ᠣᠶᠢᠷ᠎ᠠ ᠳᠤ᠂ ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠵᠥᠪᠯᠡᠯ ᠤᠨ ᠨᠡᠶᠢᠲᠡᠯᠡᠭᠰᠡᠨ ︽2025 ᠣᠨ ᠤ ᠪᠡᠭᠡᠵᠢᠩ ᠬᠤᠲᠠ ᠶᠢᠨ ᠣᠷᠣᠨ | ᠰᠠᠭᠤᠴᠠ ᠶᠢᠨ ᠬᠥᠭᠵᠢᠯᠲᠡ ᠶᠢᠨ ᠣᠨ ᠤ ᠲᠥᠯᠥᠪᠯᠡᠭᠡ︾ ᠳᠤ ᠳᠤᠷᠠᠳᠤᠭᠰᠠᠨ ᠨᠢ᠂ 2025 ᠣᠨ ᠳᠤ ᠲᠠᠸᠠᠷ ᠤᠨ | ᠣᠷᠣᠨ ᠰᠠᠭᠤᠴᠠ ᠶᠢᠨ ᠬᠡᠷᠡᠭᠯᠡᠬᠦ ᠭᠠᠵᠠᠷ ᠢ 240 ᠾᠧᠺᠲ᠋ᠠᠷ ᠠᠴᠠ ᠨᠡᠮᠡᠭᠳᠡᠭᠦᠯᠵᠦ 300 ᠾᠧᠺᠲ᠋ᠠᠷ ᠬᠠᠩᠭᠠᠵᠤ᠂ | 5 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ 8 ᠲᠦᠮᠡᠨ | ᠢᠵᠢ ᠡᠯ᠎ᠡ ᠲᠥᠷᠥᠯ ᠤᠨ ᠪᠠᠲᠤᠯᠠᠭ᠎ᠠ ᠶᠢᠨ ᠣᠷᠣᠨ ᠰᠠᠭᠤᠴᠠ ᠶᠢ ᠪᠠᠷᠢᠵᠤ ᠳᠠᠭᠤᠰᠬᠠᠨ᠂ ︽ᠰᠠᠶᠢᠨ ᠭᠡᠷ ᠪᠠᠶᠢᠰᠢᠩ︾ | ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ ᠭᠡᠵᠡᠢ᠃ | ᠡᠭᠦᠨ ᠠᠴᠠ ᠡᠮᠦᠨ᠎ᠡ᠂ ᠭᠤᠸᠠᠩᠵᠸᠦ᠂ ᠴᠧᠩᠳᠦ᠋ ᠵᠡᠷᠭᠡ ᠭᠠᠵᠠᠷ ᠤᠨ ᠬᠢᠨ ᠪᠠᠰᠠ 2025 ᠣᠨ ᠤ | ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠯᠡᠭᠡ ᠪᠠᠨ ᠨᠡᠶᠢᠲᠡᠯᠡᠭᠰᠡᠨ ᠪᠠᠶᠢᠨ᠎ᠠ᠃ ᠴᠥᠭᠡᠨ ᠪᠤᠰᠤ ᠭᠠᠵᠠᠷ | ᠣᠷᠣᠨ ᠤ ᠬᠢᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠭᠡᠵᠦ | ᠢᠯᠡᠷᠬᠡᠶᠢᠯᠡᠭᠰᠡᠨ ᠪᠠᠶᠢᠨ᠎ᠠ᠃ ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠵᠢᠱᠢᠯᠲᠡ ᠪᠠᠷ ᠡᠯ᠎ᠡ ᠭᠠᠵᠠᠷ ᠤᠨ ᠬᠢᠨ | ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠨᠠᠷᠢᠯᠢᠭᠵᠢᠭᠤᠯᠤᠭᠰᠠᠨ ᠭᠦᠢᠴᠡᠳᠭᠡᠯ ᠲᠤᠭ᠎ᠠ ᠶᠢ | ᠲᠠᠷᠤᠢ ᠨᠡᠶᠢᠲᠡᠯᠡᠵᠦ ᠨᠠᠶᠢᠳᠠᠪᠤᠷᠢᠵᠢᠭᠤᠯᠬᠤ ᠪᠣᠯᠣᠨ᠎ᠠ᠃ | ᠬᠠᠯᠠᠭᠤᠷᠠᠯ ᠴᠡᠭ ᠤᠨ ᠬᠤᠲᠠ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠯᠡᠭᠡ ᠪᠠᠨ ᠨᠡᠶᠢᠳᠡᠯᠡᠪᠡ | ᠣᠶᠢᠷ᠎ᠠ ᠳᠤ᠂ ᠣᠯᠠᠨ ᠬᠠᠯᠠᠭᠤᠷᠠᠯ ᠴᠡᠭ ᠤᠨ ᠬᠤᠲᠠ ᠶᠢᠨ ᠬᠢᠨ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠥᠪᠯᠡᠭᠡ ᠪᠠᠨ ᠵᠠᠯᠭᠠᠭ᠎ᠠ ᠪᠠᠷ ᠨᠡᠶᠢᠲᠡᠯᠡᠪᠡ᠃ | ︽2025 ᠣᠨ ᠤ ᠪᠡᠭᠡᠵᠢᠩ ᠬᠤᠲᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠣᠨ ᠤ ᠲᠥᠯᠥᠪᠯᠡᠭᠡ︾ ᠳᠤ | ᠣᠷᠣᠨ ᠰᠠᠭᠤᠴᠠ ᠶᠢᠨ ᠬᠥᠭᠵᠢᠯᠲᠡ ᠶᠢᠨ ᠣᠨ ᠤ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ | ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠰᠢᠯᠢᠳᠡᠭᠵᠢᠭᠦᠯᠬᠦ᠂ ᠵᠦᠢ ᠵᠣᠬᠢᠰᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠳᠡᠮᠵᠢᠬᠦ᠂ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠨᠠᠢᠮᠠᠨ | ᠲᠠᠯ᠎ᠠ ᠪᠠᠷ ᠭᠤᠣᠯᠯᠠᠭᠤᠯᠤᠨ᠂ ᠪᠣᠳᠠᠲᠠᠢ ᠡᠭᠦᠷᠭᠡ᠂ ᠠᠵᠢᠯᠯᠠᠭᠠᠨ ᠤ ᠲᠥᠯᠥᠪᠯᠡᠭᠡ ᠪᠠ ᠠᠵᠢᠯ ᠤᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠠᠶᠢᠳᠠᠯ ᠢ ᠪᠠᠬᠢᠵᠢᠭᠦᠯᠵᠦ᠂ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠨᠡᠩ | ᠥᠨᠳᠥᠷ ᠲᠦᠪᠰᠢᠨ ᠪᠦᠬᠦᠢ ᠣᠷᠣᠨ ᠰᠠᠭᠤᠴᠠ ᠲᠠᠢ ᠪᠣᠯᠭᠠᠬᠤ ᠶᠢ ᠠᠬᠢᠭᠤᠯᠤᠨ᠎ᠠ᠃ ᠰᠢᠨ᠎ᠡ ᠪᠠᠷ ᠨᠡᠮᠡᠭᠳᠡᠬᠦ ᠭᠡᠷ | ᠪᠠᠶᠢᠰᠢᠩ ᠭᠠᠵᠠᠷ ᠬᠥᠷᠥᠩᠭᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠵᠤ᠂ | ᠦᠯᠡᠳᠡᠭᠡᠯ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠨ᠎ᠠ᠃ ᠲᠤᠰ ᠵᠢᠯ ᠳᠤ ᠲᠠᠸᠠᠷ ᠤᠨ ᠣᠷᠣᠨ ᠰᠠᠭᠤᠴᠠ ᠳᠤ | ᠬᠡᠷᠡᠭᠯᠡᠬᠦ ᠭᠠᠵᠠᠷ ᠢ 240 ᠾᠧᠺᠲ᠋ᠠᠷ ᠠᠴᠠ ᠨᠡᠮᠡᠭᠳᠡᠭᠦᠯᠵᠦ 300 ᠾᠧᠺᠲ᠋ᠠᠷ ᠪᠤᠯᠭᠠᠵᠦ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠭᠠᠵᠠᠷ ᠢ 475 ᠾᠧᠺᠲ᠋ᠠᠷ ᠲᠣᠬᠢᠷᠠᠭᠤᠯᠤᠨ᠎ᠠ᠃ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠦᠨᠳᠦᠰᠦᠯᠡᠨ᠂ ᠡᠯ᠎ᠡ | ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠣᠷᠣᠨ ᠪᠦᠰᠡ ᠶᠢᠨ | ᠬᠠᠩᠭᠠᠯᠭ᠎ᠠ ᠶᠢᠨ ᠶᠠᠰᠤ ᠴᠢᠨᠠᠷ ᠢ ᠲᠤᠭᠳᠠᠭᠤᠨ ᠢᠶᠠᠷ ᠲᠠᠭᠡᠭᠰᠢᠯᠡᠭᠦᠯᠦᠨᠡ᠃ | ︽ᠭᠤᠸᠠᠩᠵᠸᠦ ᠬᠤᠲᠠ ᠶᠢᠨ 2025 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ ᠣᠨ ᠤ | ᠲᠥᠯᠥᠪᠯᠡᠭᠡ︾ ᠳᠤ ᠢᠯᠡᠷᠡᠭᠦᠯᠦᠭᠰᠡᠨ ᠢᠶᠠᠷ᠂ 2025 ᠣᠨ ᠳᠤ᠂ ᠪᠥᠬᠦ ᠬᠤᠲᠠ ᠶᠢᠨ ᠤᠷᠢᠳᠴᠢᠯᠠᠨ ᠬᠤᠳᠠᠯᠳᠤᠬᠤ | ᠲᠠᠸᠠᠷ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠶᠢ 565 ᠲᠦᠮᠡᠨ ᠲᠡᠭᠰᠢ ᠳᠥᠷᠪᠡᠯᠵᠢᠨ ᠮᠧᠲᠷ | ᠵᠥᠪᠰᠢᠶᠡᠷᠡᠬᠦ ᠪᠠᠷ ᠲᠥᠯᠥᠪᠯᠡᠵᠦ᠂ ᠪᠠᠷᠤᠭ 5.4 ᠲᠦᠮᠡᠨ ᠢᠵᠢ ᠭᠡᠷ ᠪᠠᠶᠢᠰᠢᠩ ᠲᠤᠬᠢᠷᠠᠭᠤᠯᠤᠨ᠎ᠠ᠂ ᠡᠭᠦᠨ ᠳᠤ᠂ | ᠲᠥᠪ ᠤᠨ 5 ᠲᠣᠭᠤᠷᠢᠭ᠂ ᠭᠠᠳᠠᠭᠤᠷᠬᠢ 4 ᠲᠣᠭᠤᠷᠢᠭ ᠪᠠ ᠪᠤᠰᠤᠳ 2 ᠲᠣᠭᠤᠷᠢᠭ ᠲᠤ ᠤᠷᠢᠳᠴᠢᠯᠠᠨ | ᠬᠤᠳᠠᠯᠳᠤᠬᠤ ᠲᠠᠸᠠᠷ ᠤᠨ ᠣᠷᠣᠨ ᠰᠠᠭᠤᠴᠠ ᠶᠢᠨ ᠡᠵᠡᠯᠡᠬᠦ ᠬᠠᠷᠢᠴᠠᠯ ᠨᠢ ᠲᠣᠰ ᠲᠣᠰ 36%᠂ 48%᠂ | 16% ᠪᠤᠯᠭᠠᠬᠤ ᠶᠢ ᠵᠦᠪᠰᠢᠶᠡᠷᠡᠬᠦ ᠪᠠᠷ ᠲᠦᠯᠦᠪᠯᠡᠵᠦ ᠪᠠᠶᠢᠨ᠎ᠠ᠃ ︽ᠬᠥᠮᠥᠨ᠂ ᠭᠡᠷ ᠪᠠᠶᠢᠰᠢᠩ᠂ ᠭᠠᠵᠠᠷ ᠰᠢᠷᠣᠢ | ᠂ ᠵᠣᠭᠤᠰ︾ ᠤᠨ ᠡᠯᠧᠮᠧᠨ᠋ᠲ ᠢ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ ᠲᠠᠸᠠᠷ ᠤᠨ ᠣᠷᠣᠨ ᠰᠠᠭᠤᠴᠠ ᠳᠤ | ᠬᠡᠷᠡᠭᠯᠡᠬᠦ ᠭᠠᠵᠠᠷ ᠢ 515.50 ᠾᠧᠺᠲ᠋ᠠᠷ ᠬᠠᠩᠭᠠᠬᠤ ᠪᠠᠷ ᠲᠥᠯᠥᠪᠯᠡᠵᠦ ᠪᠠᠶᠢᠨ᠎ᠠ᠃ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ 0.8 ᠲᠦᠮᠡᠨ ᠢᠵᠢ ᠪᠡᠯᠡᠳᠬᠡᠨ ᠪᠠᠶᠢᠭᠤᠯᠬᠤ ᠪᠠᠷ ᠲᠥᠯᠥᠪᠯᠡᠵᠦ᠂ ᠭᠡᠷ | ᠪᠠᠶᠢᠰᠢᠩ ᠤᠨ ᠬᠡᠯᠪᠡᠷᠢ ᠮᠠᠶ᠋ᠢᠭ ᠢ 60 ᠲᠡᠭᠰᠢ ᠳᠥᠷᠪᠡᠯᠵᠢᠨ ᠮᠧᠲᠷ ᠠᠴᠠ ᠥᠯᠥ ᠬᠡᠲᠦᠷᠡᠬᠦ ᠬᠤᠶᠠᠷ ᠦᠷᠦᠭᠡ ᠲᠠᠢ | ᠭᠡᠷ ᠢᠶᠠᠷ ᠭᠤᠣᠯ ᠪᠣᠯᠭᠠᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 0.34 ᠲᠦᠮᠡᠨ ᠢᠵᠢ | ᠬᠠᠩᠭᠠᠵᠤ᠂ 1.9 ᠲᠦᠮᠡᠨ ᠡᠷᠦᠬᠡ ᠳᠤ ᠲᠦᠷᠢᠶᠡᠰᠦᠯᠡᠬᠦ ᠨᠥᠬᠦᠪᠦᠷᠢ ︵ᠰᠢᠨ᠎ᠡ ᠪᠠᠷ ᠨᠡᠮᠡᠭᠳᠡᠭᠰᠡᠨ ᠲᠦᠷᠢᠶᠡᠰᠦᠯᠡᠬᠦ | ᠨᠥᠬᠦᠪᠦᠷᠢ 0.36 ᠲᠦᠮᠡᠨ ᠡᠷᠦᠬᠡ︶ ᠣᠯᠭᠤᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠡᠭᠡᠯᠵᠢᠯᠡᠨ ᠬᠦᠯᠢᠶᠡᠬᠦ ᠳᠤᠮᠳᠠᠴᠢ ᠴᠠᠭ ᠢ 3 ᠵᠢᠯ ᠠᠴᠠ ᠬᠡᠲᠦᠷᠡᠭᠦᠯᠬᠦ ᠦᠭᠡᠢ ᠪᠠᠶᠢᠬᠤ ᠶᠢ ᠪᠠᠲᠤᠯᠠᠨ᠎ᠠ᠃ | ᠴᠧᠩᠳᠦ᠋ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠴᠧᠩᠳᠦ᠋ ᠬᠤᠲᠠ ᠶᠢᠨ 2025 ᠣᠨ ᠤ ᠣᠷᠣᠨ ᠰᠠᠭᠤᠴᠠ ᠶᠢᠨ | ᠬᠥᠭᠵᠢᠯᠲᠡ ᠶᠢᠨ ᠣᠨ ᠤ ᠲᠥᠯᠥᠪᠯᠡᠭᠡ︾ ᠳᠤ ᠢᠯᠡᠷᠡᠭᠦᠯᠦᠭᠰᠡᠨ ᠢᠶᠠᠷ᠂ ᠲᠠᠸᠠᠷ ᠤᠨ ᠣᠷᠣᠨ ᠰᠠᠭᠤᠴᠠ ᠶᠢᠨ | ᠬᠠᠩᠭᠠᠯᠭ᠎ᠠ ᠬᠡᠷᠡᠭᠴᠡᠭᠡ ᠶᠡᠷᠦᠩᠬᠡᠢ ᠳᠡᠭᠡᠨ ᠲᠡᠩᠴᠡᠭᠦᠷᠢᠲᠡᠢ ᠪᠠᠶᠢᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ | ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠩᠭᠠᠯᠭ᠎ᠠ ᠬᠡᠷᠡᠭᠴᠡᠭᠡ ᠶᠢᠨ ᠶᠡᠷᠦᠩᠬᠡᠢ | ᠬᠡᠮᠵᠢᠶ᠎ᠡ ᠶᠡᠷᠦᠩᠬᠡᠢ ᠳᠡᠭᠡᠨ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ᠂ 2025 ᠣᠨ ᠳᠤ ᠰᠢᠨ᠎ᠡ ᠪᠠᠷ 9000 | ᠮᠦ ᠲᠠᠸᠠᠷ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠨᠡᠮᠡᠭᠳᠡᠭᠦᠯᠵᠦ᠂ 12 ᠲᠦᠮᠡᠨ ᠢᠵᠢ | ᠲᠠᠸᠠᠷ ᠤᠨ ᠣᠷᠣᠨ ᠰᠠᠭᠤᠴᠠ᠂ ᠪᠠᠷᠤᠭ 1560 ᠲᠦᠮᠡᠨ ᠲᠡᠭᠰᠢ ᠳᠥᠷᠪᠡᠯᠵᠢᠨ ᠮᠧᠲᠷ ᠲᠠᠸᠠᠷ ᠤᠨ ᠣᠷᠣᠨ | ᠰᠠᠭᠤᠴᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠲᠠ ᠶᠢᠨ ᠰᠢᠨ᠎ᠡ ᠪᠠᠶᠢᠳᠠᠯ ᠳᠤ ᠢᠳᠡᠪᠬᠢᠲᠡᠢ ᠪᠠᠷ ᠵᠣᠬᠢᠴᠠᠵᠤ᠂ | ᠨᠡᠮᠡᠭᠳᠡᠯ ᠤᠨ ᠬᠡᠮᠵᠢᠶ᠎ᠡ ᠶᠢᠨ ᠲᠤᠬᠠᠢ ᠲᠥᠪ ᠤᠨ ᠠᠯᠢ ᠤᠯᠠᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ | ᠠᠮᠢᠳᠤᠯᠢᠭ ᠬᠡᠷᠡᠭᠯᠡᠵᠦ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠠᠮᠢᠳᠤᠯᠢᠭ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠣᠷᠣᠨ ᠰᠠᠭᠤᠴᠠ ᠶᠢᠨ ᠵᠠᠶᠢᠯᠠᠰᠢ ᠴᠢᠨᠠᠷ ᠪᠠ | ᠰᠠᠶᠢᠵᠢᠷᠠᠭᠤᠯᠬᠤ ᠬᠡᠯᠪᠡᠷᠢ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠭᠡᠷ ᠪᠠᠶᠢᠰᠢᠩ | ᠭᠠᠵᠠᠷ ᠬᠥᠷᠥᠩᠭᠡ ᠶᠢᠨ ᠬᠠᠩᠭᠠᠯᠭ᠎ᠠ ᠬᠡᠷᠡᠭᠴᠡᠭᠡ ᠶᠢᠨ ᠰᠢᠨ᠎ᠡ ᠲᠡᠩᠴᠡᠭᠦᠷᠢ ᠶᠢ ᠲᠠᠬᠢᠨ ᠪᠤᠢ ᠪᠣᠯᠭᠠᠨ᠎ᠠ᠃ | ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠴᠥᠭᠡᠨ ᠪᠤᠰᠤ ᠭᠠᠵᠠᠷ ᠣᠷᠣᠨ ᠤ ᠬᠢᠨ 2025 ᠣᠨ ᠤ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠥᠪᠯᠡᠭᠡ ᠳᠡᠭᠡᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠭᠡᠵᠦ | ᠳᠤᠷᠠᠳᠤᠭᠰᠠᠨ ᠪᠠᠶᠢᠨ᠎ᠠ᠃ | ᠪᠡᠭᠡᠵᠢᠩ ᠬᠤᠳᠠ ᠶᠢᠨ ᠬᠢᠨ ᠳᠤᠷᠠᠳᠬᠤ ᠳᠠᠭᠠᠨ᠂ ︽ᠰᠠᠶᠢᠨ ᠭᠡᠷ ᠪᠠᠶᠢᠰᠢᠩ︾ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠲᠠᠯᠠᠷᠬᠠᠭ ᠭᠠᠵᠠᠷ ᠤᠨ ᠰᠢᠨ᠎ᠡ ᠬᠤᠲᠠ ᠶᠢᠨ ᠰᠢᠨ᠎ᠡ ᠪᠠᠷ ᠪᠠᠶᠢᠭᠤᠯᠬᠤ ᠴᠢᠨᠠᠷ | ᠰᠠᠶᠢᠲᠠᠢ ᠣᠷᠣᠨ ᠰᠠᠭᠤᠴᠠ ᠶᠢᠨ ᠲᠤᠷᠰᠢᠯᠲᠠ ᠪᠠ ᠭᠤᠣᠯ ᠬᠤᠲᠠ ᠶᠢᠨ ᠲᠣᠭᠤᠷᠢᠭ ᠤᠨ ᠣᠳᠣ ᠪᠠᠶᠢᠭ᠎ᠠ ᠣᠷᠣᠨ | ᠰᠠᠭᠤᠴᠠ ᠶᠢᠨ ᠲᠣᠭᠤᠷᠢᠭ ᠢ ᠦᠷᠭᠦᠯᠵᠢᠯᠡᠨ ᠰᠢᠨᠡᠳᠬᠡᠨ ᠥᠭᠡᠷᠡᠴᠢᠯᠡᠬᠦ ᠲᠤᠷᠰᠢᠯᠲᠠ ᠶᠢ ᠥᠷᠨᠢᠭᠦᠯᠵᠦ᠂ ᠥᠨᠳᠥᠷ | ᠡᠬᠢᠯᠡᠯᠲᠡ ᠲᠠᠢ ᠲᠥᠯᠥᠪᠵᠢᠭᠦᠯᠬᠦ᠂ ᠥᠨᠳᠥᠷ ᠲᠦᠪᠰᠢᠨ ᠢᠶᠠᠷ ᠵᠢᠷᠤᠵᠤ ᠲᠥᠯᠥᠪᠯᠡᠬᠦ᠂ ᠥᠨᠳᠥᠷ ᠶᠠᠰᠤ | ᠴᠢᠨᠠᠷᠲᠠᠢ ᠪᠠᠷ ᠪᠦᠲᠦᠭᠡᠨ ᠪᠠᠶᠢᠭᠤᠯᠬᠤ᠂ ᠥᠨᠳᠥᠷ ᠶᠠᠰᠤ ᠴᠢᠨᠠᠷᠲᠠᠢ ᠪᠠᠷ ᠥᠭᠡᠷᠡᠴᠢᠯᠡᠬᠦ᠂ ᠥᠨᠳᠥᠷ ᠦᠷ᠎ᠡ | ᠪᠦᠲᠦᠮᠵᠢᠲᠡᠶ ᠪᠠᠷ ᠠᠵᠢᠯᠯᠠᠭᠤᠯᠵᠤ ᠪᠠᠲᠤᠯᠠᠬᠤ᠂ ᠥᠨᠳᠥᠷ ᠪᠠᠷᠢᠮᠵᠢᠶ᠎ᠠ ᠪᠠᠷ ᠦᠢᠯᠡᠴᠢᠯᠡᠬᠦ ᠶᠢ ᠪᠠᠷᠢᠮᠲᠠᠯᠠᠵᠤ᠂ | ᠨᠡᠶᠢᠰᠯᠡᠯ ᠤᠨ ᠣᠨᠴᠠᠯᠢᠭ ᠪᠦᠬᠦᠢ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠪᠠᠷ ᠰᠠᠭᠤᠷᠢ ᠪᠣᠯᠭᠠᠵᠤ᠂ | ᠨᠡᠶᠢᠰᠯᠡᠯ ᠤᠨ ᠰᠠᠶᠢᠨ ᠭᠡᠷ ᠪᠠᠶᠢᠰᠢᠩ᠂ ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ | ᠰᠠᠶᠢᠨ ᠬᠤᠳᠠ ᠶᠢᠨ ᠲᠣᠭᠤᠷᠢᠭ ᠤᠨ ︽ᠲᠦᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ᠴᠧᠩᠳᠦ᠋ ᠬᠤᠲᠠ ᠶᠢᠨ ᠬᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠲᠦᠷᠭᠡᠪᠴᠢᠯᠡᠨ | ᠳᠡᠭᠡᠭᠰᠢᠯᠡᠭᠦᠯᠦᠨ᠎ᠡ ᠭᠡᠵᠦ ᠳᠤᠷᠠᠳᠴᠠᠢ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠪᠠ ᠰᠢᠨᠡᠴᠢᠯᠡᠨ ᠦᠭᠡᠷᠡᠴᠢᠯᠡᠬᠦ ᠵᠡᠷᠭᠡ ᠠᠳᠠᠯᠢ ᠪᠤᠰᠤ ᠪᠠᠶᠢᠳᠠᠯ ᠳᠤ | ᠬᠠᠨᠳᠤᠭᠤᠯᠤᠨ᠂ ᠲᠠᠸᠠᠷ ᠤᠨ ᠭᠡᠷ ᠪᠠᠶᠢᠰᠢᠩ᠂ ᠪᠠᠲᠤᠯᠠᠭ᠎ᠠ ᠶᠢᠨ ᠣᠷᠣᠨ ᠰᠠᠭᠤᠴᠠ ᠵᠡᠷᠭᠡ ᠠᠳᠠᠯᠢ ᠪᠤᠰᠤ ᠲᠥᠷᠥᠯ | ᠬᠡᠯᠪᠡᠷᠢ ᠳᠤ ᠴᠢᠭᠯᠡᠭᠦᠯᠦᠨ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠥᠷᠥᠯ ᠬᠤᠪᠢᠶᠠᠨ ᠪᠣᠶ ᠪᠣᠯᠭᠠᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠳᠤ ᠬᠦᠴᠦᠨ ᠨᠡᠮᠡᠷᠢᠯᠡᠨ᠎ᠡ᠃ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ᠂ ᠰᠢᠨ᠎ᠡ ᠮᠡᠷᠭᠡᠵᠢᠯ᠂ BIM ︵ | ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ︶ ᠤᠨ ᠮᠡᠷᠭᠡᠵᠢᠯ᠂ ᠣᠶᠤᠨᠯᠢᠭ ᠭᠡᠷ ᠤᠨ ᠬᠡᠷᠡᠭᠰᠡᠯ ᠤᠨ ᠰᠢᠰᠲ᠋ᠧᠮ ᠤᠨ | ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ︽ᠰᠠᠶᠢᠨ ᠭᠡᠷ ᠪᠠᠶᠢᠰᠢᠩ︾ ᠤᠨ ᠠᠮᠤᠷ ᠲᠦᠪᠰᠢᠨ ᠴᠢᠨᠠᠷ᠂ | ᠴᠢᠳᠠᠮᠵᠢᠲᠤ ᠴᠢᠨᠠᠷ᠂ ᠲᠣᠬᠢᠯᠢᠭ ᠴᠢᠨᠠᠷ᠂ ᠳᠣᠣᠷ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠪᠠ ᠣᠶᠤᠨᠴᠢ ᠶᠢᠨ | ᠬᠡᠮᠵᠢᠶ᠎ᠠ ᠶᠢ ᠳᠡᠭᠡᠭᠰᠢᠯᠡᠭᠦᠯᠦᠨ᠎ᠡ᠃ | ᠳᠤᠷᠠᠳᠤᠭᠤᠰᠢᠲᠠᠢ ᠵᠦᠢᠯ ᠭᠡᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠢ 5 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠰᠢᠨ᠎ᠡ ᠲᠣᠭᠲᠠᠭᠠᠯ ᠳᠤ᠂ | ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠢ 3 ᠮᠧᠲᠷ ᠠᠴᠠ ᠳᠣᠣᠷ᠎ᠠ | ᠪᠠᠶᠢᠯᠭᠠᠵᠤ ᠪᠤᠯᠬᠤ ᠦᠭᠡᠢ᠂ ᠣᠷᠣᠨ ᠵᠠᠢ ᠶᠢᠨ ᠲᠠᠭᠠᠯᠠᠮᠵᠢ ᠶᠢᠨ ᠬᠡᠮᠵᠢᠶ᠎ᠡ ᠪᠠ ᠴᠢᠳᠠᠮᠵᠢ ᠶᠢᠨ ᠠᠮᠢᠳᠤᠯᠢᠭ ᠴᠢᠨᠠᠷ ᠢ | ᠨᠡᠮᠡᠭᠳᠡᠭᠦᠯᠦᠨ᠎ᠡ︔ 4 ᠲᠠᠪᠬᠤᠷᠯᠢᠭ ᠵᠢᠴᠢ ᠲᠡᠭᠦᠨ ᠠᠴᠠ ᠳᠡᠭᠡᠭᠰᠢᠬᠢ ᠣᠷᠣᠨ ᠰᠠᠭᠤᠴᠠ ᠳᠤ ᠴᠠᠬᠢᠯᠭᠠᠨ ᠱᠠᠲᠤ | ᠲᠣᠬᠢᠷᠠᠭᠤᠯᠵᠤ᠂ ᠨᠠᠰᠤᠵᠢᠯ ᠤᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠶᠢ ᠱᠠᠭᠠᠷᠳᠠᠨ᠎ᠠ︔ | ᠬᠡᠷᠡᠮ᠂ ᠠᠰᠠᠷ ᠤᠨ ᠬᠠᠪᠲᠠᠰᠤᠨ ᠤ ᠳᠠᠭᠤ ᠬᠥᠨᠳᠡᠶᠢᠷᠡᠭᠦᠯᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠬᠥᠷᠰᠢ | ᠵᠡᠷᠭᠡᠯᠡᠳᠡᠭᠡ ᠶᠢᠨ ᠱᠤᠤᠭᠢᠶᠠᠨ ᠤ ᠬᠠᠷᠰᠢᠯᠠᠯ ᠢ ᠪᠠᠭᠠᠰᠬᠠᠬᠤ ᠵᠡᠷᠭᠡ ᠪᠣᠯᠣᠨ᠎ᠠ᠃ | ᠶᠦᠩ ᡁᠢ ᠰᠤᠳᠤᠯᠭᠠᠨ ᠤ ᠬᠦᠷᠢᠶᠡᠯᠡᠩ ᠤᠨ ᠰᠤᠳᠤᠯᠭᠠᠨ ᠤ ᠳᠡᠳ᠋ ᠶᠡᠷᠦᠩᠬᠡᠢ ᠬᠢᠨᠠᠭᠴᠢ ᠯᠢ ᠢ ᠹᠧᠩ | ᠢᠯᠡᠷᠬᠡᠶᠢᠯᠡᠬᠦ ᠳᠡᠭᠡᠨ᠂ ᠵᠢᠱᠢᠯᠲᠡ ᠪᠠᠷ ᠡᠯ᠎ᠡ ᠭᠠᠵᠠᠷ ᠤᠨ ᠬᠢᠨ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠶᠢᠨ ᠨᠠᠷᠢᠯᠢᠭᠵᠢᠭᠤᠯᠤᠭᠰᠠᠨ ᠭᠦᠢᠴᠡᠳᠬᠡᠯ ᠲᠤᠭ᠎ᠠ ᠶᠢ ᠲᠦᠷᠭᠡᠪᠴᠢᠯᠡᠨ ᠨᠡᠶᠢᠲᠡᠯᠡᠵᠦ | ᠨᠠᠶᠢᠳᠠᠪᠤᠷᠢᠵᠢᠭᠤᠯᠤᠨ᠎ᠠ᠃ ᠬᠠᠯᠠᠭᠤᠷᠠᠯ ᠴᠡᠭ ᠤᠨ ᠭᠠᠵᠠᠷ ᠣᠷᠣᠨ ᠤ ᠴᠢᠨᠠᠷ ᠰᠠᠶᠢᠲᠠᠢ ᠭᠠᠵᠠᠷ ᠰᠢᠷᠣᠢ ᠶᠢᠨ | ᠬᠠᠩᠭᠠᠯᠭ᠎ᠠ ᠦᠷᠭᠦᠯᠵᠢᠯᠡᠨ ᠨᠡᠮᠡᠭᠳᠡᠬᠦ ᠶᠢ ᠳᠠᠭᠠᠯᠳᠤᠨ᠂ ︽ᠰᠠᠶᠢᠨ ᠭᠡᠷ ᠪᠠᠶᠢᠰᠢᠩ︾ ᠤᠨ ᠲᠥᠷᠥᠯ ᠵᠦᠢᠯ | ᠵᠠᠯᠭᠠᠯᠳᠤᠭᠠᠪᠠᠷ ᠵᠠᠬ᠎ᠠ ᠳᠡᠯᠭᠡᠭᠦᠷ ᠲᠤ ᠣᠷᠣᠵᠤ᠂ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠳᠠᠶᠢᠴᠢᠯᠠᠬᠤ ᠪᠣᠯᠣᠮᠵᠢ ᠲᠠᠢ ᠪᠠᠶᠢᠨ᠎ᠠ ᠭᠡᠵᠡᠢ᠃ | ᠭᠠᠵᠠᠷ ᠰᠢᠷᠣᠢ ᠶᠢᠨ ᠬᠠᠩᠭᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ᠎ᠡ | ᠭᠤᠸᠠᠩᠵᠸᠦ᠂ ᠱᠠᠩᠬᠠᠢ ᠵᠡᠷᠭᠡ ᠬᠠᠯᠠᠭᠤᠷᠠᠯ ᠴᠡᠭ ᠤᠨ ᠭᠠᠵᠠᠷ ᠣᠷᠣᠨ ᠤ ᠬᠢᠨ 2025 ᠣᠨ ᠤ ᠭᠠᠵᠠᠷ ᠰᠢᠷᠣᠢ | ᠬᠠᠩᠭᠠᠬᠤ ᠲᠥᠯᠥᠪᠯᠡᠭᠡ ᠪᠠᠨ ᠠᠰ ᠲᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠠᠩᠬᠠᠷᠤᠯ ᠢ ᠲᠠᠲᠠᠭᠰᠠᠨ ᠪᠠᠶᠢᠨ᠎ᠠ᠃ | | ᠱᠠᠩᠬᠠᠢ ᠬᠤᠲᠠ ᠶᠢᠨ ᠲᠥᠯᠦᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠨᠡᠶᠢᠲᠡᠯᠡᠭᠰᠡᠨ ︽ᠱᠠᠩᠬᠠᠢ ᠬᠤᠲᠠ ᠶᠢᠨ 2025 ᠣᠨ ᠤ ᠤᠯᠤᠰ ᠤᠨ ᠦᠮᠴᠢᠯᠡᠯᠳᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ︾ ᠳᠤ ᠢᠯᠡᠷᠬᠡᠶᠢᠯᠡᠭᠰᠡᠨ ᠢᠶᠠᠷ᠂ 2025 ᠣᠨ ᠤ ᠪᠥᠬᠦ | ᠬᠤᠲᠠ ᠶᠢᠨ ᠲᠠᠸᠠᠷ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠬᠠᠩᠭᠠᠯᠭ᠎ᠠ ᠶᠢᠨ ᠬᠡᠮᠵᠢᠶ᠎ᠡ | ᠨᠢ 375 — 485 ᠾᠧᠺᠲ᠋ᠠᠷ ᠪᠤᠯᠤᠨ᠎ᠠ᠂ ᠡᠭᠦᠨ ᠳᠤ ᠬᠤᠲᠠ ᠶᠢᠨ ᠳᠤᠮᠳᠠᠬᠢ ᠲᠣᠰᠬᠤᠨ ᠤ | ᠦᠭᠡᠷᠡᠴᠢᠯᠡᠯᠳᠡ ᠳᠤ 55 — 75 ᠾᠧᠺᠲ᠋ᠠᠷ ᠬᠡᠷᠡᠭᠯᠡᠵᠦ᠂ ᠬᠠᠭᠤᠴᠢᠨ ᠢ ᠦᠭᠡᠷᠡᠴᠢᠯᠡᠬᠦ ᠳᠤ 80 — 110 | ᠾᠧᠺᠲ᠋ᠠᠷ ᠬᠡᠷᠡᠭᠯᠡᠨ᠎ᠡ᠃ 2025 ᠣᠨ ᠳᠤ ᠭᠠᠵᠠᠷ ᠰᠢᠷᠣᠢ ᠶᠢᠨ ᠵᠠᠬ᠎ᠠ ᠳᠡᠯᠭᠡᠭᠦᠷ ᠨᠢ ᠭᠤᠣᠯ ᠬᠤᠲᠠ ᠶᠢᠨ | ᠲᠣᠭᠤᠷᠢᠭ ᠤᠨ ᠭᠤᠣᠯᠯᠠᠬᠤ ᠴᠢᠳᠠᠮᠵᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ︽ᠳ᠋ᠠ ᠬᠤᠩ ᠴᠢᠶᠣᠤ ᠬᠥᠭᠦᠷᠭᠡ | ︾ ︽ᠳ᠋ᠠ ᠯᠢᠩ ᠨᠣᠮᠧᠷᠲᠤ ᠪᠤᠯᠤᠩ︾ ︽ᠳ᠋ᠠ ᠦ᠋ ᠰᠥᠩ︾ ᠵᠡᠷᠭᠡ ᠪᠠᠶᠢᠯᠳᠤᠬᠤ ᠪᠣᠳᠣᠯᠭ᠎ᠠ ᠶᠢᠨ ᠭᠠᠵᠠᠷ | ᠣᠷᠣᠨ ᠤ ᠠᠵᠤ ᠦᠢᠯᠡᠰ ᠤᠨ ᠨᠡᠪᠴᠢᠭᠦᠯᠦᠯᠲᠡ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠡᠬᠢ | ᠰᠤᠷᠪᠤᠯᠵᠢ ᠶᠢᠨ ᠦᠢᠯᠡᠳᠦᠯ ᠢ ᠳᠣᠪᠤᠶᠢᠯᠭᠠᠨ᠎ᠠ᠃ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ᠂ | ᠭᠤᠣᠯᠯᠠᠬᠤ ᠠᠵᠤ ᠦᠢᠯᠡᠰ ᠤᠨ ᠬᠥᠭᠵᠢᠯᠲᠡ᠂ ᠣᠷᠣᠨ ᠪᠦᠰᠡ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠦᠨ ᠲᠡᠰ | ᠳᠡᠪᠰᠢᠭᠦᠯᠬᠦ ᠶᠢᠨ ᠲᠣᠭᠤᠷᠢᠨ ᠳᠤ ᠣᠷᠣᠨ ᠪᠦᠰᠡ ᠶᠢᠨ ᠨᠡᠷᠡᠳᠤ ᠲᠡᠮᠳᠡᠭᠲᠦ ᠶᠢ ᠪᠤᠢ ᠪᠣᠯᠭᠠᠬᠤ ᠶᠢ ᠴᠢᠩᠭᠠᠳᠬᠠᠨ᠎ᠠ᠃ | | ︽ᠭᠤᠸᠠᠩᠵᠸᠦ ᠬᠤᠲᠠ ᠶᠢᠨ 2025 ᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠬᠠᠩᠭᠠᠯᠭ᠎ᠠ ᠶᠢᠨ ᠲᠥᠯᠥᠪᠯᠡᠭᠡ︾ ᠳᠤ ᠢᠯᠡᠷᠡᠭᠦᠯᠦᠭᠰᠡᠨ ᠢᠶᠠᠷ᠂ 2025 ᠣᠨ ᠤ ᠪᠥᠬᠦ ᠬᠤᠲᠠ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠯᠡᠭᠡ ᠶᠢᠨ ᠬᠠᠩᠭᠠᠯᠭ᠎ᠠ ᠶᠢᠨ ᠶᠡᠷᠦᠩᠬᠡᠢ | ᠬᠡᠮᠵᠢᠶ᠎ᠡ 3454 ᠾᠧᠺᠲ᠋ᠠᠷ ᠪᠣᠯᠣᠨ᠎ᠠ᠃ ᠡᠭᠦᠨ ᠳᠤ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠳᠤ722 ᠾᠧᠺᠲ᠋ᠠᠷ ᠬᠡᠷᠡᠭᠯᠡᠵᠦ᠂ ᠲᠥᠯᠥᠪᠯᠡᠭᠡ ᠶᠢᠨ ᠶᠡᠷᠦᠩᠬᠡᠢ ᠬᠡᠮᠵᠢᠶᠡᠨ ᠤ 21% ᠶᠢ ᠡᠵᠡᠯᠡᠨ᠎ᠡ︔ | ᠬᠤᠳᠠᠯᠳᠤᠭᠠᠨ ᠤ ᠬᠡᠷᠡᠭᠯᠡᠭᠡᠨ ᠳᠤ 250 ᠾᠧᠺᠲ᠋ᠠᠷ ᠬᠠᠩᠭᠠᠵᠤ᠂ ᠲᠥᠯᠥᠪᠯᠡᠭᠡᠨ ᠤ ᠶᠡᠷᠦᠩᠬᠡᠢ ᠬᠡᠮᠵᠢᠶᠡᠨ ᠤ 7% | ᠶᠢ ᠡᠵᠡᠯᠡᠨ᠎ᠡ︔ ᠦᠢᠯᠡᠳᠪᠦᠷᠢ ᠠᠭᠤᠷᠬᠠᠢ ᠶᠢᠨ ᠬᠥᠮᠥᠷᠭᠡᠯᠡᠨ ᠬᠠᠳᠠᠭᠠᠯᠠᠬᠤ ᠳᠤ 1313 ᠾᠧᠺᠲ᠋ᠠᠷ ᠬᠠᠩᠭᠠᠵᠤ᠂ | ᠲᠥᠯᠥᠪᠯᠡᠭᠡᠨ ᠤ ᠶᠡᠷᠦᠩᠬᠡᠢ ᠬᠡᠮᠵᠢᠶᠡᠨ ᠤ 38% ᠶᠢ ᠡᠵᠡᠯᠡᠨ᠎ᠡ︔ ᠪᠤᠰᠤᠳ ᠬᠡᠷᠡᠭᠯᠡᠭᠡᠨ ᠳᠤ ︵ᠤᠯᠠᠨ | ᠨᠡᠶᠢᠲᠡ ᠶᠢᠨ ᠬᠠᠮᠢᠶᠠᠷᠤᠯᠲᠠ ᠬᠢᠭᠡᠳ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ᠂ ᠣᠨᠴᠠᠭᠠᠶ | ᠬᠡᠷᠡᠭᠯᠡᠬᠦ ᠭᠠᠵᠠᠷ᠂ ᠵᠠᠮ ᠲᠡᠭᠡᠭᠡᠪᠦᠷᠢ ᠳᠤ ᠬᠡᠷᠡᠭᠯᠡᠬᠦ ᠭᠠᠵᠠᠷ᠂ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ | ᠲᠥᠬᠦᠭᠡᠷᠦᠮᠵᠢ ᠳᠤ ᠬᠡᠷᠡᠭᠯᠡᠬᠦ ᠭᠠᠵᠠᠷ ᠪᠠᠭᠲᠠᠨ᠎ᠠ︶ 1169 ᠾᠧᠺᠲ᠋ᠠᠷ ᠬᠠᠩᠭᠠᠵᠤ᠂ ᠲᠥᠯᠥᠪᠯᠡᠭᠡᠨ ᠤ ᠶᠡᠷᠦᠩᠬᠡᠢ | ᠬᠡᠮᠵᠢᠶᠡᠨ ᠤ 34% ᠶᠢ ᠡᠵᠡᠯᠡᠭᠦᠯᠦᠨ᠎ᠡ ᠭᠡᠵᠦ ᠲᠦᠯᠦᠪᠯᠡᠵᠦ ᠪᠠᠶᠢᠨ᠎ᠠ᠃ ᠭᠤᠸᠠᠩᠵᠸᠦ ᠬᠤᠲᠠ ᠶᠢᠨ ᠬᠢᠨ᠂ ᠡᠬᠢ | ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ ᠪᠠ ᠴᠢᠬᠤᠯᠠ ᠶᠡᠭᠡ ᠲᠦᠷᠦᠯ ᠵᠦᠢᠯ ᠤᠨ | ᠭᠠᠵᠠᠷ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ ᠭᠡᠵᠦ ᠳᠤᠷᠠᠳᠤᠨ ᠭᠠᠷᠭᠠᠪᠠ᠃ | ᠢᠷᠡᠯᠲᠡ᠄ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠰᠣᠨᠢᠨ | |