᠦᠷᠢ ᠳᠤ ᠲᠤᠤᠷᠵᠢᠯ ᠤᠨ ᠠᠵᠢᠯᠲᠠᠨ | ᠲᠤᠰᠬᠠᠢ ᠮᠡᠷᠭᠡᠵᠢᠯ ᠢᠶᠠᠷ ᠢᠶᠠᠨ ᠬᠠᠤᠯᠢ ᠲᠣᠭᠲᠠᠭᠠᠯ ᠢ ᠲᠣᠳᠣᠷᠬᠠᠢ ᠶᠠᠷᠢᠵᠤ᠂ ᠬᠤᠯᠪᠣᠭᠠᠲᠤ ᠡᠷᠦᠬᠡ ᠶᠢᠨ ᠳᠠᠷᠤᠭ᠎ᠠ | ᠲᠠᠨᠢᠯ ᠳᠠᠰᠤᠯ ᠳᠦᠷᠢ ᠪᠠᠷ ᠢᠶᠠᠨ ᠣᠶᠢᠷᠠᠲᠤᠭᠤᠯᠵᠤ᠂ ᠲᠤᠤᠷᠵᠢᠯ ᠤᠨ ᠨᠠᠮ ᠤᠨ ᠳᠤᠭᠤᠶᠢᠯᠠᠩ ᠬᠡᠷᠡᠭ ᠤᠨ ᠵᠢᠱᠢᠶ᠎ᠡ ᠶᠢ | ᠠᠰᠢᠭᠯᠠᠨ ᠰᠦᠷᠳᠡᠭᠦᠯᠦᠯ ᠢᠶᠠᠨ ᠴᠢᠩᠭᠠᠳᠬᠠᠵᠤ᠂ ︽ᠤᠢ ᠰᠢᠭᠤᠢ ᠶᠢ ᠡᠪᠳᠡᠪᠡᠯ ᠵᠠᠪᠠᠯ ᠨᠡᠬᠡᠮᠵᠢᠯᠡᠵᠦ᠂ ᠡᠪᠡᠰᠦ | ᠪᠡᠯᠴᠢᠭᠡᠷ ᠢ ᠡᠪᠳᠡᠪᠡᠯ ᠵᠠᠪᠠᠯ ᠰᠢᠳᠬᠡᠬᠦ︾ ᠬᠠᠤᠯᠢᠵᠢᠯ ᠤᠨ ᠣᠶᠢᠯᠠᠭᠠᠭᠳᠠᠬᠤᠨ ᠢ ᠲᠣᠰᠬᠤᠨ ᠤ ᠠᠷᠠᠳ ᠤᠨ | ᠰᠡᠳᠬᠢᠯ ᠳᠤ ᠭᠦᠨ ᠬᠠᠳᠠᠩᠰᠢᠭᠤᠯᠵᠠᠢ᠃ ᠲᠣᠰᠬᠤᠨ ᠤ ᠠᠷᠠᠳ ᠤᠨ ᠬᠠᠮᠠᠭᠠᠯᠠᠯᠲᠠ ᠶᠢᠨ ᠤᠬᠠᠮᠰᠠᠷ ᠢ ᠶᠡᠭᠡ ᠪᠠᠷ | ᠳᠡᠭᠡᠭᠰᠢᠯᠡᠭᠦᠯᠦᠨ᠂ ︽ᠬᠥᠮᠥᠨ ᠪᠦᠬᠦᠨ ᠬᠠᠤᠯᠢ ᠶᠢ ᠮᠡᠳᠡᠵᠦ᠂ ᠡᠷᠦᠬᠡ ᠪᠣᠯᠭᠠᠨ ᠨᠣᠭᠤᠭᠠᠷᠠᠭᠤᠯᠤᠯᠲᠠ ᠶᠢ | ᠬᠠᠮᠠᠭᠠᠯᠠᠬᠤ︾ ᠠᠮᠢᠳᠤᠯᠢᠭ ᠪᠠᠶᠢᠳᠠᠯ ᠢ ᠪᠣᠶ ᠪᠣᠯᠭᠠᠪᠠ᠃ | ᠰᠢᠶᠠᠨ ᠤ ᠶᠡᠷᠦᠩᠬᠡᠶᠢᠯᠡᠨ ᠵᠠᠰᠠᠬᠤ ᠲᠥᠪ ᠨᠢ ᠦᠨᠳᠦᠰᠦᠨ ᠱᠠᠲᠤᠨ ᠤ ᠬᠦᠴᠦᠨ ᠢᠶᠠᠷ ᠭᠤᠣᠯ ᠪᠣᠯᠭᠠᠵᠤ᠂ | ᠦᠷᠭᠦᠯᠵᠢᠯᠡᠨ ᠡᠨᠧᠷᠭᠢ ᠣᠯᠭᠤᠵᠤ ᠤᠢ ᠰᠢᠭᠤᠢ ᠡᠪᠡᠰᠦᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠢᠨ᠎ᠡ᠃ | ᠨᠢᠭᠡ ᠲᠠᠯ᠎ᠠ ᠪᠠᠷ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠤᠳᠠᠭ᠎ᠠ ᠶᠢ ᠴᠢᠩᠭᠠᠳᠬᠠᠵᠤ᠂ ᠬᠥᠮᠥᠰ ᠤᠨ | ᠲᠠᠨᠢᠯ ᠳᠠᠰᠤᠯ ᠪᠣᠯᠤᠭᠰᠠᠨ ᠳᠠᠪᠠᠭᠤᠯᠢᠭ ᠢ ᠠᠰᠢᠭᠯᠠᠵᠤ᠂ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ | ᠰᠢᠢᠳᠪᠦᠷᠢᠯᠡᠬᠦ ᠶᠢ ᠪᠡᠶᠡᠯᠡᠭᠦᠯᠪᠡ︔ ᠨᠦᠭᠦᠭᠡ ᠲᠠᠯ᠎ᠠ ᠪᠠᠷ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠠᠮᠢ | ᠠᠬᠤᠢ ᠶᠢᠨ ᠣᠶᠢᠯᠠᠭᠠᠭᠳᠠᠬᠤᠨ ᠢ ᠤᠯᠠᠮᠵᠢᠯᠠᠬᠤ ︽ᠬᠥᠩᠭᠡᠨ ᠮᠣᠷᠢᠲᠤ ᠴᠡᠷᠢᠭ︾ ᠪᠣᠯᠭᠠᠵᠤ᠂ ᠪᠦᠬᠦ ᠠᠷᠠᠳ ᠤᠨ | ᠬᠠᠤᠯᠢᠵᠢᠯ ᠤᠨ ᠤᠬᠠᠮᠰᠠᠷ ᠪᠣᠯᠣᠨ ᠠᠮᠢ ᠠᠬᠤᠢ ᠶᠢᠨ ᠤᠬᠠᠮᠰᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠣᠲᠣ ᠶᠢᠨ ᠪᠠᠶᠢᠭ᠎ᠠ ᠦᠷ᠎ᠡ ᠪᠦᠲᠦᠭᠡᠯ ᠢᠶᠠᠨ ᠪᠠᠬᠢᠵᠢᠭᠦᠯᠬᠦ ᠪᠠᠷ ᠳᠠᠮᠵᠢᠭᠤᠯᠤᠨ᠂ ᠬᠠᠮᠤᠭ ᠤᠨ ᠶᠡᠭᠡ ᠦᠢᠯᠡᠳᠦᠯ | ᠴᠢᠳᠠᠪᠤᠷᠢ ᠶᠢ ᠪᠠᠳᠠᠷᠠᠭᠤᠯᠵᠤ᠂ ᠰᠢᠨ᠎ᠡ ᠪᠠᠷ ᠨᠡᠮᠡᠭᠳᠡᠭᠰᠡᠨ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠦᠶᠯᠡ | ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠳᠠ ᠶᠢ ᠦᠷᠭᠦᠯᠵᠢᠯᠡᠨ ᠰᠠᠶᠢᠵᠢᠷᠠᠭᠤᠯᠵᠤ᠂ ᠰᠢᠶᠠᠨ ᠤ ᠬᠡᠪᠴᠢᠶᠡᠨ ᠤ ᠠᠮᠢ ᠠᠬᠤᠢ ᠶᠢᠨ | ᠠᠮᠤᠷ ᠲᠦᠪᠰᠢᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠬᠦ ᠬᠡᠷᠡᠭᠲᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |