ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠨᠡᠷᠡᠰ ᠤᠨ ᠴᠠᠭᠠᠨ ᠳᠠᠩᠰᠠ ᠶᠢ ᠨᠡᠶᠢᠲᠡᠯᠡᠬᠦ ᠲᠤᠬᠠᠢ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2025/5/12
      ᠲᠥᠪ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠤᠨ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠷᠠᠭᠤᠯᠵᠤ᠂ ᠰᠣᠷᠣᠭᠴᠢ ᠵᠢᠴᠢ ᠭᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠮᠠᠨ ᠤ ᠰᠢᠶᠠᠨ ᠤ ᠬᠢᠨᠠᠨ ᠵᠥᠪᠰᠢᠶᠡᠷᠡᠯ ᠢᠶᠠᠷ ᠳᠡᠮᠵᠢᠨ᠂ ᠬᠠᠤᠯᠢ ᠲᠣᠭᠲᠠᠭᠠᠯ ᠳᠤ ᠨᠡᠶᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠨᠡᠷᠡᠰ ᠤᠨ ᠴᠠᠭᠠᠨ ᠲᠠᠩᠰᠠ ᠶᠢ ᠵᠠᠷᠯᠠᠨ ᠨᠡᠶᠢᠲᠡᠯᠡᠶ᠎ᠡ ︵2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ︶᠂ ᠪᠣᠳᠠᠲᠠᠢ ᠨᠡᠷᠡᠰ ᠨᠢ ᠳᠣᠣᠷᠠᠬᠢ ᠮᠡᠲᠦ᠄      ᠲᠣᠭᠲᠠᠬᠤ ᠰᠢᠶᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠨᠡᠷᠡᠰ ᠤᠨ ᠴᠠᠭᠠᠨ ᠲᠠᠩᠰᠠ ︵7 ᠡᠷᠦᠬᠡ︶      1. ᠥᠪᠥᠷ ᠮᠣᠩᠭᠤᠯ ᠤᠨ ᠢ ᠱᠦᠢ ᠢ ᠮᠦ ᠰᠣᠶᠣᠯ ᠤᠷᠠᠯᠢᠭ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ      2. ᠲᠣᠭᠲᠠᠬᠤ ᠰᠢᠶᠠᠨ ᠤ ᠫᠢᠩᠫᠠᠩ ᠪᠥᠮᠪᠦᠭᠡ ᠶᠢᠨ ᠯᠠᠨ ᠢᠦᠢ ᠪᠡᠶ᠎ᠡ ᠲᠠᠮᠢᠷ ᠪᠡᠶ᠎ᠡ ᠴᠢᠭᠢᠷᠠᠭᠵᠢᠭᠤᠯᠬᠤ ᠺᠯᠦ᠋ᠪ      3. ᠲᠣᠭᠲᠠᠬᠤ ᠰᠢᠶᠠᠨ ᠤ ᠵᠢᠦ ᠰᠢᠩ ᠤᠷᠠᠯᠢᠭ ᠤᠨ ᠪᠣᠯᠪᠠᠰᠤᠷᠠᠯ ᠤᠨ ᠬᠢᠵᠠᠭᠠᠷᠲᠤ ᠺᠣᠮᠫᠠᠨᠢ      4. ᠲᠣᠭᠲᠠᠬᠤ ᠰᠢᠶᠠᠨ ᠤ ᠪᠥᠸᠧ ᠶᠦᠸᠧ ᠤᠷᠠᠯᠢᠭ ᠤᠨ  ᠪᠤᠯᠪᠠᠰᠤᠷᠠᠯ ᠤᠨ ᠬᠢᠵᠠᠭᠠᠷᠲᠤ ᠺᠣᠮᠫᠠᠨᠢ      5. ᠲᠣᠭᠲᠠᠬᠤ ᠰᠢᠶᠠᠨ ᠤ ᠢᠦᠢ ᠳ᠋ᠦᠸᠧ ᠰᠣᠶᠣᠯ ᠤᠷᠠᠯᠢᠭ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ      6. ᠲᠣᠭᠲᠠᠬᠤ ᠰᠢᠶᠠᠨ ᠤ ᠴᠢ ᠼᠠᠢ ᠤᠷᠠᠯᠢᠭ ᠤᠨ ᠪᠤᠯᠪᠠᠰᠤᠷᠠᠯ ᠤᠨ ᠬᠢᠵᠠᠭᠠᠷᠲᠤ ᠺᠣᠮᠫᠠᠨᠢ      7. ᠲᠣᠭᠲᠠᠬᠤ ᠰᠢᠶᠠᠨ ᠤ ᠸᠠᠨ ᠰᠢᠩ ᠰᠢᠳᠢᠲᠦ ᠪᠡᠭᠡ ᠶᠢᠨ ᠤᠷᠠᠯᠢᠭ ᠤᠨ ᠪᠤᠯᠪᠠᠰᠤᠷᠠᠯ ᠤᠨ ᠬᠢᠵᠠᠭᠠᠷᠲᠤ ᠺᠣᠮᠫᠠᠨᠢ      ᠬᠠᠯᠠᠭᠤᠨ ᠳᠣᠲᠣᠨᠣ ᠰᠠᠨᠠᠭᠤᠯᠤᠮᠵᠢ᠄      1. ᠥᠷᠭᠡᠨ ᠣᠯᠠᠨ ᠭᠡᠷ ᠤᠨ ᠠᠬᠠᠮᠠᠳ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠦᠢᠯᠡᠳᠦᠯ ᠳᠤ ᠣᠶᠤᠨᠴᠢ ᠪᠠᠷ ᠬᠠᠨᠳᠤᠵᠤ᠂ ᠴᠠᠭᠠᠨ ᠲᠠᠩᠰᠠ ᠶᠢᠨ ᠳᠣᠲᠣᠷᠠᠬᠢ ᠪᠠᠶᠢᠭᠤᠯᠤᠮᠵᠢ ᠶᠢ ᠤᠷᠢᠳ ᠢᠶᠠᠷ ᠰᠣᠩᠭᠤᠵᠤ᠂ ᠰᠤᠷᠭᠠᠭᠤᠯᠢ ᠡᠷᠭᠢᠯᠡᠬᠦ ᠬᠢᠷᠢ ᠬᠡᠮ ᠬᠢᠭᠡᠳ ᠪᠠᠭᠰᠢ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠬᠤ ᠶᠢ ᠬᠦᠰᠡᠵᠦ ᠪᠠᠶᠢᠨ᠎ᠠ᠃      2. ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠤᠯᠪᠠᠰᠤᠷᠠᠯ ᠥᠷᠨᠢᠭᠦᠯᠬᠦ ᠨᠢ ᠴᠥᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ᠂ ᠶᠠᠮᠠᠷᠪᠠ ᠬᠡᠯᠪᠡᠷᠢ ᠶᠢᠨ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠤᠯᠪᠠᠰᠤᠷᠠᠯ ᠳᠤ ᠪᠢᠲᠡᠭᠡᠢ ᠤᠷᠤᠯᠴᠠᠭᠠᠷᠠᠢ᠂ ᠨᠢᠭᠤᠭᠳᠠᠮᠠᠯ ᠣᠨᠳᠣᠣᠰᠢᠯ ᠪᠤᠯᠪᠠᠰᠤᠷᠠᠯ ᠤᠨ ᠠᠵᠢᠯᠯᠠᠭ᠎ᠠ ᠶᠢ ᠬᠠᠮᠲᠤ ᠪᠠᠷ ᠬᠤᠷᠢᠭᠯᠠᠬᠤ ᠬᠡᠷᠡᠭᠲᠡᠢ᠃      3. ᠲᠣᠭᠲᠠᠭᠠᠯ   ᠠᠴᠠ ᠵᠥᠷᠢᠴᠡᠭᠰᠡᠨ ᠪᠤᠯᠪᠠᠰᠤᠷᠠᠯ ᠤᠨ ᠰᠦᠪᠡᠭᠴᠢ ᠶᠢ ᠣᠯᠵᠤ ᠮᠡᠳᠡᠪᠡᠯ᠂ ᠴᠠᠭ ᠲᠤᠬᠠᠢ  ᠳᠤᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠᠷ ᠤᠲᠠᠰᠤᠳᠠᠭᠠᠷᠠᠢ᠄ 0471— 8523896᠃ ᠢᠷᠡᠯᠳᠡ᠄ ᠲᠤᠭᠳᠠᠬᠤ ᠰᠢᠶᠠᠨ ᠤ ᠬᠠᠮ ᠵᠤᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1