ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠳᠠ ᠶᠢ ᠰᠠᠶᠢᠳᠦᠷ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2025/5/12
      4 ᠳ᠋ᠤᠭᠡᠷ ᠰᠠᠷ᠎ᠠ ᠶᠢᠨ 25 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠰᠤᠳᠤᠯᠪᠠ᠃ ᠬᠤᠷᠠᠯ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠵᠦ᠂ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠬᠤᠲᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ︾᠃ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ︾ ᠭᠡᠵᠦ  ᠲᠤᠷᠠᠳᠤᠨ ᠭᠠᠷᠭᠠᠭᠰᠠᠨ ᠨᠢ ᠲᠠᠷᠠᠭᠠᠴᠢ ᠶᠢᠨ ᠠᠯᠬᠤᠮ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠪᠠ ᠵᠢᠯᠣᠭᠤᠳᠤᠮᠵᠢ ᠬᠠᠩᠭᠠᠵᠠᠢ᠃       ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠬᠥᠭᠵᠢᠯᠲᠡ ᠨᠢᠭᠡᠨᠲᠡ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ᠂ ᠶᠡᠭᠡ ᠬᠡᠪᠴᠢᠶ᠎ᠡ ᠪᠠᠷ ᠨᠡᠮᠡᠭᠳᠡᠯ ᠪᠦᠲᠦᠭᠡᠨ ᠪᠠᠶᠢᠭᠤᠯᠤᠯᠲᠠ ᠬᠢᠵᠦ ᠪᠠᠶᠢᠭᠰᠠᠨ ᠠᠴᠠ ᠪᠠᠨ ᠦᠯᠡᠳᠡᠭᠡᠯ ᠭᠡᠷ ᠪᠠᠶᠢᠰᠢᠩ ᠤᠨ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠪᠠ ᠨᠡᠮᠡᠭᠳᠡᠯ ᠪᠦᠲᠦᠭᠡᠨ ᠪᠠᠶᠢᠭᠤᠯᠤᠯᠲᠠ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠵᠡᠷᠭᠡ ᠪᠠᠷ ᠴᠢᠬᠤᠯᠠᠴᠢᠯᠠᠬᠤ ᠪᠣᠯᠵᠤ ᠬᠤᠪᠢᠷᠠᠪᠠ᠃ ᠬᠤᠳᠠ ᠶᠢᠨ ᠰᠢᠨᠡᠴᠢᠯᠡᠯᠲᠡ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠢ ᠬᠤᠳᠠ ᠶᠢᠨ ᠰᠢᠨᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠬᠤ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠥᠭᠵᠢᠭᠡᠬᠦ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠢᠳᠤᠨᠤᠨ ᠤ 10 ᠳ᠋ᠤᠭᠠᠷ ᠰᠠᠷ᠎ᠠ ᠶᠢᠨ 17 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠂ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠰᠢᠨ᠎ᠡ ᠪᠠᠷ ᠨᠡᠮᠡᠵᠦ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ ᠨᠢᠳᠤᠨᠤᠨ ᠤ 12 ᠳ᠋ᠤᠭᠠᠷ ᠰᠠᠷ᠎ᠠ ᠶᠢᠨ 25 ᠤ ᠡᠳᠦᠷ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠠᠴᠠ ᠵᠤᠭᠤᠰᠵᠢᠭᠤᠯᠤᠨ ᠲᠥᠪᠬᠢᠨᠡᠭᠦᠯᠬᠦ ᠶᠢ ᠲᠦᠯᠬᠢᠨ ᠠᠬᠢᠭᠤᠯᠵᠤ᠂ 100 ᠲᠦᠮᠡᠨ ᠢᠵᠢ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ ᠭᠡᠵᠦ ᠳᠤᠷᠠᠳᠤᠨ ᠭᠠᠷᠭᠠᠪᠠ᠃ ᠬᠡᠷᠡᠭᠵᠢᠭᠦᠯᠬᠦ ᠶᠠᠪᠤᠴᠠ ᠳᠤ᠂ ᠲᠥᠷᠥᠯ ᠵᠦᠢᠯ ᠨᠢᠭᠡᠪᠦᠷᠢ ᠳᠤ ᠴᠥᠮ ᠲᠠᠲᠠᠪᠤᠷᠢᠯᠠᠬᠤ ᠨᠥᠬᠦᠪᠦᠷᠢ ᠶᠢᠨ ᠲᠥᠰᠥᠯ ᠪᠠ ᠪᠡᠯᠡ ᠮᠥᠩᠭᠦ ᠶᠢ ᠲᠡᠩᠴᠡᠭᠦᠷᠢᠲᠡᠢ ᠪᠠᠶᠢᠯᠭᠠᠬᠤ ᠲᠥᠰᠥᠯ ᠢ ᠪᠦᠷᠢᠨ ᠲᠡᠭᠦᠯᠳᠡᠷ ᠲᠣᠭᠲᠠᠭᠠᠵᠤ᠂ ᠣᠯᠠᠨ ᠲᠦᠮᠡᠨ ᠤ ᠥᠭᠡᠷᠡᠴᠢᠯᠡᠬᠦ ᠬᠦᠰᠡᠯ ᠡᠷᠡᠮᠡᠯᠵᠡᠯ ᠴᠢᠩᠭ᠎ᠠ᠂ ᠠᠮᠤᠷ ᠲᠦᠪᠰᠢᠨ ᠤ ᠳᠠᠯᠳᠠ ᠬᠡᠮ ᠨᠡᠯᠢᠶᠡᠳ ᠲᠣᠪᠣᠶᠢᠮ᠎ᠠ ᠲᠥᠷᠥᠯ ᠵᠦᠢᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠭᠤᠨ᠎ᠠ᠃ ᠵᠠᠬ᠎ᠠ ᠳᠡᠯᠭᠡᠭᠦᠷ ᠤᠨ ᠪᠠᠶᠢᠭᠤᠯᠤᠮᠵᠢ ᠶᠢᠨ ᠲᠥᠰᠥᠭᠡᠯᠡᠨ ᠪᠤᠳᠤᠭᠰᠠᠨ ᠢᠶᠠᠷ᠂ ᠰᠢᠨ᠎ᠡ ᠪᠠᠷ ᠨᠡᠮᠡᠭᠳᠡᠭᠰᠡᠨ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠥᠭᠡᠷᠡᠴᠢᠯᠡᠯᠲᠡ ᠳᠤ᠂ ᠵᠤᠭᠤᠰᠵᠢᠭᠤᠯᠤᠨ ᠲᠥᠪᠬᠢᠨᠡᠭᠦᠯᠬᠦ ᠨᠢ 2 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠭᠡᠷ ᠪᠠᠶᠢᠰᠢᠩ ᠤᠨ ᠬᠤᠪᠢᠷᠠᠯᠲᠠ ᠶᠢ ᠠᠬᠢᠭᠤᠯᠬᠤ ᠪᠣᠯᠣᠨ᠎ᠠ ᠭᠡᠵᠦ ᠵᠢᠱᠢᠵᠦ ᠪᠠᠶᠢᠨ᠎ᠠ᠃ ᠲᠣᠰ ᠤᠳᠠᠭᠠᠨ ᠤ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠨᠠᠩ ᠶᠡᠭᠡ ᠣᠷᠣᠨ ᠰᠠᠭᠤᠴᠠ ᠶᠢᠨ ᠬᠡᠷᠡᠭᠴᠡᠭᠡ ᠶᠢ ᠳᠠᠶᠢᠴᠢᠯᠠᠬᠤ ᠪᠤᠯᠤᠨ᠎ᠠ᠃       ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠣᠳᠣᠬᠠᠨ ᠳᠤ᠂ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠠᠷᠠᠳ ᠣᠯᠠᠨ ᠤ ᠣᠷᠣᠨ ᠰᠠᠭᠤᠴᠠ ᠶᠢᠨ ᠬᠡᠷᠡᠭᠴᠡᠭᠡ ᠶᠠᠭ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠳᠠᠰᠢ ᠰᠢᠯᠵᠢᠵᠦ ᠪᠠᠶᠢᠨ᠎ᠠ᠂ ᠵᠠᠩᠭᠢᠯᠠᠭ᠎ᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠪᠣᠶ᠃ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ ᠢ ᠬᠠᠩᠭᠠᠭᠰᠠᠨ ᠢᠶᠠᠷ ᠪᠠᠷᠠᠬᠤ ᠦᠭᠡᠢ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠯᠤᠲᠤ ᠶᠡᠭᠡ ᠳᠠᠯᠳᠠ ᠬᠦᠴᠦᠨ ᠢ ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠬᠥᠭᠵᠢᠬᠦ ᠰᠢᠨ᠎ᠡ ᠤᠷᠤᠯᠳᠤᠭᠠᠨ ᠤ ᠵᠠᠮ ᠪᠣᠯᠬᠤ ᠶᠤᠮ ᠃ 3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠰᠠᠶᠢᠳ ᠯᠢ ᠴᠢᠶᠠᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠡᠭᠡᠨ᠂ ︽ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︿ᠰᠠᠶᠢᠨ ᠭᠡᠷ ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ ᠭᠡᠵᠦ ᠳᠤᠷᠠᠳᠤᠨ ᠭᠠᠷᠭᠠᠪᠠ᠃ 3 ᠳ᠋ᠤᠭᠠᠷ ᠰᠠᠷ᠎ᠠ ᠶᠢᠨ 9 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠰᠣᠷᠪᠣᠯᠵᠢᠯᠠᠭᠴᠢᠳ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠪᠠᠷᠢᠮᠵᠢᠶ᠎ᠠ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠴᠢᠩᠭᠠᠳᠬᠠᠬᠤ᠂ ᠲᠥᠷᠥᠯ ᠵᠦᠢᠯ ᠢ ᠠᠳᠬᠤᠬᠤ ᠵᠡᠷᠭᠡ ᠭᠤᠷᠪᠠᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ ᠭᠡᠵᠡᠢ᠃ ᠬᠡᠨ ᠬᠡᠷᠪᠡ ᠡᠨᠡ ᠤᠳᠠᠭ᠎ᠠ ᠶᠢᠨ ᠬᠡᠯᠪᠡᠷᠢ ᠬᠤᠪᠢᠷᠠᠭᠤᠯᠬᠤ ᠰᠠᠶᠢᠨ ᠲᠣᠬᠢᠶᠠᠯ ᠢ ᠠᠳᠬᠤᠨ᠂ ᠣᠯᠠᠨ ᠲᠦᠮᠡᠨ ᠳᠤ ︽ᠰᠠᠶᠢᠨ ᠭᠡᠷ ᠪᠠᠶᠢᠰᠢᠩ︾ ᠪᠠᠶᠢᠭᠤᠯᠵᠤ᠂ ᠰᠠᠶᠢᠨ ᠦᠢᠯᠡᠴᠢᠯᠡᠭᠡ ᠬᠠᠩᠭᠠᠪᠠᠯ ᠲᠡᠷᠡ ᠳᠠᠷᠤᠢ ᠵᠠᠬ᠎ᠠ ᠳᠡᠯᠭᠡᠭᠦᠷ ᠲᠠᠢ᠂ ᠬᠥᠭᠵᠢᠯᠲᠡ ᠲᠠᠢ᠂ ᠨᠡᠩ ᠰᠠᠶᠢᠨ ᠢᠷᠡᠭᠡᠳᠦᠢ ᠲᠠᠢ ᠪᠣᠯᠵᠤ ᠴᠢᠳᠠᠬᠤ ᠶᠤᠮ᠃       ᠦᠯᠡᠳᠡᠭᠡᠯ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃ ᠨᠢᠳᠤᠨᠤᠨ ᠤ 9 ᠳ᠋ᠤᠭᠡᠷ ᠰᠠᠷ᠎ᠠ ᠶᠢᠨ 26 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠠᠬᠢᠭᠤᠯᠬᠤ ᠴᠢᠬᠤᠯᠠ ᠪᠠᠶᠢᠷᠢᠯᠠᠭᠤᠯᠤᠯᠲᠠ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠳᠥᠷᠪᠡ ᠶᠢ ᠬᠦᠴᠦᠨ ᠦᠭᠡᠢ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠪᠠᠷᠢᠯ ᠢ ᠭᠠᠷᠭᠠᠵᠤ᠂ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠪᠤᠭᠤᠮᠳᠠ ᠰᠢᠪᠳᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠪᠦᠲᠦᠮᠵᠢᠲᠡᠶ ᠪᠠᠷ ᠪᠠᠳᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠭᠠᠪᠠ᠃ ᠡᠨᠡ ᠵᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠶᠢ ᠵᠤᠭᠰᠤᠭᠠᠵᠤ ᠳᠠᠬᠢᠨ ᠲᠣᠭᠲᠠᠪᠤᠷᠢᠵᠢᠬᠤ ᠢᠳᠡᠪᠬᠢᠲᠡᠢ ᠪᠠᠶᠢᠳᠠᠯ ᠢᠶᠠᠨ ᠪᠠᠲᠤᠯᠠᠪᠠ᠃ 3 ᠳ᠋ᠤᠭᠠᠷ ᠰᠠᠷ᠎ᠠ ᠶᠢᠨ 9 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠰᠣᠷᠪᠣᠯᠵᠢᠯᠠᠭᠴᠢᠳ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠣᠷᠳᠣ ᠪᠣᠭᠤᠨᠢ ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠡᠷᠡᠰ ᠲᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ᠂ ᠬᠤᠲᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠬᠦ ᠵᠡᠷᠭᠡ ᠳᠥᠷᠪᠡᠨ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠢ ᠲᠦᠯᠬᠢᠨ ᠠᠬᠢᠭᠤᠯᠬᠤ ᠪᠣᠯ ᠲᠡᠭᠦᠨ ᠤ ᠳᠣᠲᠣᠷᠠᠬᠢ ᠨᠢᠭᠡ ᠨᠢ ᠪᠣᠯᠣᠨ᠎ᠠ ᠭᠡᠵᠡᠢ᠃ 3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠰᠠᠶᠢᠳ ᠯᠢ ᠴᠢᠶᠠᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠡᠭᠡᠨ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢ 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ ᠡᠭᠦᠨ ᠤ ᠳᠣᠲᠣᠷᠠᠬᠢ ᠨᠢᠭᠡ ᠬᠡᠷᠡᠭᠯᠡᠬᠦ ᠴᠢᠭᠯᠡᠯ ᠨᠢ ᠳᠠᠷᠤᠢ ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠪᠠ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠠᠪᠤᠳᠠᠯ ᠪᠣᠯᠣᠨ᠎ᠠ ᠭᠡᠵᠦ ᠳᠤᠷᠠᠳᠤᠨ ᠭᠠᠷᠭᠠᠵᠠᠢ᠃ ᠡᠭᠦᠨ ᠤ ᠬᠠᠮᠲᠤ ᠣᠷᠣᠨ ᠨᠤᠲᠤᠭ ᠤᠨ ᠬᠤᠳᠠᠯᠳᠤᠨ ᠠᠪᠬᠤ ᠭᠤᠣᠯ ᠴᠣᠭᠴᠠ᠂ ᠦᠨ᠎ᠡ ᠬᠠᠩᠰᠢ ᠪᠠ ᠬᠡᠷᠡᠭᠴᠡᠭᠡᠨ ᠤ ᠲᠠᠯ᠎ᠠ ᠪᠠᠷ ᠡᠵᠡᠨ ᠮᠡᠳᠡᠬᠦ ᠡᠷᠬᠡ ᠪᠠᠨ ᠭᠦᠢᠴᠡᠳ ᠬᠡᠷᠡᠭᠵᠢᠭᠦᠯᠬᠦ ᠶᠢ ᠲᠡᠮᠵᠢᠵᠤ᠂ ᠬᠤᠳᠠᠯᠳᠤᠨ ᠠᠪᠤᠭᠰᠠᠨ ᠲᠠᠸᠠᠷ ᠤᠨ ᠭᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠤᠳᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠭᠡᠷ ᠪᠠᠶᠢᠰᠢᠩ᠂ ᠴᠢᠳᠠᠪᠤᠷᠢᠲᠠᠨ ᠤ ᠭᠡᠷ ᠪᠠᠶᠢᠰᠢᠩ᠂ ᠵᠠᠯᠠᠭᠤᠴᠤᠳ ᠤᠨ ᠨᠡᠶᠢᠲᠡ ᠶᠢᠨ ᠪᠠᠶᠢᠷᠢ ᠪᠠ ᠠᠵᠢᠯᠲᠠᠨ ᠠᠵᠢᠯᠴᠢᠨ ᠤ ᠪᠠᠶᠢᠷᠢ ᠵᠡᠷᠭᠡ ᠳᠤ ᠤᠷᠢᠳᠠᠪᠠᠷ ᠬᠡᠷᠡᠭᠯᠡᠨ᠎ᠡ ᠭᠡᠵᠡᠢ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠪᠠᠳᠤᠯᠠᠵᠤ ᠴᠢᠳᠠᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1