5 ᠳ᠋ᠤᠭᠠᠷ ᠰᠠᠷ᠎ᠠ ᠪᠣᠯ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ | ᠪᠣᠯᠣᠨ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ | ᠲᠥᠯᠥᠭᠡ᠂ 5 ᠳ᠋ᠤᠭᠠᠷ ᠰᠠᠷ᠎ᠠ ᠶᠢᠨ 6 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠲᠣᠭᠲᠠᠬᠤ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠭᠤᠸᠠᠩ ᠮᠢᠩ ᠨᠡᠶᠢᠭᠡᠮ | ᠲᠣᠭᠤᠷᠢᠭ ᠲᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠶ᠎ᠠ︾ ᠪᠠᠷ | ᠭᠤᠣᠯ ᠰᠡᠳᠦᠪ ᠪᠣᠯᠭᠠᠭᠰᠠᠨ ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠭᠢᠯᠡᠪᠡ᠃ | | | | | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠯᠢᠦ ᠼᠠᠢ | ᠰᠢᠶᠠ ᠶᠢ ᠤᠷᠢᠵᠤ᠂ ᠰᠢᠶᠠᠨ ᠤ ᠲᠡᠦᠬᠡ ᠶᠢᠨ ᠬᠤᠪᠢᠷᠠᠯᠲᠠ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠨᠦᠭᠦᠳ ᠤᠨ ᠠᠳᠠᠯᠢ ᠪᠤᠰᠤ ᠲᠡᠦᠬᠡᠨ ᠴᠠᠭ ᠦᠶ᠎ᠡ ᠳᠠᠬᠢ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠦᠯᠢᠭᠡᠷ ᠢ ᠶᠠᠷᠢᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠵᠡᠷᠭᠡᠴᠡᠨ ᠣᠷᠣᠰᠢᠵᠤ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠵᠢᠷᠤᠭ ᠢ ᠠᠮᠢᠳᠤᠯᠢᠭ ᠢᠶᠠᠷ ᠳᠡᠯᠭᠡᠨ | ᠦᠵᠡᠭᠦᠯᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠠᠵᠢᠯᠲᠠᠳ ᠰᠠᠭᠤᠭᠠᠯᠢ ᠠᠷᠠᠳ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠦᠷᠢᠮ︾ ᠪᠣᠯᠣᠨ ᠳᠠᠩᠰᠠ | ᠡᠪᠬᠡᠮᠡᠯ ᠤᠨ ᠤᠭᠤᠲᠠ ᠵᠡᠷᠭᠡ ᠤᠬᠠᠭᠤᠯᠭ᠎ᠠ ᠶᠢᠨ ᠡᠳ᠋ ᠪᠣᠳᠠᠰ ᠢ ᠲᠠᠷᠬᠠᠭᠠᠵᠠᠢ᠃ | | | | | ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠤᠯᠠᠨ ᠲᠦᠮᠡᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠤᠨ ᠲᠤᠬᠠᠢ ᠣᠶᠢᠯᠠᠭᠠᠯᠲᠠ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠵᠡᠢ᠃ | ᠳᠠᠷᠠᠭᠠᠴᠢ ᠶᠢᠨ ᠠᠯᠬᠤᠮ ᠳᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠷᠭᠦᠯᠵᠢᠯᠡᠨ ᠲᠥᠯᠥᠪᠯᠡᠭᠡ | ᠶᠣᠰᠣᠭᠠᠷ ᠡᠯ᠎ᠡ ᠬᠦᠷᠢᠶᠡᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠤᠣᠯ ᠰᠡᠳᠦᠪ ᠢ ᠬᠥᠮᠥᠰ ᠤᠨ ᠰᠡᠳᠬᠢᠯ ᠳᠤ | ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠡᠭᠦᠷᠢᠳᠡ ᠴᠡᠴᠡᠭᠯᠡᠭᠦᠯᠦᠨ | ᠳᠡᠯᠭᠡᠷᠡᠭᠦᠯᠦᠨ᠎ᠡ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |