ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ | ᠥᠪ ᠤᠨ ᠤᠷ᠎ᠠ ᠮᠡᠷᠭᠡᠵᠢᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ︽ | ᠲᠣᠭᠲᠠᠬᠤ ᠰᠢᠶᠠᠨ ᠤ ᠴᠠᠭᠠᠰᠤᠨ ᠬᠠᠶᠢᠴᠢᠯᠠᠮᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ 2025 | ᠣᠨ ᠤ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠤ ᠦᠢᠯᠡᠴᠢᠯᠡᠭᠡᠨ ᠤ | ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ | ᠣᠷᠳᠣᠨ ᠳᠤ ᠶᠠᠪᠤᠭᠳᠠᠵᠤ᠂ ᠬᠡᠦᠬᠡᠳ ᠤᠳ ᠲᠤ ᠬᠠᠶᠢᠴᠢ ᠪᠣᠯᠣᠨ ᠤᠯᠠᠭᠠᠨ ᠴᠠᠭᠠᠰᠤᠨ ᠤ ᠮᠥᠷᠭᠦᠯᠳᠦᠯ ᠠᠴᠠ | ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠪᠡ᠃ | ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠭᠦᠸᠧ ᠰᠢᠶᠣᠣ ᠮᠢᠨ ᠪᠠᠭᠰᠢ ᠪᠢᠴᠢᠬᠠᠨ ᠨᠠᠶᠢᠵᠠ ᠨᠠᠷ ᠲᠤ | ᠲᠠᠶᠢᠯᠪᠤᠷᠢᠯᠠᠬᠤ ᠶᠢᠨ ᠳᠠᠭᠠᠤ ᠪᠠᠭᠰᠢ ᠪᠠᠨ ᠳᠠᠭᠠᠵᠤ ᠬᠠᠶᠢᠴᠢᠯᠠᠵᠤ᠂ ᠤᠷᠭᠤᠭᠤᠯᠤᠨ ᠪᠣᠳᠣᠯᠲᠠ ᠪᠠᠨ ᠭᠦᠢᠴᠡᠳ | ᠪᠠᠳᠠᠷᠠᠭᠤᠯᠤᠨ᠂ ᠥᠪᠡᠷ ᠤᠨ ᠪᠦᠲᠦᠭᠡᠯᠴᠢ ᠰᠡᠳᠬᠢᠮᠵᠢ ᠪᠠᠨ ᠪᠦᠲᠦᠭᠡᠯ ᠳᠡᠭᠡᠨ ᠠᠭᠤᠰᠬᠠᠨ ᠰᠢᠩᠭᠡᠭᠡᠵᠡᠢ᠃ | ᠣᠯᠠᠨ ᠢᠶᠠᠷ ᠢᠶᠠᠨ ᠪᠠᠶᠠᠷ ᠬᠥᠷ ᠲᠠᠢ ᠪᠠᠷ ᠥᠪᠡᠷ ᠤᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠴᠢᠷᠠᠢ ᠳᠤᠨᠢ | ᠠᠮᠵᠢᠯᠲᠠ ᠪᠦᠲᠦᠮᠵᠢ ᠶᠢᠨ ᠰᠡᠳᠬᠢᠯᠭᠡ ᠪᠢᠯᠬᠠᠨ᠎ᠠ᠃ | ᠲᠣᠰ ᠤᠳᠠᠭᠠᠨ ᠤ ᠠᠵᠢᠯᠯᠠᠭ᠎ᠠ ᠳᠤ ᠰᠤᠷᠤᠭᠴᠢᠳ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠬᠦ ᠪᠠᠷ ᠳᠡᠮᠵᠢᠨ᠂ | ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠭᠦᠨᠵᠡᠭᠡᠢ ᠣᠶᠢᠯᠠᠭᠠᠵᠤ᠂ ᠲᠣᠰ | ᠨᠤᠲᠤᠭ ᠤᠨ ᠰᠣᠶᠣᠯ ᠢᠶᠠᠨ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠭᠦᠯᠦᠭᠰᠡᠨ | ᠪᠠᠶᠢᠨ᠎ᠠ᠃ ᠡᠭᠦᠨ ᠤ ᠬᠠᠮᠲᠤ ᠪᠠᠰᠠ ᠪᠤᠳᠠᠰ ᠤᠨ ᠪᠤᠰᠤ ᠰᠣᠶᠣᠯ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠤ | ᠥᠩ ᠰᠢᠮᠡᠯᠢᠭ ᠬᠥᠷᠥᠰᠥᠨ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠤᠯᠠᠮᠵᠢᠯᠠᠯᠲᠤ ᠰᠣᠶᠣᠯ ᠤᠨ ᠤᠯᠠᠮᠵᠢᠯᠠᠯ | ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |