ᠲᠣᠭᠲᠠᠬᠤ ᠰᠢᠶᠠᠨ ᠤ ᠨᠣᠮ ᠤᠨ ᠰᠠᠩ ︽ᠭᠤᠸ᠎ᠠ ᠰᠠᠶᠢᠬᠠᠨ ᠤ ᠬᠥᠮᠦᠵᠢᠯ ᠰᠡᠳᠬᠢᠯ ᠢ ᠤᠮᠳᠠᠯᠠᠵᠤ᠂ ᠡᠬᠡ ᠶᠢᠨ ᠢᠶᠠᠨ ᠬᠠᠶᠢᠷ᠎ᠠ ᠳᠤ ᠲᠠᠯᠠᠷᠬᠠᠶ᠎ᠠ︾ ᠭᠠᠷ ᠤᠷᠠᠯᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/12
      ︽ᠡᠬᠡᠴᠦᠦᠯ ᠤᠨ ᠪᠠᠶᠠᠷ︾ ᠬᠦᠷᠴᠦ ᠢᠷᠡᠬᠦ ᠶᠢ ᠤᠭᠲᠤᠵᠤ᠂ ᠬᠡᠦᠬᠡᠳ ᠤᠳ ᠤᠨ ᠠᠴᠢᠯᠠᠯᠲᠤ ᠰᠡᠳᠬᠢᠯᠭᠡ ᠶᠢ ᠬᠥᠮᠥᠵᠢᠭᠦᠯᠦᠨ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 10 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠨᠣᠮ ᠤᠨ ᠰᠠᠩ ︽ᠭᠤᠸ᠎ᠠ ᠰᠠᠶᠢᠬᠠᠨ ᠤ ᠬᠥᠮᠦᠵᠢᠯ ᠨᠢ ᠰᠡᠳᠬᠢᠯ ᠢ ᠤᠮᠳᠠᠯᠠᠵᠤ᠂ ᠡᠬᠡ ᠶᠢᠨ ᠢᠶᠠᠨ ᠬᠠᠶᠢᠷ᠎ᠠ ᠳᠤ ᠲᠠᠯᠠᠷᠬᠠᠶ᠎ᠠ︾ ᠡᠴᠢᠭᠡ ᠡᠬᠡ ᠦᠷ᠎ᠡ ᠬᠡᠦᠬᠡᠳ ᠤᠨ ᠭᠠᠷ ᠤᠷᠠᠯᠠᠯ ᠤᠨ ᠠᠵᠢᠯᠯᠠᠭ᠎ᠠ ᠶᠢ ᠡᠷᠭᠢᠯᠡᠵᠦ᠂ ᠦᠢ ᠣᠯᠠᠨ ᠭᠡᠷ ᠪᠦᠯᠢ ᠶᠢᠨ ᠬᠢᠨ ᠤ ᠢᠳᠡᠪᠬᠢᠲᠡᠢ ᠣᠷᠣᠯᠴᠠᠬᠤ ᠶᠢ ᠵᠤᠷᠢᠭᠵᠢᠭᠤᠯᠪᠠ᠃      ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠰᠧᠨ ᠯᠢᠨ ᠬᠡᠦᠬᠡᠳ ᠤᠨ ᠵᠢᠷᠤᠭ ᠤᠨ  ᠪᠤᠯᠪᠠᠰᠤᠷᠠᠯ ᠤᠨ ᠪᠠᠶᠢᠭᠤᠯᠤᠮᠵᠢ ᠶᠢᠨ ᠪᠠᠭᠰᠢ ᠨᠠᠷ ᠠᠮᠢᠳᠤᠯᠢᠭ ᠰᠣᠨᠢᠷᠬᠠᠯᠲᠠᠢ ᠥᠯᠢᠭᠡᠷ ᠪᠠ ᠣᠶᠢᠯᠠᠭᠠᠮᠵᠢᠲᠠᠢ ᠲᠠᠶᠢᠯᠪᠤᠷᠢᠯᠠᠯᠲᠠ ᠪᠠᠷ ᠳᠠᠮᠵᠢᠭᠤᠯᠤᠨ᠂ ᠬᠡᠦᠬᠡᠳ ᠤᠳ ᠲᠤ ᠡᠬᠡᠴᠦᠦᠯ ᠤᠨ ᠪᠠᠶᠠᠷ ᠤᠨ ᠢᠷᠡᠯᠲᠡ ᠪᠠ ᠤᠳᠬ᠎ᠠ ᠠᠭᠤᠯᠭ᠎ᠠ ᠶᠢ ᠲᠠᠨᠢᠯᠴᠠᠭᠤᠯᠵᠤ᠂ ᠬᠡᠦᠬᠡᠳ ᠤᠳ ᠢ ᠬᠠᠷᠠᠬᠠᠨ ᠪᠠᠭ᠎ᠠ ᠠᠴᠠ ᠪᠠᠨ ᠡᠮᠡᠭᠲᠡᠶᠢᠴᠦᠳ ᠢ ᠬᠦᠨᠳᠦᠳᠬᠡᠬᠦ ᠪᠠ ᠬᠠᠯᠠᠮᠵᠢᠯᠠᠨ ᠬᠠᠶᠢᠷᠠᠯᠠᠬᠤ ᠶᠢ ᠰᠤᠷᠬᠤ ᠪᠠᠷ ᠬᠥᠲᠥᠯᠥᠨ ᠵᠢᠯᠣᠭᠤᠳᠪᠠ᠃ ᠲᠡᠭᠦᠨ ᠠᠴᠠ ᠬᠤᠶᠢᠰᠢ᠂ ᠬᠠᠶᠢᠷ᠎ᠠ ᠰᠡᠳᠬᠢᠯᠭᠡ ᠪᠠᠷ ᠪᠢᠯᠬᠠᠮ᠎ᠠ ᠭᠡᠷᠡᠯ ᠵᠢᠷᠤᠭ ᠤᠨ ᠬᠦᠷᠢᠶ᠎ᠡ ᠶᠢ ᠦᠢᠯᠡᠳᠬᠦ ᠶᠠᠪᠤᠴᠠ ᠳᠤ᠂ ᠡᠴᠢᠭᠡ ᠡᠬᠡ ᠦᠷ᠎ᠡ ᠬᠡᠦᠬᠡᠳ ᠤᠨ ᠬᠠᠮᠵᠢᠯᠴᠠᠭ᠎ᠠ ᠨᠢ ᠶᠠᠭ ᠨᠢᠭᠡᠨ ᠬᠠᠯᠠᠭᠤᠨ ᠳᠤᠯᠠᠭᠠᠨ ᠵᠢᠷᠤᠭ ᠰᠢᠭ᠋ ᠠᠭᠠᠵᠢᠮ ᠢᠶᠠᠷ ᠳᠡᠯᠭᠡᠭᠳᠡᠪᠡ᠃ ᠬᠡᠦᠬᠡᠳ ᠤᠳ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠲᠠᠢ ᠪᠠᠷ ᠥᠩᠭᠡ ᠪᠤᠳᠤᠭ ᠰᠣᠩᠭᠤᠵᠤ᠂ ᠭᠡᠷ ᠤᠨ ᠠᠬᠠᠮᠠᠳ ᠤᠨ ᠬᠠᠯᠠᠰᠢᠷᠠᠯ ᠦᠭᠡᠢ ᠵᠢᠯᠣᠭᠤᠳᠤᠯᠭ᠎ᠠ ᠪᠠ ᠡᠶᠡᠯᠰᠡᠭ ᠳᠣᠲᠣᠨᠣ ᠬᠠᠪᠰᠤᠷᠤᠯᠭ᠎ᠠ ᠳᠣᠣᠷ᠎ᠠ ᠡᠬᠡ ᠶᠢᠨ ᠬᠠᠶᠢᠷ᠎ᠠ ᠶᠢ ᠵᠢᠷᠤᠭᠯᠠᠵᠤ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠠᠭᠤᠰᠤᠯᠴᠠᠯ ᠤᠨ ᠦᠷ᠎ᠡ ᠪᠦᠲᠦᠭᠡᠯ ᠪᠤᠢ ᠪᠤᠯᠭᠠᠵᠠᠢ᠃      ᠲᠣᠰ ᠤᠳᠠᠭᠠᠨ ᠤ ᠠᠵᠢᠯᠯᠠᠭ᠎ᠠ ᠨᠢ ᠭᠠᠷ ᠬᠥᠳᠡᠯᠦᠨ ᠦᠢᠯᠡᠳᠦᠯᠭᠡᠵᠢᠭᠦᠯᠬᠦ ᠪᠠᠷ ᠳᠡᠮᠵᠢᠨ᠂ ᠭᠠᠷ ᠤᠷᠠᠯᠠᠯ ᠤᠨ ᠦᠢᠯᠡᠳᠬᠡᠯ ᠤᠨ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠤ ᠪᠣᠯᠬᠤ ᠪᠠᠷ ᠪᠠᠷᠠᠬᠤ ᠦᠭᠡᠢ ᠪᠠᠰᠠ ᠬᠡᠦᠬᠡᠳ ᠤᠨ ᠭᠠᠷ ᠬᠥᠳᠡᠯᠬᠦ ᠴᠢᠳᠠᠪᠤᠷᠢ᠂ ᠣᠷᠣᠨ ᠵᠠᠢ ᠶᠢᠨ ᠰᠡᠳᠬᠢᠬᠦᠢ ᠪᠠ ᠪᠦᠲᠦᠭᠡᠯᠴᠢ ᠴᠢᠳᠠᠪᠤᠷᠢ ᠶᠢ ᠬᠥᠮᠥᠵᠢᠭᠦᠯᠵᠦ᠂ ᠥᠪᠡᠷᠮᠢᠴᠡ ᠭᠤᠸ᠎ᠠ ᠰᠠᠶᠢᠬᠠᠨ ᠤ ᠬᠥᠮᠦᠵᠢᠯ ᠤᠨ ᠣᠨᠴᠠᠯᠢᠭ ᠢ ᠪᠦᠷᠢᠯᠳᠦᠭᠦᠯᠵᠦ᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂  ᠭᠤᠸ᠎ᠠ ᠲᠠᠭᠠᠰᠢᠶᠠᠯ ᠤᠨ ᠬᠡᠪ ᠪᠣᠯᠪᠠᠰᠤᠷᠠᠯ ᠪᠠ ᠪᠦᠲᠦᠭᠡᠯᠴᠢ ᠴᠢᠳᠠᠪᠤᠷᠢ ᠶᠢ ᠳᠡᠭᠡᠭᠰᠢᠯᠡᠭᠦᠯᠵᠦ ᠴᠢᠳᠠᠵᠠᠢ᠃ ᠬᠤᠶᠢᠰᠢᠳᠠ᠂ ᠲᠣᠭᠲᠠᠬᠤ ᠰᠢᠶᠠᠨ ᠤ ᠨᠣᠮ ᠤᠨ ᠰᠠᠩ ᠦᠢᠯᠡᠴᠢᠯᠡᠭᠡᠨ ᠤ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠢᠯᠯᠠᠭᠠᠨ ᠤ ᠠᠭᠤᠯᠭ᠎ᠠ ᠪᠠᠨ ᠪᠠᠶᠠᠯᠢᠭᠵᠢᠭᠤᠯᠤᠨ᠂ ᠥᠪᠡᠷᠮᠢᠴᠡ ᠣᠨᠴᠠᠯᠢᠭ ᠪᠠ ᠤᠳᠬ᠎ᠠ ᠠᠭᠤᠯᠭ᠎ᠠ ᠲᠠᠢ ᠰᠣᠶᠣᠯ ᠤᠨ ᠠᠵᠢᠯᠯᠠᠭ᠎ᠠ ᠶᠢ ᠨᠠᠩ ᠣᠯᠠᠨ ᠡᠷᠭᠢᠯᠡᠵᠦ᠂ ᠥᠷᠭᠡᠨ ᠣᠯᠠᠨ ᠤᠩᠰᠢᠭᠴᠢᠳ ᠲᠤ ᠨᠠᠩ ᠰᠢᠯᠢᠳᠡᠭ᠂ ᠣᠯᠠᠨ ᠡᠰᠢᠲᠦ ᠰᠣᠶᠣᠯ ᠤᠨ ᠣᠶᠢᠯᠠᠭᠠᠯᠲᠠ ᠬᠠᠩᠭᠠᠵᠤ᠂ ᠨᠣᠮ ᠤᠨ ᠰᠠᠩ ᠢ ᠤᠩᠰᠢᠭᠴᠢᠳ ᠤᠨ ᠰᠡᠳᠬᠢᠯ ᠵᠢᠷᠦᠬᠡᠨ ᠳᠠᠬᠢ ᠣᠶᠤᠨ ᠰᠠᠨᠠᠭᠠᠨ ᠤ ᠭᠡᠷ ᠣᠷᠣᠨ ᠪᠠ ᠰᠣᠶᠣᠯ ᠤᠨ ᠨᠣᠭᠤᠭᠠᠨ ᠪᠦᠷᠢᠳᠦ ᠪᠣᠯᠭᠠᠬᠤ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠤᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1