5 ᠳ᠋ᠤᠭᠠᠷ ᠰᠠᠷ᠎ᠠ ᠶᠢᠨ 15 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠢ ᠨᠡᠶᠢᠲᠡᠯᠡᠭᠰᠡᠨ ᠤ ᠳᠠᠷᠠᠭ᠎ᠠ᠂ 5 ᠳ᠋ᠤᠭᠠᠷ ᠰᠠᠷ᠎ᠠ ᠶᠢᠨ 20 ᠤ ᠡᠳᠦᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠬᠤᠶᠢᠰᠢᠳᠠ ᠶᠢᠨ | ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠭᠤᠣᠯᠳᠠᠯᠭ᠎ᠠ ᠵᠢᠴᠢ ᠵᠣᠬᠢᠴᠠᠩᠭᠤᠢ ᠪᠠᠶᠢᠭᠤᠯᠤᠯ ᠲᠣᠭᠲᠠᠴᠠ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠨ ᠲᠠᠶᠢᠯᠪᠤᠷᠢᠯᠠᠭᠰᠠᠨ ᠪᠠᠶᠢᠨ᠎ᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠬᠤᠳᠠ ᠶᠢᠨ ᠰᠠᠭᠤᠷᠢ | ᠲᠥᠬᠦᠭᠡᠷᠦᠮᠵᠢ ᠶᠢᠨ ᠰᠢᠨᠡᠴᠢᠯᠡᠯᠲᠡ ᠠᠴᠠ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ | ᠬᠦᠷᠲᠡᠯ᠎ᠡ᠂ ᠬᠤᠳᠠ ᠶᠢᠨ ᠴᠢᠳᠠᠪᠬᠢ ᠶᠢ ᠪᠦᠷᠢᠨ ᠲᠡᠭᠦᠯᠳᠡᠷᠵᠢᠭᠦᠯᠬᠦ᠂ ᠬᠤᠳᠠ ᠶᠢᠨ ᠰᠢᠨᠡᠴᠢᠯᠡᠯᠲᠡ ᠶᠢ ᠬᠡᠷᠬᠢᠨ | ᠴᠢᠨᠠᠭᠰᠢᠳᠠ ᠠᠬᠢᠭᠤᠯᠬᠤ ᠪᠤᠢ︖ ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠬᠡᠷᠬᠢᠨ ᠪᠠᠶᠢᠭᠤᠯᠬᠤ | ᠪᠤᠢ︖ ︽ᠰᠠᠨᠠᠯ︾ ᠢ ᠲᠤᠭᠤᠷᠪᠢᠬᠤ ᠪᠥᠬᠦ ᠶᠠᠪᠤᠴᠠ ᠳᠤ ᠭᠦᠨᠵᠡᠭᠡᠢ ᠣᠷᠣᠯᠴᠠᠭᠰᠠᠨ ᠪᠥᠭᠡᠳ ᠡᠯ᠎ᠡ ᠭᠠᠵᠠᠷ ᠤᠨ | ᠬᠤᠲᠠ ᠶᠢᠨ ᠰᠢᠨᠡᠴᠢᠯᠡᠯᠲᠡ ᠶᠢᠨ ᠵᠠᠷᠢᠮ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ ᠤᠶᠢᠯᠠᠭᠠᠭᠰᠠᠨ ᠳᠤᠮᠳᠠᠳᠤ | ᠤᠯᠤᠰ ᠤᠨ ᠬᠤᠲᠠ ᠶᠢᠨ ᠲᠥᠯᠦᠪᠵᠢᠭᠦᠯᠭᠡ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠶᠠᠩ ᠪᠦᠦ | ᠵᠢᠶᠦ᠋ᠨ ᠤ ᠵᠠᠳᠠᠯᠤᠯᠲᠠ ᠶᠢ ᠦᠵᠡᠶ᠎ᠡ︕ | ᠶᠠᠭᠤᠨ ᠤ ᠤᠴᠢᠷ ᠠᠴᠠ ᠡᠨᠡ ᠦᠶ᠎ᠡ ᠳᠤ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ᠢ ᠨᠡᠶᠢᠲᠡᠯᠡᠭᠰᠡᠨ ᠪᠤᠶ︖ ᠬᠤᠳᠠ ᠶᠢᠨ ᠰᠢᠨᠡᠴᠢᠯᠡᠯᠲᠡ ᠶᠢᠨ ᠰᠢᠨ᠎ᠡ | ᠥᠷᠭᠡᠵᠢᠯ ᠢ ᠬᠡᠷᠬᠢᠨ ᠣᠶᠢᠯᠠᠭᠠᠬᠤ ᠪᠤᠢ︖ | ᠶᠠᠩ ᠪᠦᠦ ᠵᠢᠶᠦ᠋ᠨ᠄ 2020 ᠣᠨ ᠳᠤ ᠲᠥᠪ ᠠᠴᠠ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠪᠠᠶᠢᠷᠢᠯᠠᠭᠤᠯᠤᠨ ᠬᠡᠷᠡᠭᠵᠢᠭᠦᠯᠦᠭᠰᠡᠨ ᠠᠴᠠ ᠨᠠᠰᠢ᠂ ᠲᠤᠷᠰᠢᠯᠲᠠ ᠶᠢᠨ ᠴᠡᠭ ᠪᠣᠯᠬᠤ ᠬᠤᠲᠠ ᠳᠤ ᠵᠠᠯᠭᠠᠭ᠎ᠠ ᠪᠠᠷ | ᠬᠠᠶᠢᠨ ᠰᠦᠪᠡᠭᠴᠢᠯᠡᠯᠲᠡ ᠬᠢᠵᠦ᠂ ᠬᠠᠶᠢᠨ ᠰᠦᠪᠡᠭᠴᠢᠯᠡᠯᠲᠡ ᠶᠢᠨ ᠦᠢᠯᠡᠳᠦᠯᠭᠡ ᠶᠢᠨ ᠳᠤᠮᠳᠠ ᠲᠤᠷᠰᠢᠯᠭ᠎ᠠ ᠲᠠᠢ | ᠪᠣᠯᠤᠭᠰᠠᠨ ᠤ ᠬᠠᠮᠲᠤ ᠮᠠᠰᠢ ᠣᠯᠠᠨ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠵᠢᠱᠢᠶᠡᠯᠡᠪᠡᠯ᠂ ᠬᠤᠲᠠ ᠶᠢᠨ | ᠰᠢᠨᠡᠴᠢᠯᠡᠯᠲᠡ ᠶᠢᠨ ᠠᠭᠤᠯᠤᠭᠳᠠᠬᠤᠨ ᠢ ᠬᠡᠷᠬᠢᠨ ᠵᠠᠭᠠᠭᠯᠠᠨ ᠲᠣᠭᠲᠠᠭᠠᠬᠤ ᠪᠣᠶ︖ ᠠᠯᠢ ᠠᠯᠢ ᠲᠠᠯ᠎ᠠ ᠶᠢᠨ | ᠠᠵᠢᠯ ᠤᠨ ᠡᠭᠦᠷᠭᠡ ᠶᠢ ᠬᠤᠳᠠ ᠶᠢᠨ ᠰᠢᠨᠡᠴᠢᠯᠡᠯᠲᠡ ᠪᠠᠷ ᠪᠤᠳᠤᠬᠤ ᠪᠤᠢ︖ ᠬᠤᠲᠠ ᠶᠢᠨ ᠰᠢᠨᠡᠴᠢᠯᠡᠯᠲᠡ ᠨᠢ | ᠰᠣᠩᠭᠤᠯᠲᠠ ᠶᠢᠨ ᠰᠡᠳᠦᠪ ᠦᠦ︖ ᠡᠰᠡᠬᠦᠯ᠎ᠡ ᠵᠠᠪᠠᠯ ᠬᠠᠷᠢᠭᠤᠯᠬᠤ ᠰᠡᠳᠦᠪ ᠦᠦ︖ ᠬᠤᠲᠠ ᠶᠢᠨ ᠰᠢᠨᠡᠴᠢᠯᠡᠯᠲᠡ | ᠨᠢ ᠲᠦᠷ ᠴᠠᠭ ᠤᠨ ᠬᠡᠷᠡᠭᠴᠡᠭᠡ ᠶᠤᠮ ᠦᠦ︖ ᠡᠰᠡᠬᠦᠯ᠎ᠡ ᠬᠤᠲᠠ ᠶᠢᠨ ᠬᠡᠯᠪᠡᠷᠢ ᠬᠤᠪᠢᠷᠠᠭᠤᠯᠤᠨ ᠬᠥᠭᠵᠢᠬᠦ ᠶᠢᠨ | ᠵᠠᠶᠢᠯᠠᠰᠢ ᠦᠭᠡᠢ ᠰᠣᠩᠭᠤᠯᠲᠠ ᠶᠤᠮ ᠦᠦ︖ ᠦᠢᠯᠡᠳᠦᠯᠭᠡ ᠶᠢᠨ ᠳᠤᠮᠳᠠ ᠬᠠᠤᠯᠢ ᠲᠣᠭᠲᠠᠭᠠᠯ ᠤᠨ ᠮᠥᠷᠭᠦᠯᠳᠦᠭᠡᠨ | ᠂ ᠪᠡᠯᠡ ᠮᠥᠩᠭᠦ ᠳᠤᠲᠠᠭᠳᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠪᠣᠯ ᠴᠥᠮ ᠡᠮᠦᠨᠡᠬᠢ | ᠬᠤᠭᠤᠴᠠᠭᠠᠨ ᠤ ᠲᠤᠷᠰᠢᠯᠲᠠ ᠶᠢᠨ ᠬᠠᠶᠢᠨ ᠰᠦᠪᠡᠭᠴᠢᠯᠡᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠮᠥᠨ᠂ | ᠬᠤᠳᠠ ᠶᠢᠨ ᠰᠢᠨᠡᠴᠢᠯᠡᠯᠲᠡ ᠳᠤ ᠪᠢᠳᠡ ᠰᠢᠨ᠎ᠡ ᠶᠢ ᠡᠭᠦᠳᠦᠨ ᠬᠠᠶᠢᠨ ᠰᠦᠪᠡᠭᠴᠢᠯᠡᠬᠦ ᠶᠢ ᠱᠠᠭᠠᠷᠳᠠᠵᠤ ᠪᠠᠶᠢᠨ᠎ᠠ᠃ | ᠲᠠᠪᠤᠨ ᠵᠢᠯ ᠤᠨ ᠬᠠᠶᠢᠨ ᠰᠦᠪᠡᠭᠴᠢᠯᠡᠯᠲᠡ ᠪᠠᠷ ᠲᠠᠮᠵᠢᠨ᠂ ᠲᠥᠪ ᠬᠤᠷᠢᠶ᠎ᠠ ᠠᠴᠠ ᠨᠢᠭᠡᠨᠲᠡ ᠪᠦᠷᠢᠯᠳᠦᠭᠰᠡᠨ | ᠲᠤᠷᠰᠢᠯᠭ᠎ᠠ ᠶᠢ ᠳᠦᠷᠢᠮ ᠤᠨ ᠲᠣᠬᠢᠷᠠᠭᠤᠯᠤᠯᠲᠠ ᠪᠣᠯᠭᠠᠨ ᠳᠡᠭᠡᠭᠰᠢᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠨ᠎ᠡ᠃ ᠡᠨᠡ ᠬᠦ ᠪᠢᠴᠢᠭ ᠮᠠᠲ᠋ᠧᠷᠢᠶᠠᠯ ᠨᠢ ᠢᠷᠡᠭᠡᠳᠦᠢ ᠳᠤ ᠬᠤᠲᠠ ᠶᠢᠨ ᠰᠢᠨᠡᠴᠢᠯᠡᠯᠲᠡ ᠶᠢ | ᠦᠷᠭᠦᠯᠵᠢᠯᠡᠨ ᠲᠦᠯᠬᠢᠨ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠦᠨᠳᠦᠰᠦᠨ ᠵᠠᠷᠴᠢᠮ ᠢ | ᠲᠣᠭᠲᠠᠭᠠᠨ᠂ ᠡᠭᠦᠷᠭᠡ ᠶᠢ ᠲᠣᠳᠣᠷᠬᠠᠢ ᠪᠣᠯᠭᠠᠭᠰᠠᠨ ᠪᠥᠭᠡᠳ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠂ | ᠢᠯᠠᠩᠭᠤᠶ᠎ᠠ ᠪᠠᠲᠤᠯᠠᠭ᠎ᠠ ᠶᠢᠨ ᠲᠣᠭᠲᠠᠴᠠ ᠶᠢᠨ ᠲᠠᠯ᠎ᠠ ᠪᠠᠷ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠴᠤ ᠡᠨᠡᠬᠦ ᠪᠢᠴᠢᠭ ᠮᠠᠲ᠋ᠧᠷᠢᠶᠠᠯ ᠢ ᠬᠦᠰᠡᠭᠡᠳ ᠤᠳᠠᠭᠰᠠᠨ ᠪᠥᠭᠡᠳ | ᠮᠠᠰᠢ ᠶᠡᠭᠡ ᠬᠦᠰᠡᠯ ᠲᠠᠯᠪᠢᠵᠤ ᠪᠠᠶᠢᠨ᠎ᠠ᠂ ᠡᠨᠡ ᠪᠣᠯ ᠪᠢᠴᠢᠭ ᠮᠠᠲ᠋ᠧᠷᠢᠶᠠᠯ ᠢ ᠨᠡᠶᠢᠲᠡᠯᠡᠮᠡᠭᠴᠡ ᠡᠯ᠎ᠡ ᠡᠲᠡᠭᠡᠳ ᠤᠨ | ᠬᠢᠨ ᠤ ᠠᠩᠬᠠᠷᠤᠯ ᠢ ᠲᠠᠲᠠᠵᠤ ᠬᠠᠯᠠᠭᠤᠨ ᠶᠠᠷᠢᠯᠴᠠᠭ᠎ᠠ ᠪᠤᠯᠭᠤᠭᠰᠠᠨ ᠤ ᠤᠴᠢᠷ ᠰᠢᠯᠲᠠᠭᠠᠨ ᠮᠥᠨ᠃ | ᠡᠬᠢᠨ ᠤ ᠬᠤᠭᠤᠴᠠᠭᠠᠨ ᠤ ᠬᠤᠳᠠ ᠶᠢᠨ ᠰᠢᠨᠡᠴᠢᠯᠡᠯᠲᠡ ᠶᠢᠨ ᠲᠤᠬᠠᠢ ᠪᠢᠳᠡᠨᠠᠷ ᠤᠨ ᠣᠶᠢᠯᠠᠭᠠᠯᠲᠠ ᠪᠤᠯ ᠬᠡᠰᠡᠭ | ᠲᠠᠯ᠎ᠠ ᠶᠢᠨ ᠶᠤᠮ᠂ ᠶᠠᠭᠤᠨ ᠤ ᠡᠮᠦᠨ᠎ᠡ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠳᠤ | ᠠᠩᠬᠠᠷᠤᠯ ᠢᠶᠠᠨ ᠲᠥᠪᠯᠡᠷᠡᠭᠦᠯᠵᠡᠢ᠂ ᠲᠡᠷᠡ ᠪᠣᠯ ᠠᠷᠠᠳ ᠤᠨ ᠰᠡᠳᠬᠢᠯ ᠢ ᠶᠡᠭᠡ ᠣᠯᠣᠭᠰᠠᠨ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ᠰᠡᠭᠦᠯᠡᠷ ᠨᠢ ᠪᠢᠳᠡ ᠬᠠᠭᠤᠴᠢᠨ ᠤᠷᠤᠨ ᠰᠠᠭᠤᠴᠠ ᠶᠢᠨ ᠲᠣᠭᠤᠷᠢᠭ ᠠᠴᠠ | ᠭᠠᠳᠠᠨ᠎ᠠ ᠪᠠᠰᠠ ᠨᠢᠭᠡ ᠪᠦᠯᠦᠭ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ | ᠬᠤᠳᠠ ᠶᠢᠨ ᠳᠤᠮᠳᠠᠬᠢ ᠲᠣᠰᠬᠤᠨ ᠢ ᠢᠯᠡᠷᠡᠭᠦᠯᠵᠡᠢ᠂ ᠡᠭᠦᠨ ᠢ ᠶᠡᠷᠦᠩᠬᠡᠢ ᠳᠤᠨᠢ ︽ᠭᠤᠷᠪᠠᠨ ᠬᠠᠭᠤᠴᠢᠨ︾ ᠤ | ᠥᠭᠡᠷᠡᠴᠢᠯᠡᠯᠲᠡ ᠭᠡᠳᠡᠭ᠃ ᠭᠡᠪᠡᠴᠦ ᠲᠣᠰ ᠤᠳᠠᠭᠠᠨ ᠤ ᠪᠠᠶᠢᠷᠢᠯᠠᠭᠤᠯᠤᠯᠲᠠ ᠨᠢ ᠨᠠᠩ ᠪᠥᠬᠦ ᠲᠠᠯ᠎ᠠ ᠶᠢᠨ | ᠰᠢᠰᠲ᠋ᠧᠮ ᠲᠠᠢ ᠪᠣᠯᠵᠤ᠂ ᠨᠠᠢᠮᠠᠨ ᠲᠠᠯ᠎ᠠ ᠶᠢᠨ ᠡᠭᠦᠷᠭᠡ ᠶᠢ ᠬᠠᠮᠤᠷᠤᠭᠰᠠᠨ ᠪᠠᠶᠢᠨ᠎ᠠ᠄ ᠠᠮᠤᠷ ᠲᠦᠪᠰᠢᠨ ᠢ | ᠪᠠᠲᠤᠯᠠᠬᠤ ᠠᠴᠠ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠬᠦᠷᠲᠡᠯ᠎ᠡ᠂ ᠳᠠᠬᠢᠭᠠᠳ ᠢᠷᠡᠭᠡᠳᠦᠢ ᠳᠤ | ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ ᠬᠦᠷᠲᠡᠯ᠎ᠡ᠂ | ᠬᠤᠲᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶ ᠪᠣᠯᠭᠠᠬᠤ ᠪᠣᠯ ᠨᠢᠭᠡᠨ ᠰᠢᠰᠲ᠋ᠧᠮ ᠲᠠᠢ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ | ᠬᠤᠳᠠ ᠶᠢᠨ ᠰᠢᠨᠡᠴᠢᠯᠡᠯᠳᠡ ᠶᠢᠨ ᠪᠡᠯᠡ ᠮᠦᠩᠭᠦ ᠬᠠᠮᠢᠭ᠎ᠠ ᠠᠴᠠ ᠢᠷᠡᠳᠡᠭ ᠪᠤᠢ︖ | ᠶᠠᠩ ᠪᠦᠦ ᠵᠢᠶᠦ᠋ᠨ᠄ ᠪᠡᠯᠡ ᠮᠥᠩᠭᠦᠨ ᠤ ᠠᠰᠠᠭᠤᠳᠠᠯ ᠪᠣᠯ ᠬᠡᠵᠢᠶᠡᠳᠡ ᠨᠢᠭᠡᠨ ᠲᠣᠮᠣ ᠠᠰᠠᠭᠤᠳᠠᠯ ᠮᠥᠨ᠂ | ︽ᠰᠠᠨᠠᠯ︾ ᠳᠤ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠬᠤᠲᠠ ᠶᠢᠨ ᠰᠢᠨᠡᠴᠢᠯᠡᠯᠲᠡ ᠶᠢ ᠳᠡᠮᠵᠢᠬᠦ | ᠡᠷᠴᠢᠮ ᠢ ᠴᠢᠩᠭᠠᠷᠠᠭᠤᠯᠤᠨ᠎ᠠ᠃ ᠨᠢᠭᠡ ᠳᠤ᠂ ᠲᠥᠪ ᠤᠨ ᠲᠥᠰᠥᠪ ᠤᠨ ᠲᠥᠷᠥᠯ ᠤᠨ ᠪᠡᠯᠡ ᠣᠷᠣᠭᠤᠯᠤᠯᠲᠠ᠂ | ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ | ᠣᠷᠣᠭᠤᠯᠤᠯᠲᠠ ᠶᠢ ᠪᠠᠭᠲᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠷᠢᠮ | ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ ᠪᠣᠳᠣᠯᠭ᠎ᠠ ᠨᠤᠭᠤᠳ ᠪᠤᠢ᠂ ᠡᠭᠦᠨ ᠠᠴᠠ ᠭᠠᠳᠠᠨ᠎ᠠ | ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠳᠤ ᠳᠡᠮᠵᠢᠯᠭᠡ | ᠦᠵᠡᠭᠦᠯᠬᠦ ᠵᠢᠴᠢ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠳᠠᠨ ᠣᠷᠣᠯᠴᠠᠭᠤᠯᠬᠤ ᠬᠡᠷᠡᠭᠲᠡᠢ᠂ ᠴᠢᠨᠠᠭᠰᠢᠯᠠᠪᠠᠯ | ᠥᠮᠴᠢᠯᠡᠯ ᠤᠨ ᠡᠷᠬᠡ ᠶᠢᠨ ᠥᠮᠴᠢᠯᠡᠭᠴᠢ ᠶᠢᠨ ᠥᠪᠡᠷ ᠢᠶᠠᠨ ᠪᠡᠯᠡ ᠭᠠᠷᠭᠠᠵᠤ ᠪᠡᠶ᠎ᠡ ᠪᠠᠨ ᠳᠠᠭᠠᠭᠠᠵᠤ ᠰᠢᠨᠡᠴᠢᠯᠡᠬᠦ ᠶᠢ | ᠵᠣᠷᠢᠭᠵᠢᠭᠤᠯᠤᠨ᠎ᠠ᠃ ᠦᠢᠯᠡᠳᠦᠯᠭᠡ ᠠᠴᠠ ᠦᠵᠡᠪᠡᠯ᠂ ᠣᠷᠣᠨ ᠨᠤᠲᠤᠭ ᠤᠨ ᠵᠠᠰᠠᠭ ᠤᠨ ᠣᠷᠳᠣᠨ ᠬᠤᠳᠠ ᠶᠢᠨ | ᠰᠢᠨᠡᠴᠢᠯᠡᠯᠲᠡ ᠶᠢ ᠶᠡᠭᠡ ᠪᠠᠷ ᠱᠠᠭᠠᠷᠳᠠᠵᠤ ᠪᠠᠶᠢᠬᠤ ᠪᠣᠯᠪᠠᠴᠤ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠨᠢ ᠨᠢᠭᠡᠨ | ᠡᠪᠡᠷᠰᠢᠶᠡᠯ ᠲᠠᠢ ᠭᠠᠵᠠᠷ ᠭᠡᠵᠦ ᠨᠡᠶᠢᠳᠡᠮ ᠳᠡᠭᠡᠨ ᠦᠵᠡᠵᠦ ᠪᠠᠶᠢᠨ᠎ᠠ᠃ | ᠡᠨᠡ ᠬᠡᠳᠦᠨ ᠵᠢᠯ ᠳᠤ᠂ ᠲᠥᠪ ᠠᠴᠠ ᠬᠤᠳᠠ ᠶᠢᠨ ᠰᠢᠨᠡᠴᠢᠯᠡᠯᠲᠡ ᠶᠢᠨ ᠪᠡᠯᠡ ᠮᠥᠩᠭᠦ ᠶᠢ ᠳᠡᠮᠵᠢᠬᠦ | ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠤᠭᠰᠠᠨ ᠪᠥᠭᠡᠳ ᠨᠢᠭᠡ ᠪᠦᠯᠦᠭ ᠭᠤᠣᠯᠳᠠᠯᠭ᠎ᠠ ᠲᠠᠢ ᠲᠦᠷᠦᠯ | ᠵᠦᠢᠯ ᠤᠨ ᠬᠡᠷᠡᠭᠵᠢᠭᠦᠯᠦᠯᠲᠡ ᠶᠢ ᠠᠮᠵᠢᠯᠲᠠ ᠲᠠᠢ ᠪᠠᠷ ᠪᠡᠶᠡᠯᠡᠭᠦᠯᠵᠦ᠂ ᠮᠠᠰᠢ ᠰᠠᠶᠢᠨ ᠦᠷ᠎ᠡ ᠪᠦᠲᠦᠮᠵᠢ ᠣᠯᠣᠭᠰᠠᠨ | ᠪᠠᠶᠢᠨ᠎ᠠ᠃ ᠪᠠᠩᠬᠢ ᠴᠤ ᠮᠥᠩᠭᠦᠨ ᠭᠦᠢᠯᠭᠡᠭᠡᠨ ᠤ ᠦᠢᠯᠡᠳᠬᠦᠨ ᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ | ᠡᠭᠦᠳᠴᠦ᠂ ᠬᠦᠴᠦᠲᠡᠢ ᠳᠡᠮᠵᠢᠯᠭᠡ ᠦᠵᠡᠭᠦᠯᠵᠦ ᠪᠠᠶᠢᠨ᠎ᠠ᠃ ᠭᠡᠪᠡᠴᠦ ᠶᠡᠷᠦᠩᠬᠡᠢ ᠳᠤᠨᠢ ᠠᠪᠴᠤ ᠦᠵᠡᠪᠡᠯ᠂ | ᠨᠡᠶᠢᠭᠡᠮ ᠤᠨ ᠬᠥᠷᠥᠩᠭᠡ ᠶᠢᠨ ᠣᠷᠣᠵᠤ ᠢᠷᠡᠬᠦ ᠬᠠᠷᠢᠴᠠᠯ ᠲᠡᠶᠢᠮᠦ ᠥᠨᠳᠥᠷ ᠪᠢᠰᠢ᠂ ᠡᠨᠡ ᠨᠢ ᠵᠠᠷᠢᠮ ᠳᠦᠷᠢᠮ ᠤᠨ | ᠴᠢᠨᠠᠷᠲᠠᠢ ᠲᠣᠬᠢᠷᠠᠭᠤᠯᠤᠯᠲᠠ᠂ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠤᠯᠠᠮ ᠨᠢᠭᠡ ᠠᠯᠬᠤᠮ ᠥᠭᠡᠷᠡᠴᠢᠯᠡᠯᠲᠡ | ᠬᠢᠬᠦ ᠣᠷᠣᠨ ᠵᠠᠢ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠂ ᠤᠴᠢᠷ ᠨᠢ ᠢᠷᠡᠭᠡᠳᠦᠢ ᠳᠤ᠂ ᠬᠤᠳᠠ ᠶᠢᠨ | ᠰᠢᠨᠡᠴᠢᠯᠡᠯᠲᠡ ᠪᠣᠯ ᠨᠢᠭᠡᠨ ᠤᠷᠳᠤ ᠬᠤᠭᠤᠴᠠᠭᠠᠨ ᠤ ᠦᠷᠭᠦᠯᠵᠢᠯᠡᠬᠦ ᠶᠠᠪᠤᠴᠠ ᠮᠥᠨ᠂ ᠵᠥᠪᠬᠡᠨ ᠵᠠᠰᠠᠭ ᠤᠨ | ᠣᠷᠳᠣᠨ ᠤ ᠡᠳ᠋ ᠤᠨ ᠵᠠᠰᠠᠭ ᠲᠤ ᠲᠦᠰᠢᠭᠯᠡᠭᠡᠳ ᠪᠣᠯᠬᠤ ᠦᠭᠡᠢ ᠶᠤᠮ᠂ ᠠᠷᠭ᠎ᠠ ᠪᠤᠳᠤᠵᠤ ᠪᠠᠶᠢᠭᠠᠳ ᠳᠦᠷᠢᠮ ᠤᠨ | ᠲᠠᠯ᠎ᠠ ᠪᠠᠷ ᠰᠢᠨ᠎ᠡ ᠶᠢ ᠡᠭᠦᠳᠬᠦ ᠪᠠᠷ ᠳᠠᠮᠵᠢᠭᠤᠯᠤᠨ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ ᠣᠷᠣᠭᠤᠯᠬᠤ | ᠬᠡᠷᠡᠭᠲᠡᠢ ᠶᠤᠮ᠃ | ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ ᠪᠡᠷᠬᠡ ᠰᠡᠳᠦᠪ ᠢ ᠬᠡᠷᠬᠢᠨ ᠰᠢᠢᠳᠪᠦᠷᠢᠯᠡᠬᠦ ᠪᠣᠶ︖ | ᠶᠠᠩ ᠪᠦᠦ ᠵᠢᠶᠦ᠋ᠨ᠄ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ | ᠨᠡᠭᠡᠭᠡᠨ ᠠᠰᠢᠭᠯᠠᠬᠤ ᠶᠢᠨ ᠲᠥᠯᠥᠭᠡ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠂ ᠥᠩᠭᠡᠷᠡᠭᠰᠡᠨ ᠳᠤ ᠬᠤᠳᠠ ᠶᠢᠨ | ᠲᠥᠯᠦᠪᠵᠢᠭᠦᠯᠭᠡ ᠶᠢ ᠦᠨᠳᠦᠰᠦᠯᠡᠨ ᠬᠡᠷᠡᠭᠴᠡᠭᠡ ᠶᠢ ᠨᠢ ᠵᠣᠬᠢᠰᠲᠠᠢ ᠲᠣᠭᠲᠠᠭᠠᠵᠤ ᠪᠠᠶᠢᠵᠠᠢ᠂ ᠭᠡᠪᠡᠴᠦ ᠬᠥᠮᠥᠨ | ᠠᠮᠠ ᠶᠢᠨ ᠬᠤᠪᠢᠷᠠᠯᠲᠠ᠂ ᠲᠧᠭᠨᠢᠭ ᠮᠡᠷᠭᠡᠵᠢᠯ ᠤᠨ ᠲᠡᠪᠰᠢᠯᠳᠠ᠂ ᠠᠵᠤ ᠦᠢᠯᠡᠳᠪᠦᠷᠢᠯᠡᠯ ᠤᠨ ᠲᠣᠬᠢᠷᠠᠭᠤᠯᠤᠯᠲᠠ | ᠪᠠ ᠰᠢᠯᠵᠢᠯᠲᠡ ᠨᠢ ᠤᠤᠯ ᠤᠨ ᠬᠡᠷᠡᠭᠴᠡᠭᠡ ᠶᠢ ᠵᠣᠬᠢᠰ ᠦᠭᠡᠢ ᠪᠣᠯᠭᠠᠭᠰᠠᠨ ᠪᠤᠶᠤ ᠳᠠᠪᠬᠤᠴᠠᠭᠤᠯᠤᠭᠰᠠᠨ ᠂ ᠮᠠᠰᠢ | ᠤᠯᠡᠠ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠴᠢᠨᠠᠭᠰᠢᠯᠠᠪᠠᠯ ᠪᠠᠷᠢᠯᠭ᠎ᠠ ᠳᠤ ᠬᠡᠷᠡᠭᠯᠡᠬᠦ | ᠭᠠᠵᠠᠷ ᠢ ᠰᠤᠯᠠ ᠲᠠᠯᠪᠢᠵᠤ ᠪᠠᠶᠢᠬᠤ ᠪᠠᠶᠢᠳᠠᠯ ᠢ ᠭᠠᠷᠴᠦ ᠪᠠᠶᠢᠬᠤ ᠶᠢ ᠠᠩᠬᠠᠷᠤᠯ ᠳᠠᠭᠠᠨ ᠠᠪᠤᠭᠰᠠᠨ ᠪᠠᠶᠢᠨ᠎ᠠ᠂ ᠡᠨᠡ | ᠨᠢ ᠬᠡᠷᠡᠭ ᠳᠡᠭᠡᠷ᠎ᠡ ᠪᠠᠨ ᠡᠳ᠋ ᠬᠥᠷᠥᠩᠭᠡ ᠶᠢ ᠪᠦᠷᠢᠯᠭᠡᠵᠦ ᠪᠠᠶᠢᠭ᠎ᠠ ᠶᠠᠪᠤᠳᠠᠯ ᠪᠣᠯᠬᠤ ᠶᠤᠮ᠃ | ᠬᠤᠳᠠ ᠶᠢᠨ ᠰᠢᠨᠡᠴᠢᠯᠡᠯᠳᠡ ᠳᠤ ᠠᠷᠭ᠎ᠠ ᠰᠦᠪᠡᠭᠴᠢᠯᠡᠵᠦ ᠪᠠᠶᠢᠭᠠᠳ ᠡᠨᠡ ᠬᠡᠰᠡᠭ ᠡᠬᠢ ᠪᠠᠶᠠᠯᠢᠭ ᠪᠠ ᠡᠳ᠋ | ᠬᠥᠷᠥᠩᠭᠡ ᠶᠢ ᠠᠮᠢᠳᠤᠯᠢᠭ ᠪᠣᠯᠭᠠᠵᠤ᠂ ᠨᠡᠶᠢᠭᠡᠮ ᠤᠨ ᠦᠷᠳᠡᠭ ᠪᠠ ᠠᠵᠤ ᠠᠬᠤᠢ ᠶᠢᠨ ᠦᠷᠳᠡᠭ ᠢ ᠪᠡᠶᠡᠯᠡᠭᠦᠯᠬᠦ | ᠬᠡᠷᠡᠭᠲᠡᠢ᠂ ᠡᠶᠢᠮᠦ ᠠᠴᠠ ᠡᠨᠡ ᠤᠳᠠᠭ᠎ᠠ ᠶᠢᠨ ᠪᠢᠴᠢᠭ ᠮᠠᠲ᠋ᠧᠷᠢᠶᠠᠯ ᠳᠤ ᠡᠨᠡ ᠠᠰᠠᠭᠤᠳᠠᠯ ᠳᠤ ᠴᠢᠭᠯᠡᠭᠦᠯᠦᠨ | ᠰᠢᠢᠳᠪᠦᠷᠢᠯᠡᠬᠦ ᠠᠷᠭ᠎ᠠ ᠶᠢ ᠳᠤᠷᠠᠳᠤᠭᠰᠠᠨ ᠪᠠᠶᠢᠨ᠎ᠠ᠃ ᠥᠩᠭᠡᠷᠡᠭᠰᠡᠨ ᠤ ᠬᠢᠳᠡᠯ ᠪᠣᠯ᠂ ᠬᠡᠳᠦᠶᠢᠪᠡᠷ ᠣᠲᠣ ᠰᠤᠯᠠ | ᠲᠠᠯᠪᠢᠭᠳᠠᠵᠤ ᠪᠠᠶᠢᠭ᠎ᠠ ᠪᠣᠯᠪᠠᠴᠤ ᠬᠡᠷᠡᠭᠴᠡᠭᠡ ᠶᠢ ᠨᠢ ᠠᠯᠢ ᠡᠷᠲᠡ ᠲᠣᠭᠲᠠᠭᠠᠭᠰᠠᠨ ᠶᠤᠮ᠂ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠭᠡᠢ᠂ ᠬᠡᠷᠡᠭᠯᠡᠬᠦ ᠬᠤᠭᠤᠴᠠᠭ᠎ᠠ ᠶᠢ ᠴᠦ ᠲᠣᠭᠲᠠᠭᠠᠭᠰᠠᠨ ᠶᠤᠮ᠃ ᠤᠯᠤᠰ ᠤᠨ | ᠦᠮᠴᠢᠯᠡᠯᠳᠦ ᠭᠠᠵᠠᠷ ᠰᠢᠷᠣᠢ ᠶᠢ ᠰᠢᠯᠵᠢᠭᠦᠯᠦᠨ ᠥᠭᠬᠦ ᠨᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠲᠠᠢ᠃ | ᠨᠢᠭᠡᠨ ᠨᠡᠯᠢᠶᠡᠳ ᠶᠠᠷᠰᠢᠭ ᠲᠦᠪᠡᠭ ᠲᠠᠢ ᠠᠯᠬᠤᠮ ᠳᠠᠷᠠᠭ᠎ᠠ ᠪᠠᠷ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠂ | ᠡᠭᠦᠨ ᠠᠴᠠ ᠭᠠᠳᠠᠨ᠎ᠠ ᠪᠠᠰᠠ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠠᠯᠳᠠᠭᠳᠠᠬᠤ ᠦᠭᠡᠢ ᠪᠠᠶᠢᠬᠤ ᠶᠢ ᠬᠡᠷᠬᠢᠨ ᠪᠣᠳᠣᠯᠬᠢᠯᠠᠬᠤ᠂ ᠭᠠᠵᠠᠷ ᠤᠨ ᠦᠨ᠎ᠡ ᠶᠢ ᠬᠡᠷᠬᠢᠨ | ᠨᠥᠬᠦᠵᠦ ᠲᠤᠰᠢᠶᠠᠬᠤ᠂ ᠭᠠᠵᠠᠷ ᠤᠨ ᠦᠨ᠎ᠡ ᠶᠢ ᠶᠠᠮᠠᠷ ᠠᠷᠭ᠎ᠠ ᠪᠠᠷ ᠨᠥᠬᠦᠵᠦ ᠲᠤᠰᠢᠶᠠᠬᠤ ᠶᠢ ᠬᠡᠷᠬᠢᠨ | ᠪᠣᠳᠣᠯᠬᠢᠯᠠᠬᠤ ᠵᠡᠷᠭᠡ ᠨᠢ ᠨᠡᠶᠢᠭᠡᠮ ᠤᠨ ᠬᠥᠷᠥᠩᠭᠡ ᠶᠢᠨ ᠬᠤᠳᠠ ᠶᠢᠨ ᠰᠢᠨᠡᠴᠢᠯᠡᠯᠳᠡ ᠶᠢᠨ ᠠᠩᠬᠠᠨ ᠤ | ᠬᠤᠭᠤᠴᠠᠭᠠᠨ ᠤ ᠥᠪᠡᠷ ᠤᠨ ᠦᠷᠳᠡᠭ ᠢ ᠨᠡᠮᠡᠭᠳᠡᠭᠦᠯᠵᠦ᠂ ᠣᠯᠠᠨ ᠲᠦᠮᠡᠨ ᠢ ᠲᠠᠲᠠᠭᠠᠯᠵᠠᠬᠤ ᠳᠤ ᠬᠦᠷᠦᠭᠦᠯᠦᠨ᠎ᠡ᠃ | ᠲᠣᠰ ᠤᠳᠠᠭᠠᠨ ᠤ ᠪᠢᠴᠢᠭ ᠮᠠᠲ᠋ᠧᠷᠢᠶᠠᠯ ᠳᠤ ᠭᠠᠵᠠᠷ ᠰᠢᠷᠣᠢ ᠶᠢᠨ ᠬᠡᠷᠡᠭᠴᠡᠭᠡ᠂ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠲᠠᠯ᠎ᠠ ᠪᠠᠷ ᠮᠠᠰᠢ ᠣᠯᠠᠨ ᠰᠢᠨ᠎ᠡ ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠵᠠᠢ᠂ ᠵᠢᠱᠢᠶᠡᠯᠡᠪᠡᠯ ᠭᠠᠵᠠᠷ ᠰᠢᠷᠣᠢ ᠶᠢᠨ ᠠᠳᠠᠯᠢ ᠪᠤᠰᠤ ᠬᠡᠷᠡᠭᠯᠡᠭᠡᠨ ᠤ ᠴᠢᠳᠠᠮᠵᠢ ᠶᠢ ᠬᠤᠯᠢᠯᠳᠤᠭᠤᠯᠬᠤ ᠶᠢ | ᠵᠥᠪᠰᠢᠶᠡᠷᠡᠨ᠎ᠡ᠂ ᠪᠠᠰᠠ ᠵᠠᠷᠢᠮ ᠪᠠᠭᠲᠠᠭᠠᠮᠵᠢ ᠶᠢᠨ ᠨᠣᠷᠮ᠎ᠠ ᠪᠠᠷ ᠱᠠᠩᠨᠠᠨ ᠬᠥᠬᠢᠭᠦᠯᠵᠦ ᠰᠢᠯᠵᠢᠭᠦᠯᠬᠦ ᠲᠥᠷᠥ ᠶᠢᠨ | ᠪᠣᠳᠣᠯᠭ᠎ᠠ ᠶᠢ ᠬᠡᠷᠡᠭᠯᠡᠬᠦ ᠶᠢ ᠵᠥᠪᠰᠢᠶᠡᠷᠡᠨ᠎ᠡ᠂ ᠡᠨᠡ ᠬᠦ ᠴᠢᠳᠠᠮᠵᠢ ᠶᠢ ᠬᠤᠪᠢᠷᠠᠭᠤᠯᠤᠨ ᠬᠡᠷᠡᠭᠯᠡᠭᠡ ᠶᠢ | ᠬᠤᠪᠢᠷᠠᠭᠤᠯᠬᠤ ᠳᠤ ᠰᠢᠯᠵᠢᠯᠲᠡ ᠶᠢᠨ ᠬᠤᠭᠤᠴᠠᠭᠠᠨ ᠤ ᠬᠠᠶᠢᠨ ᠰᠦᠪᠡᠭᠴᠢᠯᠡᠯᠲᠡ ᠶᠢ ᠵᠥᠪᠰᠢᠶᠡᠷᠡᠨ᠎ᠡ᠃ | ᠢᠩᠭᠢᠭᠰᠡᠨ ᠢᠶᠠᠷ ᠠᠩᠬᠠᠨ ᠤ ᠦᠶ᠎ᠡ ᠶᠢᠨ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠤ᠂ ᠮᠠᠰᠢ ᠤᠯᠠᠨ ᠠᠵᠤ | ᠠᠬᠤᠶᠢᠯᠠᠯ ᠢ ᠢᠳᠡᠪᠬᠢᠵᠢᠯ ᠲᠠᠢ ᠪᠣᠯᠭᠠᠵᠤ᠂ ᠡᠯ᠎ᠡ ᠲᠠᠯ᠎ᠠ ᠶᠢᠨ ᠬᠢᠨ ᠤ ᠰᠢᠨᠡᠴᠢᠯᠡᠯᠲᠡ ᠳᠤ ᠣᠷᠣᠯᠴᠠᠬᠤ | ᠢᠳᠡᠪᠬᠢᠵᠢᠯ ᠢ ᠳᠠᠶᠢᠴᠢᠯᠠᠬᠤ ᠳᠤ ᠨᠡᠩ ᠠᠰᠢᠭᠲᠠᠢ ᠪᠣᠯᠭᠠᠵᠠᠢ᠃ | ᠴᠠᠬᠢᠯᠭᠠᠨ ᠱᠠᠲᠤ ᠨᠡᠮᠡᠵᠦ ᠤᠭᠰᠠᠷᠠᠬᠤ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠶ︖ | ᠶᠠᠩ ᠪᠦᠦ ᠵᠢᠶᠦ᠋ᠨ᠄ ᠡᠲᠡᠭᠡᠷ ᠵᠢᠯ ᠤᠳ ᠲᠤ᠂ ᠡᠯ᠎ᠡ ᠭᠠᠵᠠᠷ ᠤᠨ ᠬᠢᠨ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠬᠦ ᠲᠠᠯ᠎ᠠ ᠪᠠᠷ ᠦᠨᠡᠬᠡᠷ ᠶᠡᠭᠡ ᠬᠡᠮᠵᠢᠶᠡᠨ ᠤ ᠠᠵᠢᠯ ᠬᠢᠵᠦ᠂ ᠮᠠᠰᠢ ᠣᠯᠠᠨ ᠠᠷᠠᠳ | ᠢᠷᠭᠡᠳ ᠲᠤ ᠠᠰᠢᠭ ᠬᠦᠷᠲᠡᠭᠡᠵᠡᠢ᠂ ᠡᠭᠦᠨ ᠳᠤ ᠬᠤᠶᠠᠷ ᠭᠤᠣᠯ ᠠᠰᠠᠭᠤᠳᠠᠯ ᠪᠣᠶ᠂ ᠨᠢᠭᠡ ᠨᠢ ︽ᠬᠥᠮᠥᠨ︾ ᠤ | ᠠᠰᠠᠭᠤᠳᠠᠯ᠂ ᠨᠥᠭᠦᠭᠡ ᠨᠢ ︽ᠵᠣᠭᠤᠰ︾ ᠤᠨ ᠠᠰᠠᠭᠤᠳᠠᠯ ᠪᠣᠯᠣᠨ᠎ᠠ᠃ | ᠤᠴᠢᠷ ᠨᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠬᠠᠷᠠᠯᠲᠠ ᠪᠣᠯ ᠮᠠᠰᠢ | ᠲᠣᠳᠣᠷᠬᠠᠢ ᠶᠤᠮ᠂ ᠨᠢᠭᠡ ᠲᠠᠯ᠎ᠠ ᠪᠠᠷ ᠬᠠᠭᠤᠴᠢᠷᠠᠭᠰᠠᠨ ᠬᠤᠭᠤᠯᠠᠢ ᠤᠲᠠᠰᠤ ᠢ ᠵᠠᠰᠠᠬᠤ ᠵᠡᠷᠭᠡ ᠠᠮᠤᠷ ᠲᠦᠪᠰᠢᠨ ᠤ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠨᠥᠭᠦᠭᠡ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠬᠦ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠭᠡᠪᠡᠯ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠰᠠᠨᠠᠯ ᠨᠢᠭᠡᠳᠦᠭᠰᠡᠨ ᠪᠠᠶᠢᠬᠤ ᠬᠡᠷᠡᠭᠲᠡᠢ᠃ ᠴᠠᠬᠢᠯᠭᠠᠨ ᠱᠠᠲᠤ | ᠨᠡᠮᠡᠵᠦ ᠤᠭᠰᠠᠷᠠᠬᠤ ᠪᠠᠷ ᠵᠢᠱᠢᠶᠡᠯᠡᠬᠦ ᠳᠤ᠂ ᠥᠨᠳᠥᠷ ᠲᠠᠪᠬᠤᠷᠯᠢᠭ ᠤᠨ ᠬᠥᠮᠥᠰ᠂ ᠢᠯᠠᠩᠭᠤᠶ᠎ᠠ ᠨᠠᠰᠤᠲᠠᠶᠢᠴᠤᠳ ᠲᠤ | ᠴᠠᠬᠢᠯᠭᠠᠨ ᠱᠠᠲᠤ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠭᠡᠪᠡᠴᠦ ᠨᠢᠭᠡᠳᠦᠭᠡᠷ ᠲᠠᠪᠬᠤᠷᠯᠢᠭ ᠤᠨ ᠬᠦᠮᠦᠰ | ᠴᠠᠬᠢᠯᠭᠠᠨ ᠱᠠᠲᠤ ᠬᠡᠷᠡᠭᠰᠡᠬᠦ ᠦᠭᠡᠢ᠂ ᠲᠡᠷᠡᠴᠢᠯᠡᠨ ᠵᠠᠷᠢᠮ ᠲᠠᠯ᠎ᠠ ᠪᠠᠷ ᠨᠦᠯᠦᠭᠡᠯᠡᠭᠳᠡᠵᠦ ᠮᠡᠳᠡᠨ᠎ᠡ᠂ ᠡᠶᠢᠮᠦ ᠠᠴᠠ | ᠶᠡᠷᠦ ᠨᠢ ᠰᠠᠨᠠᠯ ᠨᠢᠭᠡᠳᠬᠦ ᠦᠭᠡᠢ ᠪᠠᠶᠢᠳᠠᠭ᠃ ᠲᠦᠷᠭᠡᠳᠬᠡᠨ ᠠᠬᠢᠭᠤᠯᠤᠶ᠎ᠠ ᠭᠡᠪᠡᠯ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠲᠠᠢ | ᠢᠯᠡᠭᠦᠬᠡᠨ ᠣᠶᠢᠯᠠᠭᠠᠯᠴᠠᠵᠤ ᠰᠠᠨᠠᠯ ᠨᠢᠭᠡᠲᠡᠢ ᠪᠣᠯᠬᠤ ᠬᠡᠷᠡᠭᠲᠡᠢ᠂ ᠡᠭᠦᠨ ᠤ ᠬᠠᠮᠲᠤ ᠠᠰᠢᠭ ᠲᠤᠰᠠ ᠶᠢ ᠬᠠᠮᠲᠤᠪᠠᠷ | ᠡᠳ᠋ᠯᠡᠬᠦ᠂ ᠬᠤᠪᠢᠶᠠᠷᠢᠯᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠲᠤᠤᠷ᠎ᠠ ᠲᠠᠪᠬᠤᠷᠯᠢᠭ ᠤᠨ ᠬᠦᠮᠦᠰ ᠲᠤ | ᠵᠣᠬᠢᠰᠲᠠᠢ ᠨᠥᠬᠦᠪᠦᠷᠢ ᠥᠭᠴᠦ ᠪᠣᠯᠣᠨ᠎ᠠ᠃ | ᠳᠠᠷᠠᠭᠠᠯᠠᠪᠠᠯ ᠪᠡᠯᠡ ᠮᠥᠩᠭᠦᠨ ᠤ ᠲᠠᠯ᠎ᠠ ᠪᠠᠷ᠂ ᠣᠷᠣᠨ ᠨᠤᠲᠤᠭ ᠤᠨ ᠵᠠᠰᠠᠭ ᠤᠨ ᠣᠷᠳᠣᠨ ᠢ ᠪᠠᠭᠲᠠᠭᠠᠭᠰᠠᠨ | ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ | ᠥᠭᠡᠷᠡᠴᠢᠯᠡᠬᠦ ᠲᠠᠯ᠎ᠠ ᠪᠠᠷ ᠪᠡᠯᠡ ᠮᠥᠩᠭᠦᠨ ᠤ ᠳᠡᠮᠵᠢᠯᠭᠡ ᠲᠠᠢ ᠶᠤᠮ᠂ ᠢᠷᠡᠭᠡᠳᠦᠢ ᠳᠤ ᠪᠠᠰᠠ ᠨᠥᠬᠦᠴᠡᠯ ᠲᠠᠢ | ᠡᠷᠡᠮᠡᠯᠵᠡᠯ ᠲᠠᠢ ᠭᠠᠵᠠᠷ ᠣᠷᠣᠨ ᠥᠪᠡᠷ ᠢᠶᠠᠨ ᠨᠢᠭᠡ ᠬᠡᠰᠡᠭ ᠪᠡᠯᠡ ᠮᠥᠩᠭᠦ ᠤᠷᠤᠭᠤᠯᠬᠤ ᠶᠢ ᠰᠦᠪᠡᠭᠴᠢᠯᠡᠵᠦ | ᠪᠣᠯᠣᠨ᠎ᠠ᠂ ᠡᠰᠡᠬᠦᠯ᠎ᠡ ᠥᠮᠴᠢᠯᠡᠬᠦ ᠡᠷᠬᠡ ᠲᠠᠢ ᠨᠢᠭᠡᠴᠢ᠂ ᠠᠵᠢᠯ ᠦᠢᠯᠡᠰ ᠤᠨ ᠨᠢᠭᠡᠴᠢ ᠵᠡᠷᠭᠡ ᠨᠢ ᠨᠢᠭᠡ ᠬᠡᠰᠡᠭ ᠢ | ᠬᠠᠪᠰᠤᠷᠴᠤ ᠪᠠᠶᠢᠭᠠᠳ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠨᠠᠩ ᠰᠠᠶᠢᠨ ᠨᠠᠩ ᠲᠦᠷᠭᠡᠨ | ᠰᠢᠨᠡᠴᠢᠯᠡᠯᠲᠡ ᠶᠢ ᠬᠠᠮᠲᠤ ᠪᠠᠷ ᠲᠦᠯᠬᠢᠨ ᠠᠬᠢᠭᠤᠯᠵᠤ ᠪᠣᠯᠣᠨ᠎ᠠ᠃ | ᠬᠤᠳᠠ ᠶᠢᠨ ᠰᠢᠨᠡᠴᠢᠯᠡᠯᠲᠡ ᠶᠢᠨ ᠠᠬᠢᠴᠠ ᠶᠢ ᠬᠡᠷᠬᠢᠨ ᠦᠷᠭᠦᠯᠵᠢᠯᠡᠭᠦᠯᠬᠦ ᠪᠤᠢ︖ | ᠶᠠᠩ ᠪᠦᠦ ᠵᠢᠶᠦ᠋ᠨ᠄ ᠥᠩᠭᠡᠷᠡᠭᠰᠡᠨ ᠤ ᠰᠢᠨᠡᠴᠢᠯᠡᠯᠲᠡ ᠶᠢᠨ ᠣᠯᠠᠩᠬᠢ ᠨᠢ ᠪᠦᠷ ᠵᠠᠰᠠᠭ ᠤᠨ ᠣᠷᠳᠣᠨ ᠠᠴᠠ | ᠪᠡᠯᠡ ᠮᠥᠩᠭᠦ ᠭᠠᠷᠭᠠᠬᠤ ᠨᠢ ᠶᠡᠬᠡᠩᠬᠢ ᠶᠢ ᠡᠵᠡᠯᠡᠵᠦ ᠪᠠᠶᠢᠭᠰᠠᠨ ᠤᠴᠢᠷ ᠠᠴᠠ ᠠᠷᠠᠳ ᠢᠷᠭᠡᠳ ᠳᠡᠮᠵᠢᠬᠦ ᠨᠢ | ᠶᠠᠷᠢᠶᠠᠨ ᠦᠭᠡᠢ᠃ ᠵᠠᠰᠠᠭ ᠤᠨ ᠣᠷᠳᠣᠨ ᠤ ᠡᠳ᠋ ᠤᠨ ᠬᠦᠴᠦᠨ ᠤ ᠲᠠᠯ᠎ᠠ ᠪᠠᠷ ᠬᠢᠬᠦ ᠠᠵᠢᠯ ᠮᠠᠰᠢ ᠠᠷᠪᠢᠨ ᠪᠠᠶᠢᠨ᠎ᠠ᠂ | ᠭᠡᠪᠡᠴᠦ ᠤᠳᠤ ᠶᠢᠨ ᠡᠳ᠋ ᠤᠨ ᠬᠦᠴᠦᠨ ᠲᠡᠶᠢᠮᠦ ᠡᠯᠪᠡᠭ ᠪᠢᠰᠢ ᠪᠣᠯᠬᠤᠷ ᠪᠦᠷᠢᠮᠦᠰᠦᠨ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠳᠤ ᠲᠦᠰᠢᠭᠯᠡᠬᠦ ᠨᠢ ᠶᠠᠷᠢᠶᠠᠨ ᠦᠭᠡᠢ ᠦᠷᠭᠦᠯᠵᠢᠯᠡᠵᠦ ᠴᠢᠳᠠᠬᠤ ᠦᠭᠡᠢ ᠶᠤᠮ᠃ | ᠲᠦᠷᠦᠭᠦᠦ ᠬᠡᠳᠦᠨ ᠵᠢᠯ ᠤᠨ ᠬᠠᠶᠢᠨ ᠰᠦᠪᠡᠭᠴᠢᠯᠡᠯᠲᠡ ᠶᠢᠨ ᠶᠠᠪᠤᠴᠠ ᠳᠤ ᠦᠷᠭᠦᠯᠵᠢᠯᠡᠬᠦ ᠠᠷᠭ᠎ᠠ ᠵᠠᠮ ᠢ | ᠨᠢᠭᠡᠨᠲᠡ ᠦᠨᠳᠦᠰᠦᠨ ᠳᠡᠭᠡᠨ ᠲᠣᠳᠣᠷᠬᠠᠢ ᠪᠣᠯᠭᠠᠵᠠᠢ᠂ ᠲᠡᠷᠡ ᠨᠢ ᠳᠠᠷᠤᠢ ᠵᠠᠰᠠᠭ ᠤᠨ ᠣᠷᠳᠣᠨ ᠠᠴᠠ ᠬᠥᠲᠥᠯᠥᠨ | ᠵᠢᠯᠤᠭᠤᠳᠴᠤ᠂ ᠴᠢᠨᠠᠭᠰᠢᠯᠠᠪᠠᠯ ᠨᠢᠭᠡ ᠪᠦᠯᠦᠭ ᠪᠡᠯᠡ ᠮᠥᠩᠭᠦ ᠣᠷᠣᠭᠤᠯᠵᠤ ᠪᠠᠶᠢᠭᠠᠳ ᠠᠵᠢᠯᠯᠠᠭᠤᠯᠬᠤ ᠶᠠᠪᠤᠳᠠᠯ | ᠪᠣᠯᠣᠨ᠎ᠠ᠂ ᠭᠡᠪᠡᠴᠦ ᠬᠠᠮᠤᠭ ᠤᠨ ᠴᠢᠬᠤᠯᠠ ᠨᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠦ᠂ | ᠠᠵᠤ ᠠᠬᠤᠶᠢᠯᠠᠯ ᠨᠡᠶᠢᠭᠡᠮ ᠤᠨ ᠬᠥᠷᠥᠩᠭᠡ ᠶᠢ ᠲᠠᠲᠠᠵᠤ ᠣᠷᠣᠭᠤᠯᠬᠤ ᠶᠠᠪᠤᠳᠠᠯ ᠪᠣᠯᠣᠨ᠎ᠠ᠂ ᠶᠠᠷᠢᠶᠠᠨ ᠦᠭᠡᠢ | ᠤᠯᠠᠨ ᠨᠡᠶᠢᠲᠡ ᠶᠢᠨ ᠣᠷᠤᠯᠴᠠᠯᠭ᠎ᠠ ᠪᠠᠶᠢᠬᠤ ᠬᠡᠷᠡᠭᠳᠡᠢ᠂ ᠡᠨᠡ ᠭᠤᠷᠪᠠᠨ ᠬᠡᠰᠡᠭ ᠢ ᠨᠡᠶᠢᠯᠡᠭᠦᠯᠪᠡᠯ ᠰᠠᠶ᠋ᠢ | ᠦᠷᠭᠦᠯᠵᠢᠯᠡᠨ ᠠᠬᠢᠭᠤᠯᠵᠤ ᠴᠢᠳᠠᠨ᠎ᠠ᠃ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠬᠤ ᠳᠤ ᠡᠷᠬᠡᠪᠰᠢ ᠵᠠᠬ᠎ᠠ | ᠳᠡᠯᠭᠡᠭᠦᠷ ᠲᠤ ᠥᠴᠥᠬᠡᠨ ᠠᠰᠢᠭ ᠤᠯᠭᠤᠬᠤ ᠨᠢᠭᠡ ᠵᠦᠢᠯ ᠤᠨ ᠬᠡᠪ ᠵᠠᠭᠪᠤᠷ ᠢ ᠡᠷᠢᠵᠦ ᠣᠯᠬᠤ ᠬᠡᠷᠡᠭᠲᠡᠢ᠂ | ᠡᠭᠦᠨ ᠳᠤ ᠤᠯᠠᠨ ᠲᠠᠯ᠎ᠠ ᠶᠢᠨ ᠬᠠᠮᠵᠢᠯᠴᠠᠭᠰᠠᠨ ᠥᠭᠡᠷᠡᠴᠢᠯᠡᠯᠲᠡ ᠪᠠᠶᠢᠮᠠᠨᠵᠢᠨ ᠰᠠᠶ᠋ᠢ ᠪᠡᠶᠡᠯᠡᠭᠳᠡᠵᠦ ᠴᠢᠳᠠᠨ᠎ᠠ᠃ | ᠬᠤᠳᠠ ᠶᠢᠨ ᠰᠢᠨᠡᠴᠢᠯᠡᠯᠳᠡ ᠳᠤ ᠶᠠᠭᠤᠨ ᠳᠤ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠵᠤ ᠪᠣᠯᠬᠤ ᠦᠭᠡᠢ | ᠪᠤᠢ︖ | ᠶᠠᠩ ᠪᠦᠦ ᠵᠢᠶᠦ᠋ᠨ᠄ ᠥᠩᠭᠡᠷᠡᠭᠰᠡᠨ ᠳᠤ ᠬᠤᠲᠠ ᠶᠢᠨ ᠰᠢᠨᠡᠴᠢᠯᠡᠯᠲᠡ ᠶᠢᠨ ᠳᠤᠮᠳᠠ᠂ ᠶᠡᠭᠡ ᠪᠠᠷ ᠨᠤᠷᠠᠭᠠᠵᠤ | ᠶᠡᠭᠡ ᠪᠠᠷ ᠪᠠᠶᠢᠭᠤᠯᠬᠤ ᠦᠵᠡᠭᠳᠡᠯ ᠦᠨᠡᠬᠡᠷ ᠣᠷᠣᠰᠢᠵᠤ ᠪᠠᠶᠢᠵᠠᠢ᠃ ᠡᠶᠢᠮᠦᠷᠬᠦ ᠦᠵᠡᠭᠳᠡᠯ ᠭᠠᠷᠬᠤ ᠠᠴᠠ | ᠵᠠᠶᠢᠯᠠᠰᠬᠢᠬᠦ ᠶᠢᠨ ᠲᠥᠯᠥᠭᠡ᠂ 2021 ᠣᠨ ᠳᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ︽ᠬᠤᠳᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠬᠡᠷᠡᠭᠵᠢᠭᠦᠯᠬᠦ ᠳᠤᠮᠳᠠ | ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ ᠰᠡᠷᠭᠡᠶᠢᠯᠡᠬᠦ ᠠᠰᠠᠭᠤᠳᠠᠯ ᠤᠨ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠪᠠ᠂ ᠡᠨᠡ ᠬᠡᠳᠦᠨ ᠵᠢᠯ ᠳᠤ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠵᠡᠭᠳᠡᠯ ᠨᠢᠭᠡᠨᠲᠡ ᠦᠭᠡᠢ | ᠪᠣᠯᠵᠠᠢ᠃ ᠶᠠᠭᠤᠨ ᠳᠤ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠵᠤ ᠪᠣᠯᠬᠤ ᠦᠭᠡᠢ ᠪᠤᠢ︖ ᠤᠴᠢᠷ ᠨᠢ ᠮᠠᠨ ᠤ | ᠬᠤᠳᠠ ᠪᠣᠯ ᠲᠡᠦᠬᠡ ᠠᠴᠠ ᠬᠤᠷᠠᠮᠳᠤᠵᠤ ᠪᠦᠷᠢᠯᠳᠦᠭᠰᠡᠨ ᠶᠤᠮ᠂ ᠲᠡᠳᠡᠭᠡᠷ ᠬᠠᠭᠤᠴᠢᠨ ᠵᠡᠭᠡᠯᠢ ᠭᠤᠳᠤᠮᠵᠢ᠂ | ᠬᠠᠭᠤᠴᠢᠨ ᠭᠡᠷ ᠪᠠᠶᠢᠰᠢᠩ ᠬᠡᠳᠦᠶᠢᠪᠡᠷ ᠬᠠᠭᠤᠴᠢᠷᠠᠵᠤ ᠰᠦᠢᠳᠬᠦ ᠪᠣᠯᠣᠯᠴᠠᠭ᠎ᠠ ᠲᠠᠢ ᠪᠣᠯᠤᠭᠰᠠᠨ ᠪᠣᠯᠪᠠᠴᠤ ᠡᠨᠡ | ᠬᠤᠳᠠ ᠶᠢᠨ ᠲᠡᠦᠬᠡ ᠰᠣᠶᠣᠯ ᠢ ᠵᠠᠭᠤ ᠮᠢᠩᠭᠠᠨ ᠵᠢᠯ ᠤᠨ ᠲᠤᠷᠰᠢ ᠰᠢᠩᠭᠡᠭᠡᠵᠦ᠂ ᠠᠷᠠᠳ ᠤᠯᠠᠨ ᠤ ᠤᠢ ᠪᠢᠯᠢᠭ ᠪᠠ | ᠬᠠᠶᠢᠷ᠎ᠠ ᠰᠡᠳᠬᠢᠯᠭᠡ ᠶᠢ ᠰᠢᠩᠭᠡᠭᠡᠭᠰᠡᠨ ᠪᠠᠶᠢᠨ᠎ᠠ᠂ ᠡᠨᠡ ᠨᠢ ᠮᠥᠨ ᠴᠦ ᠡᠷᠬᠢᠮ ᠨᠠᠨᠳᠢᠨ ᠡᠬᠢ ᠪᠠᠶᠠᠯᠢᠭ ᠪᠣᠯᠬᠤ | ᠶᠤᠮ᠂ ᠡᠨᠡ ᠤᠳᠠᠭᠠᠨ ᠤ ᠪᠢᠴᠢᠭ ᠮᠠᠲ᠋ᠧᠷᠢᠶᠠᠯ ᠳᠤ ᠪᠢᠳᠡ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ | ᠲᠡᠷᠢᠭᠦᠨ ᠳᠤ ᠲᠠᠯᠪᠢᠵᠤ᠂ ᠪᠦᠬᠦ ᠶᠠᠪᠤᠴᠠ ᠳᠤ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠬᠤ ᠶᠢ | ᠠᠩᠬᠠᠷᠬᠤ ᠶᠢᠨ ᠬᠠᠮᠲᠤ ᠲᠡᠭᠦᠨ ᠢ ᠵᠦᠢ ᠵᠣᠬᠢᠰᠲᠠᠢ ᠠᠮᠢᠳᠤᠯᠢᠭ ᠠᠰᠢᠭᠯᠠᠬᠤ ᠪᠠᠷ ᠳᠠᠮᠵᠢᠭᠤᠯᠤᠨ ᠤᠳᠤ ᠦᠶ᠎ᠡ ᠶᠢᠨ | ᠠᠮᠢᠳᠤᠷᠠᠯ ᠲᠠᠢ ᠤᠶᠠᠯᠳᠤᠭᠤᠯᠬᠤ ᠬᠡᠷᠡᠭᠲᠡᠢ ᠭᠡᠵᠦ ᠤᠯᠠᠮ ᠨᠢᠭᠡ ᠠᠯᠬᠤᠮ ᠴᠢᠬᠤᠯᠠᠴᠢᠯᠠᠭᠰᠠᠨ ᠪᠠᠶᠢᠨ᠎ᠠ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ |