4 ᠳ᠋ᠤᠭᠡᠷ ᠰᠠᠷ᠎ᠠ ᠶᠢᠨ 70 ᠬᠤᠲᠠ ᠶᠢᠨ ᠭᠡᠷ ᠪᠠᠶᠢᠰᠢᠩ ᠤᠨ ᠦᠨ᠎ᠡ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2025/5/13
      2025 ᠣᠨ ᠤ 4 ᠳ᠋ᠤᠭᠡᠷ ᠰᠠᠷ᠎ᠠ ᠳᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠲᠠᠢ ᠠᠳᠠᠯᠢ ᠪᠤᠶᠤ ᠪᠠᠭ᠎ᠠ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠴᠥᠮ ᠦᠷᠭᠦᠯᠵᠢᠯᠡᠨ ᠪᠠᠭᠠᠰᠤᠭᠰᠠᠨ ᠪᠠᠶᠢᠨ᠎ᠠ᠃      ᠨᠢᠭᠡ᠂ ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠲᠠᠢ ᠠᠳᠠᠯᠢ ᠪᠤᠶᠤ ᠪᠠᠭ᠎ᠠ ᠪᠠᠭᠤᠷᠠᠭᠰᠠᠨ ᠪᠠᠶᠢᠨ᠎ᠠ       4 ᠳ᠋ᠤᠭᠡᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 0.1% ᠪᠠᠷ ᠥᠰᠴᠦ ᠪᠠᠶᠢᠭᠰᠠᠨ ᠠᠴᠠ ᠪᠠᠨ ᠠᠳᠠᠯᠢ ᠪᠣᠯᠵᠤ ᠬᠤᠪᠢᠷᠠᠪᠠ᠃ ᠡᠭᠦᠨ ᠳᠤ ᠪᠡᠭᠡᠵᠢᠩ᠂ ᠱᠠᠩᠬᠠᠢ ᠲᠣᠰ ᠲᠣᠰ 0.1% ᠪᠠ 0.5% ᠪᠠᠷ ᠥᠰᠴᠦ᠂ ᠭᠤᠸᠠᠩᠵᠸᠦ᠂ ᠱᠧᠨᠵᠧᠨ ᠲᠣᠰ ᠲᠣᠰ 0.2% ᠪᠠ 0.1% ᠪᠠᠷ ᠪᠠᠭᠤᠷᠠᠪᠠ ᠃ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠳᠡᠭᠡᠷ᠎ᠡ ᠰᠠᠷ᠎ᠠ ᠶᠢᠨ ᠬᠢ ᠲᠠᠢ ᠠᠳᠠᠯᠢ ᠪᠤᠯᠵᠠᠢ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.2% ᠢᠶᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠲᠠᠢ ᠠᠳᠠᠯᠢ ᠪᠣᠯᠪᠠ᠃        4 ᠳ᠋ᠤᠭᠡᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 0.2% ᠥᠰᠴᠦ ᠪᠠᠶᠢᠭᠰᠠᠨ ᠠᠴᠠ ᠪᠠᠨ 0.2% ᠪᠠᠭᠤᠷᠠᠭᠰᠠᠨ ᠪᠠᠶᠢᠨ᠎ᠠ᠃ ᠡᠭᠦᠨ ᠤ ᠳᠣᠲᠣᠷ᠎ᠠ ᠱᠠᠩᠬᠠᠢ 0.1% ᠪᠠᠷ ᠥᠰᠴᠦ᠂ ᠭᠤᠸᠠᠩᠵᠸᠦ ᠠᠳᠠᠯᠢ ᠪᠤᠯᠵᠤ᠂ ᠪᠡᠭᠡᠵᠢᠩ ᠪᠣᠯᠣᠨ ᠱᠧᠨᠵᠧᠨ ᠲᠤᠰ ᠲᠤᠰ 0.6% ᠪᠠᠷ ᠪᠠ 0.3% ᠪᠠᠷ ᠪᠠᠭᠤᠷᠠᠵᠠᠢ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠴᠥᠮ 0.4% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 0.2 ᠪᠠ 0.1 ᠵᠠᠭᠤᠨ ᠤ ᠨᠢᠭᠡᠴᠢ ᠦᠰᠴᠡᠢ᠃       ᠬᠤᠶᠠᠷ᠂ ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠶᠢᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠴᠥᠮ ᠦᠷᠭᠦᠯᠵᠢᠯᠡᠨ ᠪᠠᠭᠠᠰᠪᠠ       4 ᠳ᠋ᠤᠭᠡᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 2.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ ᠪᠠᠭᠠᠰᠴᠠᠢ ᠃ ᠡᠭᠦᠨ ᠳᠤ᠂ ᠱᠠᠩᠬᠠᠢ 5.9% ᠪᠠᠷ ᠥᠰᠴᠦ᠂ ᠪᠡᠭᠡᠵᠢᠩ᠂ ᠭᠤᠸᠠᠩᠵᠸᠦ ᠪᠠ ᠱᠧᠨᠵᠧᠨ ᠲᠣᠰ ᠲᠣᠰ 5.0% ᠂ 6.3% ᠪᠠ 3.0% ᠪᠠᠷ ᠪᠠᠭᠤᠷᠠᠪᠠ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ  ᠬᠢ ᠠᠴᠠ ᠲᠣᠰ ᠲᠣᠰ 3.9% ᠪᠠ 5.4% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 0.5 ᠪᠠ 0.3 ᠵᠠᠭᠤᠨ ᠤ ᠨᠢᠭᠡᠴᠢ ᠪᠠᠭᠠᠰᠪᠠ᠃        4 ᠳ᠋ᠤᠭᠡᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 3.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.9 ᠵᠠᠭᠤᠨ ᠤ ᠨᠢᠭᠡᠴᠢ ᠪᠠᠭᠠᠰᠴᠠᠢ᠃ ᠡᠭᠦᠨ ᠳᠤ᠂ ᠪᠡᠭᠡᠵᠢᠩ᠂ ᠱᠠᠩᠬᠠᠢ᠂ ᠭᠤᠸᠠᠩᠵᠸᠦ ᠪᠠ ᠱᠧᠨᠵᠧᠨ ᠲᠣᠰ ᠲᠣᠰ 1.0%᠂ 0.6%᠂ 7.4% ᠪᠠ 3.7% ᠪᠠᠷ ᠪᠠᠭᠤᠷᠠᠪᠠ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.5% ᠪᠠ 7.4% ᠪᠠᠭᠤᠷᠠᠵᠤ ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 0.5 ᠪᠠ 0.4 ᠵᠠᠭᠤᠨ ᠤ ᠨᠢᠭᠡᠴᠢ ᠪᠠᠭᠠᠰᠴᠠᠢ᠃ ᠢᠷᠡᠯᠲᠡ᠄ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1