ᠬᠥᠬᠡᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠣᠭᠲᠠᠬᠤ ᠰᠢᠶᠠᠨ ᠤ ᠰᠠᠷᠭᠠᠢ ᠴᠡᠴᠡᠷᠯᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2025/5/16
       2025 ᠣᠨ ᠤ ᠬᠥᠬᠡᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠣᠭᠲᠠᠬᠤ ᠰᠢᠶᠠᠨ ᠤ ᠰᠠᠷᠭᠠᠢ ᠴᠡᠴᠡᠷᠯᠢᠭ ᠲᠤ ᠡᠬᠢᠯᠡᠪᠡ᠃ ᠨᠠᠨᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠠᠯᠠᠭᠤᠨ ᠰᠡᠳᠬᠢᠯᠭᠡ ᠪᠠ ᠬᠦᠰᠡᠯ ᠡᠷᠡᠮᠡᠯᠵᠡᠯ ᠢ ᠡᠪᠦᠷᠯᠡᠨ ᠢᠳᠡᠪᠬᠢᠲᠡᠢ ᠪᠠᠷ ᠣᠷᠣᠯᠴᠠᠵᠤ᠂ 300 ᠭᠠᠷᠤᠢ ᠰᠠᠭᠤᠭᠠᠯᠢ ᠠᠷᠠᠳ ᠡᠨᠡᠬᠦ ᠲᠠᠮᠢᠷ ᠤᠨ ᠬᠥᠳᠡᠯᠭᠡᠭᠡᠨ ᠳᠤ ᠴᠤᠭᠯᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠠᠮᠢᠷ ᠤᠨ ᠨᠠᠶᠢᠷᠠᠯ ᠬᠥᠭᠵᠢᠮ ᠢ ᠬᠠᠮᠲᠤᠪᠠᠷ ᠬᠥᠭᠵᠢᠮᠳᠡᠪᠡ᠃      ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠠᠴᠠ ᠳᠠᠭᠠᠭᠠᠴᠢᠯᠠᠨ ᠡᠷᠭᠢᠯᠡᠪᠡ᠃ ᠲᠣᠰ ᠠᠵᠢᠯᠯᠠᠭ᠎ᠠ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠦᠷᠭᠦᠯᠵᠢᠯᠡᠨ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ᠂ ᠪᠥᠬᠦ ᠲᠠᠯ᠎ᠠ ᠪᠠᠷ ᠲᠠᠰ ᠳᠡᠪᠰᠢᠭᠦᠯᠬᠦ ᠪᠠ ᠰᠢᠯᠢᠳᠡᠭᠵᠢᠭᠦᠯᠵᠦ᠂ ᠬᠥᠬᠡᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠢ ᠬᠥᠭᠵᠢᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠢᠯᠡᠷᠡᠭᠦᠯᠪᠡ᠃      ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠡᠭᠡᠰᠦ ᠦᠰᠦᠷᠬᠦ᠂ ᠲᠡᠪᠡᠭ ᠢᠰᠬᠦᠯᠬᠦ᠂ ᠬᠤᠷᠬᠢᠷᠠᠬᠤ ᠵᠡᠷᠭᠡ ᠤᠯᠠᠮᠵᠢᠯᠠᠯᠲᠤ ᠲᠥᠷᠥᠯ ᠵᠦᠢᠯ ᠵᠢᠴᠢ ᠬᠠᠷᠠᠩᠭ᠎ᠠ ᠴᠣᠬᠢᠬᠤ᠂ ᠨᠢᠰᠦᠭᠡ ᠲᠠᠪᠠᠭ᠂ ᠢᠮᠵᠢ ᠶᠢᠨ ᠪᠤᠤᠬᠢᠶ᠎ᠠ ᠤᠷᠤᠯᠳᠤᠭᠠᠨ ᠵᠡᠷᠭᠡ ᠰᠣᠨᠢᠷᠬᠠᠯᠲᠤ ᠲᠥᠷᠥᠯ ᠵᠦᠢᠯ ᠢ ᠲᠣᠬᠢᠷᠠᠭᠤᠯᠵᠤ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠴᠡᠴᠡᠷᠯᠢᠭ ᠲᠤ ᠤᠢ ᠮᠣᠳᠣ ᠬᠥᠬᠡᠷᠡᠨ ᠨᠣᠭᠤᠭᠠᠷᠠᠵᠤ᠂ ᠴᠡᠴᠡᠭ ᠤᠨ ᠦᠨᠦᠷ ᠬᠠᠩᠬᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠃ ᠲᠠᠮᠢᠷ ᠤᠨ ᠬᠥᠳᠡᠯᠭᠡᠭᠡᠨ ᠤ ᠲᠠᠯᠠᠪᠤᠷ ᠲᠠᠢ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠵᠠᠢ᠃ ᠤᠷᠤᠯᠳᠤᠭᠠᠨ ᠳᠤ ᠣᠷᠣᠯᠴᠠᠭᠰᠠᠳ ᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠠᠩ ᠰᠠᠶᠢᠨ ᠣᠶᠢᠯᠠᠭᠠᠯᠲᠠ ᠬᠦᠷᠲᠡᠭᠡᠬᠦ ᠶᠢᠨ ᠲᠥᠯᠥᠭᠡ᠂ ᠬᠥᠳᠡᠯᠭᠡᠭᠡᠨ ᠤ ᠲᠤᠬᠠᠢ ᠶᠢᠨ ᠲᠠᠯᠠᠪᠤᠷ ᠤᠨ ᠦᠢᠯᠡᠴᠢᠯᠡᠭᠡᠨ ᠤ ᠲᠥᠬᠦᠭᠡᠷᠦᠮᠵᠢ ᠶᠢ ᠴᠦ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠪᠠᠶᠢᠨ᠎ᠠ᠃      ᠨᠡᠶᠢᠭᠡᠮ ᠲᠣᠭᠤᠷᠢᠭ ᠤᠨ ᠬᠢᠨ ᠪᠠᠰᠠ ᠰᠡᠯᠡᠭᠦᠴᠡᠯ ᠤᠨ ᠲᠣᠭᠤᠷᠢᠭ ᠲᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠠᠵᠢᠯᠯᠠᠭ᠎ᠠ ᠶᠢ ᠨᠠᠷᠢᠨ ᠨᠢᠮᠪᠠᠢ ᠲᠣᠬᠢᠷᠠᠭᠤᠯᠵᠤ᠂ ᠶᠡᠭᠡ ᠬᠡᠮᠵᠢᠶᠡᠨ ᠤ ᠤᠷᠤᠯᠳᠤᠭᠠᠨ ᠳᠤ ᠣᠷᠣᠯᠴᠠᠭᠰᠠᠳ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠣᠷᠣᠯᠴᠠᠭᠤᠯᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠤᠯᠵᠠᠢ᠃ ᠪᠦᠬᠦ ᠨᠡᠶᠢᠭᠡᠮ ᠲᠣᠭᠤᠷᠢᠭ ᠢᠶᠠᠷ ᠢᠶᠠᠨ ᠪᠠᠶᠠᠷ ᠬᠦᠷ ᠲᠠᠢ᠂ ᠡᠶ᠎ᠡ ᠵᠣᠬᠢᠴᠠᠯ ᠲᠠᠢ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ᠃ ᠤᠷᠮ᠎ᠠ ᠪᠠᠬ᠎ᠠ ᠲᠠᠢ ᠤᠷᠤᠯᠳᠤᠭᠠᠨ ᠤ ᠠᠭᠤᠷ ᠠᠮᠢᠰᠬᠤᠯ ᠪᠠ ᠪᠠᠶᠠᠷ ᠪᠠᠶᠠᠰᠬᠤᠯᠠᠩ ᠲᠠᠢ ᠤᠷᠤᠯᠳᠤᠭᠠᠨ ᠤ ᠶᠠᠪᠤᠴᠠ ᠳᠤ᠂ ᠪᠦᠬᠦ ᠣᠷᠣᠯᠴᠠᠭᠴᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠲᠠᠮᠢᠷ ᠤᠨ ᠴᠤᠭᠯᠠᠭᠠᠨ ᠤ ᠠᠪᠴᠢᠷᠠᠭᠰᠠᠨ ᠬᠢᠵᠠᠭᠠᠯᠠᠰᠢ ᠦᠭᠡᠢ ᠪᠠᠶᠠᠷ ᠪᠠᠭ᠋ᠠᠳᠤᠯ ᠢ ᠭᠦᠢᠴᠡᠳ ᠣᠶᠢᠯᠠᠭᠠᠪᠠ᠃ ᠬᠥᠮᠥᠰ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠠᠪᠤᠴᠠ ᠳᠤ ᠬᠥᠯᠥᠰᠦ ᠪᠠᠨ ᠤᠷᠤᠰᠬᠠᠵᠤ ᠪᠠᠶᠢᠭ᠎ᠠ ᠨᠢ ᠠᠮᠢᠳᠤᠷᠠᠯ ᠪᠠ ᠠᠵᠢᠯ ᠤᠨ ᠳᠤᠮᠳᠠᠬᠢ ᠳᠠᠷᠤᠯᠲᠠ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠠᠶᠢᠭᠠᠯᠢ ᠶᠢᠨ ᠣᠷᠴᠢᠨ ᠲᠣᠭᠤᠷᠢᠨ ᠪᠠ ᠨᠡᠶᠢᠭᠡᠮ ᠲᠣᠭᠤᠷᠢᠭ ᠤᠨ ᠦᠵᠡᠮᠵᠢ ᠲᠠᠢ ᠨᠢᠭᠲᠠ ᠬᠠᠷᠢᠯᠴᠠᠬᠤ ᠶᠢᠨ ᠳᠤᠮᠳᠠ ᠬᠥᠬᠡᠬᠤᠲᠠ ᠶᠢᠨ ᠥᠪᠡᠷᠮᠢᠴᠡ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠭᠤᠷ ᠠᠮᠢᠰᠬᠤᠯ ᠢ ᠭᠦᠨᠵᠡᠭᠡᠢ ᠣᠶᠢᠯᠠᠭᠠᠭᠰᠠᠨ ᠪᠠᠶᠢᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1