ᠬᠤᠳᠠ ᠶᠢᠨ ᠰᠢᠨᠡᠴᠢᠯᠡᠯᠲᠡ ᠶᠢ ᠬᠡᠷᠡᠭᠵᠢᠭᠦᠯᠵᠦ᠂ ᠬᠤᠳᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠣᠯ ᠠᠷᠠᠳ ᠤᠨ ᠠᠮᠢᠳᠤᠷᠠᠯ ᠳᠤ ᠬᠤᠯᠪᠣᠭᠳᠠᠬᠤ ᠨᠢᠭᠡᠨ ᠴᠢᠬᠤᠯᠠ ᠢᠨᠵᠧᠨᠧᠷᠢᠩ ᠮᠥᠨ᠃ | ᠬᠠᠭᠤᠴᠢᠨ ᠵᠡᠭᠡᠯᠢ ᠲᠣᠭᠤᠷᠢᠭ ᠨᠢ ᠬᠤᠳᠠ ᠶᠢᠨ ᠳᠤᠷᠠᠰᠤᠮᠵᠢ ᠪᠠ ᠣᠨᠴᠠᠯᠢᠭ ᠤᠨ ᠠᠴᠢᠶᠠᠯᠠᠯ ᠪᠣᠯᠤᠭᠰᠠᠨ ᠤ | ᠬᠤᠪᠢ ᠳᠤ᠂ ᠤᠯᠠᠮᠵᠢᠯᠠᠯᠲᠤ ᠬᠤᠳᠠ ᠶᠢᠨ ᠪᠤᠯᠴᠢᠩ ᠪᠠ ᠪᠠᠷᠢᠯᠭ᠎ᠠ ᠶᠢᠨ ᠳᠦᠷᠰᠦ ᠪᠠᠶᠢᠳᠠᠯ ᠢ ᠬᠠᠳᠠᠭᠠᠯᠠᠵᠦ᠂ ᠨᠡᠩ | ᠴᠤ ᠬᠤᠳᠠ ᠶᠢᠨ ᠰᠢᠨᠡᠴᠢᠯᠡᠯᠲᠡ ᠶᠢᠨ ᠴᠢᠬᠤᠯᠠ ᠨᠢᠭᠡ ᠭᠤᠭᠴᠤᠭ᠎ᠠ ᠪᠣᠯᠤᠭᠰᠠᠨ ᠪᠠᠶᠢᠨ᠎ᠠ᠃ ᠣᠶᠢᠷ᠎ᠠ ᠳᠤ | ᠨᠡᠶᠢᠲᠡᠯᠡᠭᠰᠡᠨ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ | ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠤ᠂ ︽ᠬᠠᠭᠤᠴᠢᠨ ᠵᠡᠭᠡᠯᠢ ᠲᠣᠭᠤᠷᠢᠭ ᠤᠨ | ᠴᠢᠳᠠᠮᠵᠢ ᠶᠢ ᠬᠤᠪᠢᠷᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰ ᠳᠡᠪᠰᠢᠭᠦᠯᠬᠦ᠂ ᠠᠮᠢᠵᠢᠷᠠᠯ ᠤᠨ | ᠬᠦᠴᠦᠨ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠢᠭᠡ | ᠪᠦᠯᠦᠭ ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠪᠦᠳᠦᠭᠡᠨ ᠪᠠᠶᠢᠭᠤᠯᠤᠨ᠎ᠠ︾᠂ ᠬᠠᠭᠤᠴᠢᠨ ᠵᠡᠭᠡᠯᠢ | ᠲᠣᠭᠤᠷᠢᠭ ᠨᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠬᠤᠲᠠ ᠶᠢᠨ ᠰᠢᠨᠡᠴᠢᠯᠡᠯᠲᠡ ᠶᠢᠨ | ᠴᠢᠬᠤᠯᠠ ᠡᠲᠡᠭᠡᠳ ᠪᠣᠯᠣᠨ᠎ᠠ ᠭᠡᠵᠦ ᠵᠢᠭᠠᠵᠤ ᠭᠠᠷᠭᠠᠪᠠ᠃ ᠰᠢᠨᠡᠳᠬᠡᠨ ᠥᠭᠡᠷᠡᠴᠢᠯᠡᠬᠦ ᠪᠠᠷ ᠳᠠᠮᠵᠢᠭᠤᠯᠤᠨ᠂ | ᠬᠠᠭᠤᠴᠢᠨ ᠵᠡᠭᠡᠯᠢ ᠲᠣᠭᠤᠷᠢᠭ ᠢ ᠲᠠᠬᠢᠨ ᠠᠮᠢᠵᠢᠷᠠᠯ ᠤᠨ ᠬᠦᠴᠦᠨ ᠲᠠᠢ ᠪᠣᠯᠭᠠᠬᠤ ᠪᠣᠯ ᠲᠡᠦᠬᠡ ᠰᠣᠶᠣᠯ ᠤᠨ | ᠤᠯᠠᠮᠵᠢᠯᠠᠯ ᠪᠠ ᠬᠦᠨᠳᠦᠳᠬᠡᠯ ᠪᠣᠯᠬᠤ ᠮᠥᠷᠲᠡᠭᠡᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠬᠠᠩᠭᠠᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ | ᠴᠢᠳᠠᠮᠵᠢ ᠶᠢ ᠬᠤᠪᠢᠷᠠᠭᠤᠯᠵᠤ᠂ ︽ᠰᠢᠨ᠎ᠡ ᠲᠦᠷᠢ ᠪᠠᠶᠢᠳᠠᠯ︾ ᠢ ᠪᠤᠢ ᠪᠤᠯᠭᠠᠨ᠎ᠠ᠃ ᠬᠠᠭᠤᠴᠢᠨ ᠵᠡᠭᠡᠯᠢ | ᠭᠤᠳᠤᠮᠵᠢ ᠶᠢᠨ ᠪᠠᠶᠢᠭᠤᠯᠤᠭᠳᠠᠭᠰᠠᠨ ᠴᠠᠭ ᠨᠢ ᠨᠡᠯᠢᠶᠡᠳ ᠤᠷᠲᠤ᠂ ᠲᠤᠬᠠᠢ ᠶᠢᠨ ᠭᠠᠵᠠᠷ ᠤᠨ ᠠᠷᠠᠳ ᠢᠷᠭᠡᠳ ᠤᠨ | ᠴᠠᠭ ᠦᠶ᠎ᠡ ᠶᠢᠨ ᠲᠤᠬᠠᠢ ᠳᠤᠷᠠᠰᠤᠮᠵᠢ ᠶᠢ ᠲᠡᠮᠳᠡᠭᠯᠡᠵᠦ ᠪᠠᠶᠢᠳᠠᠭ ᠢᠶᠠᠷ ᠢᠶᠠᠨ ᠣᠨᠴᠠᠭᠠᠢ ᠦᠨ᠎ᠡ ᠦᠷᠲᠡᠭ ᠲᠠᠢ ᠶᠤᠮ | ᠃ ᠬᠠᠭᠤᠴᠢᠨ ᠵᠡᠭᠡᠯᠢ ᠭᠤᠳᠤᠮᠵᠢ ᠨᠢ ᠦᠷᠭᠦᠯᠵᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ | ᠪᠤᠶᠤ ᠠᠷᠠᠯᠵᠢᠶ᠎ᠠ ᠬᠤᠳᠠᠯᠳᠤᠭᠠᠨ ᠤ ᠭᠠᠵᠠᠷ ᠪᠠᠶᠢᠵᠤ᠂ ᠠᠮᠢᠳᠤᠷᠠᠯ ᠤᠨ ᠰᠢᠨᠵᠢ ᠴᠢᠨᠠᠷ ᠪᠠ ᠨᠡᠶᠢᠭᠡᠮ ᠤᠨ ᠰᠢᠨᠵᠢ | ᠴᠢᠨᠠᠷ ᠢᠶᠠᠷ ᠨᠡᠯᠢᠶᠡᠳ ᠴᠢᠩᠭ᠎ᠠ ᠪᠠᠶᠢᠳᠠᠭ᠃ ᠬᠤᠳᠠ ᠶᠢᠨ ᠴᠢᠳᠠᠮᠵᠢ ᠡᠳᠦᠷ ᠢᠷᠡᠬᠦᠶ᠎ᠡ ᠪᠤᠳᠤᠯᠢᠶᠠᠨ ᠲᠠᠢ ᠪᠣᠯᠵᠤ | ᠪᠠᠶᠢᠭ᠎ᠠ ᠬᠠᠨᠳᠤᠰᠢ ᠶᠢᠨ ᠡᠮᠦᠨ᠎ᠡ᠂ ᠣᠷᠣᠨ ᠵᠠᠢ ᠶᠢ ᠲᠠᠬᠢᠨ ᠪᠦᠲᠦᠭᠡᠬᠦ ᠪᠠ ᠴᠢᠳᠠᠮᠵᠢ ᠶᠢ ᠬᠤᠪᠢᠷᠠᠭᠤᠯᠬᠤ ᠶᠢ | ᠠᠰᠢᠭᠯᠠᠨ᠂ ᠬᠠᠭᠤᠴᠢᠨ ᠵᠡᠭᠡᠯᠢ ᠲᠣᠭᠤᠷᠢᠭ ᠢ ᠣᠷᠣᠨ ᠰᠠᠭᠤᠴᠠ᠂ ᠬᠤᠳᠠᠯᠳᠤᠭ᠎ᠠ᠂ ᠰᠣᠶᠣᠯ᠂ ᠵᠢᠭᠤᠯᠴᠢᠯᠠᠯ ᠵᠡᠷᠭᠡ | ᠤᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠡᠭᠡᠯᠢ ᠲᠣᠭᠤᠷᠢᠭ ᠪᠣᠯᠭᠠᠨ | ᠬᠤᠪᠢᠷᠠᠭᠤᠯᠵᠤ ᠪᠣᠯᠣᠨ᠎ᠠ᠃ ᠲᠡᠦᠬᠡ ᠶᠢᠨ ᠳᠤᠷᠠᠰᠤᠮᠵᠢ ᠶᠢ ᠪᠡᠶᠡᠴᠢᠯᠡᠨ ᠣᠶᠢᠯᠠᠭᠠᠵᠤ ᠪᠣᠯᠬᠤ᠂ ᠬᠡᠷᠡᠭᠯᠡᠭᠡ ᠬᠢᠵᠦ | ᠪᠣᠯᠬᠤ ᠤᠳᠤ ᠦᠶ᠎ᠡ ᠶᠢᠨ ᠦᠵᠡᠭᠳᠡᠯ ᠪᠣᠯᠭᠠᠨ ᠪᠦᠳᠦᠭᠡᠨ ᠪᠠᠶᠢᠭᠤᠯᠵᠤ᠂ ᠠᠳᠠᠯᠢ ᠪᠤᠰᠤ ᠴᠢᠳᠠᠮᠵᠢ ᠶᠢᠨ | ᠬᠤᠭᠤᠷᠣᠨᠳᠣᠬᠢ ᠬᠠᠷᠢᠯᠴᠠᠨ ᠲᠤᠯᠭᠠᠭᠤᠷᠢᠯᠠᠬᠤ ᠪᠠ ᠬᠠᠮᠵᠢᠯᠴᠠᠨ ᠬᠥᠭᠵᠢᠬᠦ ᠶᠢ ᠠᠬᠢᠭᠤᠯᠵᠤ᠂ ᠲᠡᠦᠬᠡ ᠰᠣᠶᠣᠯ ᠤᠨ | ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠪᠠ ᠤᠳᠤ ᠦᠶ᠎ᠡ ᠶᠢᠨ ᠬᠡᠷᠡᠭᠯᠡᠭᠡᠨ ᠤ ᠬᠡᠷᠡᠭᠴᠡᠭᠡ ᠶᠢ ᠣᠷᠭᠠᠨᠢᠭ ᠢᠶᠠᠷ | ᠨᠢᠭᠡᠳᠬᠡᠬᠦ ᠶᠢ ᠪᠡᠶᠡᠯᠡᠭᠦᠯᠦᠨ᠎ᠡ᠃ ᠵᠢᠱᠢᠶᠡᠯᠡᠪᠡᠯ᠂ ᠣᠷᠳᠣᠰ ᠬᠤᠲᠠ ᠶᠢᠨ ᠳ᠋ᠦᠩᠱᠧᠩ ᠤᠨ 1980 | ᠵᠡᠭᠡᠯᠢ ᠲᠣᠭᠤᠷᠢᠭ ᠨᠢ ᠨᠠᠶᠠᠭᠠᠳ ᠣᠨ ᠤ ᠪᠠᠷᠢᠯᠭ᠎ᠠ ᠶᠢᠨ ᠬᠡᠪ ᠨᠠᠮᠪᠠ ᠶᠢ ᠬᠠᠳᠠᠭᠠᠯᠠᠭᠰᠠᠨ ᠰᠠᠭᠤᠷᠢᠨ ᠳᠡᠭᠡᠷ᠎ᠡ᠂ | ᠥᠩᠭᠡᠷᠡᠭᠰᠡᠨ ᠢᠶᠠᠨ ᠳᠤᠷᠠᠰᠬᠤ ᠭᠤᠣᠯ ᠰᠡᠳᠦᠪᠲᠦ ᠪᠤᠳᠤᠭᠲᠤ ᠵᠢᠷᠤᠭ ᠪᠠ ᠥᠪᠡᠷᠮᠢᠴᠡ ᠣᠨᠴᠠᠯᠢᠭ ᠢ ᠬᠠᠷᠢᠯᠴᠠᠨ | ᠣᠶᠢᠯᠠᠭᠠᠯᠴᠠᠬᠤ ᠪᠠᠷ ᠳᠡᠮᠵᠢᠨ᠂ 20 ᠳ᠋ᠤᠭᠠᠷ ᠵᠠᠭᠤᠨ ᠤ ᠨᠠᠶᠠᠭᠠᠳ ᠣᠨ ᠤ ᠪᠠᠶᠢᠰᠢᠩ ᠭᠡᠷ ᠤᠨ ᠲᠣᠭᠤᠷᠢᠭ ᠢ ︽ | ᠵᠤᠭᠠᠴᠠᠯ᠂ ᠰᠣᠨᠢᠷᠬᠠᠬᠤ᠂ ᠰᠡᠭᠦᠳᠡᠷᠯᠡᠬᠦ᠂ ᠢᠳᠡᠭᠡᠨ᠂ ᠴᠤᠭᠠ ᠴᠡᠩᠭᠡᠯ︾ ᠶᠢ ᠨᠢᠭᠡ ᠴᠣᠭᠴᠠᠵᠢᠭᠤᠯᠤᠭᠰᠠᠨ | ᠰᠦᠯᠵᠢᠶᠡᠨ ᠤ ᠲᠡᠮᠳᠡᠭ ᠪᠣᠯᠭᠠᠪᠠ︔ ᠼᠠᠩᠵᠸᠤ ᠬᠤᠲᠠ ᠶᠢᠨ ᠨᠠᠨ ᠴᠤᠸᠠᠨ ᠬᠠᠭᠤᠴᠢᠨ ᠵᠡᠭᠡᠯᠢ ᠨᠢ ᠤᠯᠠᠨ | ᠵᠦᠢᠯ ᠤᠨ ᠤᠷᠠᠯᠢᠭ ᠤᠨ ᠬᠡᠯᠪᠡᠷᠢ ᠮᠠᠶ᠋ᠢᠭ ᠢ ᠵᠤᠭᠠᠴᠠᠯ ᠤᠨ ᠦᠢᠯᠡᠰ ᠲᠠᠢ ᠤᠷᠠᠨ ᠢᠶᠠᠷ ᠠᠭᠤᠰᠤᠯᠴᠠᠭᠤᠯᠵᠤ᠂ | ᠠᠷᠠᠳ ᠤᠨ ᠵᠠᠩ ᠦᠢᠯᠡ ᠶᠢᠨ ᠲᠣᠭᠯᠠᠯᠲᠠ᠂ ᠤᠯᠤᠰ ᠤᠨ ᠬᠡᠪ ᠰᠤᠷᠲᠠᠯ ᠤᠨ ᠲᠣᠭᠤᠷᠢᠨ ᠵᠤᠭᠠᠴᠠᠬᠤ ᠵᠡᠷᠭᠡ | ᠠᠵᠢᠯᠯᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠨᠡᠮᠡᠭᠳᠡᠭᠦᠯᠵᠡᠢ᠃ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰ ᠳᠠᠪᠰᠢᠵᠤ᠂ ︽ᠰᠢᠨ᠎ᠡ ᠳᠠᠪᠠᠭᠤᠯᠢᠭ︾ ᠢ ᠡᠭᠦᠳᠦᠨ᠎ᠡ᠃ | ᠬᠠᠭᠤᠴᠢᠨ ᠵᠡᠭᠡᠯᠢ ᠲᠣᠭᠤᠷᠢᠭ ᠤᠨ ᠰᠣᠶᠣᠯ ᠤᠨ ᠡᠬᠢ ᠪᠠᠶᠠᠯᠢᠭ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠳᠠᠭ | ᠂ ᠬᠤᠲᠠ ᠶᠢᠨ ᠠᠮᠢᠵᠢᠷᠠᠯ ᠤᠨ ᠬᠦᠴᠦᠨ ᠢ ᠨᠡᠩ ᠰᠠᠶᠢᠨ ᠦᠷᠭᠦᠯᠵᠢᠯᠡᠭᠦᠯᠵᠦ᠂ ᠰᠣᠶᠣᠯ ᠤᠨ ᠦᠨᠳᠦᠰᠦ | ᠰᠤᠷᠪᠤᠯᠵᠢ ᠶᠢ ᠪᠠᠲᠤ ᠰᠠᠬᠢᠬᠤ ᠶᠢᠨ ᠲᠥᠯᠥᠭᠡ᠂ ᠰᠣᠶᠣᠯ ᠤᠨ ᠥᠪ ᠤᠨ ᠡᠬᠢ ᠪᠠᠶᠠᠯᠢᠭ ᠤᠨ ᠰᠠᠭᠤᠷᠢ ᠲᠤᠭ᠎ᠠ ᠶᠢ | ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠬᠠᠭᠤᠴᠢᠨ ᠵᠡᠭᠡᠯᠢ ᠲᠣᠭᠤᠷᠢᠭ ᠤᠨ ᠲᠡᠦᠬᠡ ᠰᠣᠶᠣᠯ ᠤᠨ | ᠠᠭᠤᠯᠬᠤᠨ ᠢ ᠭᠦᠨᠵᠡᠭᠡᠢ ᠰᠤᠳᠤᠯᠵᠤ᠂ ᠲᠡᠭᠦᠨ ᠤ ᠥᠪᠡᠷᠮᠢᠴᠡ ᠰᠣᠶᠣᠯ ᠤᠨ ᠡᠯᠧᠮᠧᠨ᠋ᠲ ᠢ ᠠᠭᠤᠳᠠᠯᠵᠤ᠂ | ᠬᠠᠮᠠᠭᠠᠯᠠᠨ ᠬᠥᠭᠵᠢᠭᠦᠯᠦᠭᠰᠡᠨ ᠤᠷᠢᠲᠠᠯ ᠳᠣᠣᠷ᠎ᠠ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠡᠰ ᠳᠡᠪᠰᠢᠬᠦ ᠶᠢ | ᠪᠡᠶᠡᠯᠡᠭᠦᠯᠬᠦ ᠬᠡᠷᠡᠭᠲᠡᠢ᠃ ᠡᠩ ᠲᠡᠷᠢᠭᠦᠨ ᠳᠤ᠂ ᠬᠠᠭᠤᠴᠢᠨ ᠵᠡᠭᠡᠯᠢ ᠲᠣᠭᠤᠷᠢᠭ ᠤᠨ ᠣᠲᠣ ᠶᠢᠨ ᠪᠠᠶᠢᠭ᠎ᠠ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠮᠬᠢᠯᠡᠨ ᠳᠢᠭᠯᠡᠵᠦ᠂ ᠵᠡᠭᠡᠯᠢ ᠲᠣᠭᠤᠷᠢᠭ ᠤᠨ ᠰᠣᠶᠣᠯ ᠤᠨ ᠤᠯᠠᠮᠵᠢᠯᠠᠯ ᠪᠠ | ᠬᠥᠭᠵᠢᠯᠲᠡ ᠳᠤ ᠠᠰᠢᠭᠲᠠᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠳᠠᠭᠠᠯᠠᠬᠤ ᠪᠠ ᠥᠷᠭᠡᠳᠬᠡᠨ ᠨᠡᠮᠡᠭᠳᠡᠭᠦᠯᠵᠦ | ᠪᠣᠯᠣᠨ᠎ᠠ︔ ᠬᠠᠭᠤᠴᠢᠨ ᠵᠡᠭᠡᠯᠢ ᠲᠣᠭᠤᠷᠢᠭ ᠤᠨ ᠰᠣᠶᠣᠯ ᠤᠨ ᠡᠬᠢ ᠪᠠᠶᠠᠯᠢᠭ ᠯᠤᠭ᠎ᠠ ᠲᠣᠬᠢᠷᠠᠯᠴᠠᠬᠤ ᠦᠭᠡᠢ | ᠳᠣᠣᠷ᠎ᠠ ᠲᠠᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠭᠠᠰᠬᠠᠬᠤ ᠪᠤᠶᠤ ᠬᠠᠰᠤᠵᠤ ᠪᠣᠯᠣᠨ᠎ᠠ᠃ ᠳᠠᠷᠠᠭᠠᠯᠠᠪᠠᠯ᠂ | ᠬᠠᠳᠠᠭᠠᠯᠠᠯᠲᠠ ᠶᠢᠨ ᠬᠡᠮᠵᠢᠶ᠎ᠡ ᠶᠢᠨ ᠲᠠᠯ᠎ᠠ ᠪᠠᠷ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ᠂ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ᠂ ᠵᠢᠱᠢᠶᠡᠯᠡᠪᠡᠯ ᠪᠦᠲᠦᠭᠡᠯᠴᠢ ᠠᠵᠤ ᠦᠢᠯᠡᠰ᠂ ᠭᠠᠷ ᠤᠷᠠᠯᠠᠯ ᠤᠨ ᠦᠢᠯᠡᠳᠬᠡᠯ᠂ ᠣᠨᠴᠠᠯᠢᠭᠲᠤ | ᠢᠳᠡᠭᠡᠨ ᠤᠮᠳᠠᠭᠠᠨ ᠵᠡᠷᠭᠡ ᠶᠢ ᠵᠣᠬᠢᠰᠲᠠᠢ ᠪᠠᠷ ᠣᠷᠣᠭᠤᠯᠤᠨ ᠠᠪᠴᠢᠷᠠᠵᠤ᠂ ᠵᠡᠭᠡᠯᠢ ᠲᠣᠭᠤᠷᠢᠭ ᠤᠨ ᠠᠵᠤ | ᠠᠬᠤᠢ ᠶᠢᠨ ᠪᠦᠲᠦᠴᠡ ᠪᠠ ᠰᠣᠶᠣᠯ ᠤᠨ ᠠᠭᠤᠷ ᠠᠮᠢᠰᠬᠤᠯ ᠢ ᠪᠠᠶᠠᠯᠢᠭᠵᠢᠭᠤᠯᠤᠨ᠂ ᠪᠠᠷᠢᠯᠭ᠎ᠠ ᠶᠢᠨ ᠥᠪ ᠢ ︽ | ᠠᠮᠢᠳᠤᠯᠢᠭ ᠪᠣᠯᠭᠠᠵᠤ︾᠂ ᠬᠠᠭᠤᠴᠢᠨ ᠵᠡᠭᠡᠯᠢ ᠲᠣᠭᠤᠷᠢᠭ ᠤᠨ ᠰᠣᠶᠣᠯ ᠤᠨ ᠲᠠᠲᠠᠬᠤ ᠬᠦᠴᠦᠨ ᠢ ᠨᠡᠮᠡᠭᠳᠡᠭᠦᠯᠬᠦ | ᠬᠡᠷᠡᠭᠲᠡᠢ᠃ ᠵᠢᠱᠢᠶᠡᠯᠡᠪᠡᠯ᠂ ᠴᠧᠩᠳᠦ᠋ ᠬᠤᠳᠠ ᠶᠢᠨ ᠢᠦᠢ ᠯᠢᠨ ᠵᠡᠭᠦᠨ ᠵᠠᠮ ᠤᠨ ᠣᠨᠴᠠᠯᠢᠭᠲᠤ ᠵᠡᠭᠡᠯᠢ ᠲᠣᠭᠤᠷᠢᠭ ᠢ | ᠥᠭᠡᠷᠡᠴᠢᠯᠡᠨ ᠪᠠᠶᠢᠭᠤᠯᠬᠤ ᠲᠦᠷᠦᠯ ᠵᠦᠢᠯ ᠳᠤ᠂ ᠲᠡᠮᠦᠷᠯᠢᠭ ᠡᠳᠦᠷ ᠳᠤᠳᠤᠮ ᠤᠨ ᠬᠡᠷᠡᠭᠰᠡᠯ᠂ ᠨᠡᠶᠢᠲᠡ ᠶᠢᠨ | ᠪᠤᠩᠬᠤᠨ ᠴᠠᠭᠠᠷᠢᠭᠲᠤ ᠴᠡᠴᠡᠭ ᠵᠡᠷᠭᠡ ᠲᠣᠬᠢᠷᠠᠮᠵᠢ ᠦᠭᠡᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠯᠭᠠᠨ ᠭᠠᠷᠭᠠᠵᠤ | ᠂ ᠪᠦᠲᠦᠭᠡᠯᠴᠢ ᠵᠢᠷᠤᠭ ᠲᠥᠯᠥᠪᠯᠡᠭᠡ᠂ ᠡᠷᠡᠭᠦᠯ ᠮᠡᠨᠳᠤ ᠡᠮᠨᠡᠯᠭᠡ ᠭᠤᠸ᠎ᠠ ᠰᠠᠶᠢᠬᠠᠨ᠂ ᠳᠡᠯᠭᠡᠨ ᠦᠵᠡᠭᠦᠯᠦᠯᠭᠡ ᠵᠡᠷᠭᠡ | ᠣᠨᠴᠠᠯᠢᠭᠲᠤ ᠠᠵᠤ ᠦᠢᠯᠡᠰ ᠢ ᠣᠷᠣᠭᠤᠯᠤᠨ ᠠᠪᠴᠢᠷᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠡᠰ | ᠳᠡᠪᠰᠢᠬᠦ ᠶᠢ ᠠᠬᠢᠭᠤᠯᠪᠠ᠃ | ᠠᠮᠢᠵᠢᠷᠠᠯ ᠤᠨ ᠬᠦᠴᠦᠨ ᠢᠶᠠᠨ ᠳᠡᠭᠡᠭᠰᠢᠯᠡᠭᠦᠯᠵᠦ᠂ ︽ᠬᠤᠷᠳᠤᠳᠬᠠᠬᠤ ᠳᠠᠷᠤᠪᠴᠢ︾ ᠶᠢ ᠳᠠᠷᠤᠨ᠎ᠠ᠃ | ᠬᠠᠭᠤᠴᠢᠨ ᠵᠡᠭᠡᠯᠢ ᠲᠣᠭᠤᠷᠢᠭ ᠤᠨ ᠣᠯᠠᠩᠬᠢ ᠨᠢ ᠵᠠᠮ ᠬᠠᠷᠢᠯᠴᠠᠭ᠎ᠠ ᠳᠥᠭᠦᠮ ᠳᠥᠲᠡ᠂ ᠬᠦᠷᠴᠦ ᠪᠣᠯᠬᠤᠶᠢᠴᠠ | ᠴᠢᠨᠠᠷ ᠢᠶᠠᠷ ᠴᠢᠩᠭ᠎ᠠ ᠬᠤᠲᠠ ᠶᠢᠨ ᠲᠥᠪ ᠲᠣᠭᠤᠷᠢᠭ ᠲᠤ ᠪᠠᠶᠢᠷᠢᠰᠢᠵᠤ᠂ ᠬᠤᠲᠠ ᠶᠢᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠲᠠᠯ᠎ᠠ ᠪᠠᠷ ᠪᠠᠶᠢᠭᠠᠯᠢ ᠶᠢᠨ ᠳᠠᠪᠠᠭᠤᠯᠢᠭ ᠲᠠᠢ ᠪᠠᠶᠢᠳᠠᠭ᠃ ᠨᠢᠭᠡ ᠲᠠᠯ᠎ᠠ ᠪᠠᠷ᠂ | ᠬᠠᠭᠤᠴᠢᠨ ᠵᠡᠭᠡᠯᠢ ᠲᠣᠭᠤᠷᠢᠭ ᠪᠣᠯ ᠬᠡᠷᠡᠭᠯᠡᠭᠡ ᠶᠢ ᠳᠠᠶᠢᠴᠢᠯᠠᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠰᠢᠨ᠎ᠡ | ᠲᠤᠯᠬᠤ ᠴᠡᠭ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠡᠷᠡᠭᠯᠡᠭᠡ ᠶᠢ | ᠠᠬᠢᠭᠤᠯᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠨ᠎ᠠ᠂ ᠬᠠᠭᠤᠴᠢᠨ ᠵᠡᠭᠡᠯᠢ ᠭᠤᠳᠤᠮᠵᠢ ᠪᠣᠯ ᠬᠡᠷᠡᠭᠯᠡᠭᠡ ᠶᠢ | ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠰᠢᠨᠡᠳᠬᠡᠨ ᠥᠭᠡᠷᠡᠴᠢᠯᠡᠭᠰᠡᠨ ᠤ ᠳᠠᠷᠠᠭᠠᠬᠢ ᠬᠠᠭᠤᠴᠢᠨ ᠵᠡᠭᠡᠯᠢ | ᠭᠤᠳᠤᠮᠵᠢ ᠨᠢ ᠣᠯᠠᠨ ᠶᠠᠩᠵᠤ ᠶᠢᠨ ᠪᠠ ᠥᠪᠡᠷᠮᠢᠴᠡ ᠬᠡᠷᠡᠭᠯᠡᠭᠡᠨ ᠤ ᠪᠡᠶᠡᠴᠢ ᠣᠶᠢᠯᠠᠭᠠᠯᠲᠠ ᠶᠢ ᠬᠠᠩᠭᠠᠵᠤ᠂ ᠶᠡᠭᠡ | ᠬᠡᠮᠵᠢᠶᠡᠨ ᠤ ᠵᠤᠭᠠᠴᠠᠭᠰᠠᠳ ᠤᠨ ᠠᠩᠬᠠᠷᠤᠯ ᠢ ᠲᠠᠲᠠᠳᠠᠭ᠃ ᠵᠢᠱᠢᠶᠡᠯᠡᠪᠡᠯ᠂ ᠬᠠᠷᠪᠢᠨ ᠤ ᠲᠥᠪ ᠶᠡᠭᠡ ᠵᠡᠭᠡᠯᠢ᠂ | ᠴᠧᠩᠳᠦ᠋ ᠶᠢᠨ ᠺᠦᠸᠠᠨ ᠽᠠᠢ ᠭᠤᠳᠤᠮᠵᠢ᠂ ᠨᠠᠨᠵᠢᠩ ᠤᠨ 1912 ᠵᠡᠭᠡᠯᠢ ᠲᠣᠭᠤᠷᠢᠭ᠂ ᠯᠦᠸᠧᠶᠠᠩ ᠤᠨ ᠡᠷᠲᠡᠨ ᠤ | ᠬᠤᠲᠠ ᠶᠢᠨ ᠣᠨᠴᠠᠯᠢᠭᠲᠤ ᠰᠣᠶᠣᠯ ᠤᠨ ᠵᠡᠭᠡᠯᠢ ᠲᠣᠭᠤᠷᠢᠭ ᠵᠡᠷᠭᠡ᠃ ᠨᠥᠭᠦᠭᠡ ᠲᠠᠯ᠎ᠠ ᠪᠠᠷ᠂ ᠬᠠᠭᠤᠴᠢᠨ ᠵᠡᠭᠡᠯᠢ | ᠲᠣᠭᠤᠷᠢᠭ ᠨᠢ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠣᠷᠴᠢᠯ ᠳᠤ ᠣᠷᠣᠬᠤ ᠶᠢ ᠲᠦᠯᠬᠢᠨ | ᠠᠬᠢᠭᠤᠯᠵᠤ ᠴᠢᠳᠠᠨ᠎ᠠ᠃ ᠡᠯ᠎ᠡ ᠲᠥᠷᠥᠯ ᠤᠨ ᠬᠤᠳᠠᠯᠳᠤᠭᠠᠴᠢᠳ ᠢ ᠲᠠᠲᠠᠬᠤ ᠪᠠᠷ ᠳᠠᠮᠵᠢᠭᠤᠯᠤᠨ᠂ ︽ | ᠬᠤᠳᠠᠯᠳᠤᠭᠠᠴᠢᠨ — ᠡᠵᠡᠩᠨᠡᠯᠲᠡ ᠶᠢᠨ ᠪᠠᠶᠢᠳᠠᠯ — ᠵᠢᠭᠤᠯᠴᠢᠯᠠᠭᠴᠢ︾ ᠶᠢ ᠬᠠᠷᠢᠯᠴᠠᠨ ᠠᠬᠢᠭᠤᠯᠤᠨ | ᠳᠡᠭᠡᠭᠰᠢᠯᠡᠭᠦᠯᠬᠦ ︽ᠡᠷᠭᠢᠭᠦᠯᠭᠡᠨ ᠦᠢᠯᠡᠳᠦᠯ︾ ᠢ ᠪᠣᠶ ᠪᠣᠯᠭᠠᠬᠤ ᠶᠢᠨ ᠬᠠᠮᠲᠤ ᠴᠡᠭ ᠠᠴᠠ ᠪᠥᠬᠦ ᠲᠠᠯ᠎ᠠ ᠳᠤ | ᠬᠦᠷᠲᠡᠯ᠎ᠡ ᠬᠤᠲᠠ ᠶᠢᠨ ᠳᠣᠲᠣᠭᠠᠳᠤ ᠶᠢᠨ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠲᠠᠶᠢᠴᠢᠯᠠᠪᠠ᠃ | ᠵᠢᠱᠢᠶᠡᠯᠡᠪᠡᠯ᠂ ᠸᠧᠢ ᠬᠠᠢ ᠬᠤᠳᠠ ᠶᠢᠨ ᠭᠠᠯ ᠪᠠᠮᠪᠠᠷ ᠨᠠᠢᠮᠠᠳᠤᠭᠠᠷ ᠵᠡᠭᠡᠯᠢ ᠶᠢᠨ ᠰᠢᠨᠡᠳᠬᠡᠨ ᠥᠭᠡᠷᠡᠴᠢᠯᠡᠬᠦ ᠲᠦᠷᠦᠯ | ᠵᠦᠢᠯ ᠨᠢ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠵᠡᠭᠡᠯᠢ ᠲᠣᠭᠤᠷᠢᠭ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ | 2024 ᠣᠨ ᠤ ᠵᠤᠭᠠᠴᠠᠭᠰᠠᠳ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 17.8% ᠢᠶᠠᠷ ᠨᠡᠮᠡᠭᠳᠡᠪᠡ︔ | ᠪᠡᠭᠡᠵᠢᠩ ᠬᠤᠳᠠ ᠶᠢᠨ ᠪᠠᠢ ᠲᠠ ᠰᠧ ᠵᠡᠭᠡᠯᠢ ᠲᠣᠭᠤᠷᠢᠭ ᠢ ᠥᠭᠡᠷᠡᠴᠢᠯᠡᠭᠰᠡᠨ ᠤ ᠳᠠᠷᠠᠭ᠎ᠠ ᠶᠡᠭᠡ ᠬᠡᠮᠵᠢᠶᠡᠨ ᠤ | ᠴᠤᠤᠲᠠᠢ ᠳᠡᠯᠭᠡᠭᠦᠷ ᠣᠷᠣᠵᠤ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠪᠣᠯᠣᠨ ᠰᠢᠨ᠎ᠡ ᠬᠠᠭᠤᠴᠢᠨ | ᠡᠵᠡᠩᠨᠡᠯᠲᠡ ᠶᠢᠨ ᠬᠡᠯᠪᠡᠷᠢ ᠠᠭᠤᠰᠤᠯᠴᠠᠨ ᠬᠠᠮᠲᠤ ᠣᠷᠣᠰᠢᠵᠤ᠂ ᠪᠡᠭᠡᠵᠢᠩ ᠤᠨ ᠣᠨᠴᠠᠯᠢᠭ ᠲᠠᠢ ︽ᠰᠣᠶᠣᠯ ᠤᠨ | ᠵᠤᠭᠠᠴᠠᠯ ᠤᠨ ᠨᠡᠷ᠎ᠡ ᠶᠢᠨ ᠬᠠᠭᠤᠳᠠᠰᠤ︾ ᠪᠣᠯᠤᠭᠰᠠᠨ ᠪᠠᠶᠢᠨ᠎ᠠ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ︽ᠬᠤᠷᠳᠤᠳᠬᠠᠭᠤᠷ︾ ᠢ ᠪᠣᠶ | ᠪᠣᠯᠭᠠᠨ᠎ᠠ᠃ ᠥᠭᠡᠷᠡᠴᠢᠯᠡᠬᠦ ᠶᠠᠪᠤᠴᠠ ᠳᠤ ᠵᠠᠰᠠᠭ ᠤᠨ ᠣᠷᠳᠣᠨ᠂ ᠵᠠᠬ᠎ᠠ ᠳᠡᠯᠭᠡᠭᠦᠷ ᠪᠠ ᠤᠯᠠᠨ ᠲᠦᠮᠡᠨ ᠵᠡᠷᠭᠡ | ᠭᠤᠷᠪᠠᠨ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠷᠭᠦᠯᠵᠢᠯᠡᠨ ᠰᠢᠨᠡᠳᠬᠡᠬᠦ ᠵᠠᠭᠪᠤᠷ ᠢ ᠪᠤᠢ ᠪᠣᠯᠭᠠᠬᠤ | ᠬᠡᠷᠡᠭᠲᠡᠢ᠃ ᠨᠢᠭᠡ ᠳᠤ᠂ ᠵᠠᠰᠠᠭ ᠤᠨ ᠣᠷᠳᠣᠨ ︽ᠢᠯᠡ︾ ᠪᠠᠷ ᠥᠭᠡᠷᠡᠴᠢᠯᠡᠯᠲᠡ ᠶᠢ ᠬᠥᠲᠥᠯᠥᠨ ᠵᠢᠯᠤᠭᠤᠳᠴᠤ᠂ | ᠵᠠᠰᠠᠭ ᠤᠨ ᠣᠷᠳᠣᠨ ᠠᠴᠠ ᠪᠦᠬᠦᠨ ᠢ ᠳᠠᠭᠠᠭᠠᠵᠤ ᠬᠢᠬᠦ ᠦᠭᠡᠢ᠂ ᠬᠠᠷᠢᠨ ᠦᠵᠦ ᠲᠥᠯᠥᠪᠯᠡᠭᠡ ᠶᠢ ᠰᠠᠶᠢᠲᠤᠷ ᠬᠢᠵᠦ | ᠂ ᠥᠭᠡᠷᠡᠴᠢᠯᠡᠯᠲᠡ ᠶᠢᠨ ᠵᠠᠭᠠᠭ ᠱᠤᠭᠤᠮ ᠢ ᠲᠣᠭᠲᠠᠭᠠᠨ᠎ᠠ︔ ᠬᠤᠶᠠᠷ ᠲᠤ᠂ ᠵᠠᠬ᠎ᠠ ᠳᠡᠯᠭᠡᠭᠦᠷ ︽ᠲᠠᠯᠳᠠ︾ ᠡᠬᠢ | ᠪᠠᠶᠠᠯᠢᠭ ᠢ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠤᠳᠤᠷᠢᠳᠤᠮᠵᠢ ᠶᠢᠨ | ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠶᠢᠨ ᠵᠠᠭᠪᠤᠷ ᠢᠶᠠᠨ ᠰᠠᠶᠢᠵᠢᠷᠠᠭᠤᠯᠬᠤ᠂ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠵᠡᠭᠡᠯᠢ ᠲᠣᠭᠤᠷᠢᠭ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ᠂ ᠪᠡᠶ᠎ᠡ ᠪᠠᠨ ᠳᠠᠭᠠᠭᠠᠵᠤ ᠰᠢᠯᠢᠳᠡᠭᠵᠢᠬᠦ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠦᠨ᠎ᠡ︔ | ᠭᠤᠷᠪᠠ ᠳᠤ᠂ ᠤᠯᠠᠨ ᠲᠦᠮᠡᠨ ︽ᠠᠵᠢᠯᠴᠢ ᠬᠥᠳᠡᠯᠮᠦᠷᠢᠴᠢ︾ ᠪᠡᠶ᠎ᠡ ᠪᠠᠨ ᠳᠠᠭᠠᠭᠠᠵᠤ ᠰᠡᠯᠪᠢᠨ ᠵᠠᠰᠠᠵᠤ᠂ | ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠵᠤ ᠥᠭᠡᠷᠡᠴᠢᠯᠡᠬᠦ᠂ ᠪᠡᠶ᠎ᠡ ᠪᠠᠨ ᠳᠠᠭᠠᠭᠠᠵᠤ ᠰᠠᠬᠢᠨ ᠬᠠᠮᠠᠭᠠᠯᠠᠬᠤ ᠶᠢ | ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠢ ᠬᠠᠵᠠᠭᠤ ᠠᠴᠠ ᠬᠠᠷᠠᠭᠴᠢ ᠪᠠᠶᠢᠭᠰᠠᠨ ᠠᠴᠠ ᠨᠢ ᠣᠷᠣᠯᠴᠠᠭᠴᠢ᠂ | ᠠᠰᠢᠭ ᠬᠦᠷᠳᠡᠭᠴᠢ ᠪᠣᠯᠭᠠᠵᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠵᠠᠰᠠᠬᠤ ᠶᠢ | ᠪᠡᠶᠡᠯᠡᠭᠦᠯᠦᠨ᠎ᠡ᠃ ᠵᠢᠱᠢᠶᠡᠯᠡᠪᠡᠯ᠂ ᠳᠠᠶᠢᠵᠸᠦ ᠬᠤᠲᠠ ᠶᠢᠨ ᠱᠢ ᠱᠧᠩ ᠵᠡᠭᠡᠯᠢ ᠶᠢᠨ ᠵᠠᠬ᠎ᠠ ᠲᠡᠯᠭᠡᠭᠦᠷ ︽ᠤᠷᠢᠳ ᠢᠶᠠᠷ | ᠥᠭᠡᠷᠡᠴᠢᠯᠡᠵᠦ ᠳᠠᠷᠠᠭ᠎ᠠ ᠨᠢ ᠨᠥᠬᠦᠪᠦᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠪᠠ | ᠨᠡᠶᠢᠭᠡᠮ ᠤᠨ ᠬᠥᠷᠥᠩᠭᠡ ᠶᠢ ᠵᠠᠰᠠᠨ ᠰᠡᠯᠪᠢᠬᠦ ᠳᠤ ᠣᠷᠣᠭᠤᠯᠬᠤ ᠶᠢ ᠵᠣᠷᠢᠭᠵᠢᠭᠤᠯᠬᠤ ᠶᠢᠨ ᠬᠠᠮᠲᠤ ︽ᠢᠳᠡᠵᠦ | ᠡᠮᠦᠰᠬᠦ ᠬᠤᠨᠣᠵᠤ ᠬᠡᠪᠲᠡᠬᠦ ᠵᠤᠭ᠎ᠠ ᠴᠡᠩᠭᠡᠯ︾ ᠤᠨ ᠠᠭᠤᠰᠤᠯᠳᠤᠨ ᠬᠥᠳᠡᠯᠦᠯᠴᠡᠬᠦ ᠶᠢ ᠠᠬᠢᠭᠤᠯᠵᠤ᠂ ᠡᠷᠲᠡᠨ ᠤ | ᠬᠤᠲᠠ᠂ ᠡᠷᠲᠡᠨ ᠤ ᠵᠡᠭᠡᠯᠢ ᠭᠤᠳᠤᠮᠵᠢ ᠶᠢᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠦᠢ ᠣᠯᠠᠨ | ᠵᠤᠭᠠᠴᠠᠭᠰᠠᠳ ᠤᠨ ᠲᠣᠭᠤᠷᠢᠨ ᠦᠵᠡᠵᠦ ᠬᠡᠷᠡᠭᠯᠡᠭᠡ ᠬᠢᠬᠦ ᠶᠢ ᠲᠠᠲᠠᠵᠤ ᠪᠠᠶᠢᠨ᠎ᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠲᠡᠦᠬᠡ ᠰᠣᠶᠣᠯ ᠤᠨ ᠵᠡᠭᠡᠯᠢ | ᠲᠣᠭᠤᠷᠢᠭ ᠲᠠᠢ ᠠᠳᠠᠯᠢ ᠦᠭᠡᠢ᠂ ᠬᠠᠭᠤᠴᠢᠨ ᠵᠡᠭᠡᠯᠢ ᠲᠣᠭᠤᠷᠢᠭ ᠤᠨ ᠥᠮᠴᠢᠯᠡᠯ ᠤᠨ ᠡᠷᠬᠡ ᠶᠢᠨ ᠲᠦᠷᠦᠯ ᠵᠦᠢᠯ | ᠨᠡᠩ ᠪᠤᠳᠤᠯᠢᠶᠠᠨᠲᠠᠢ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠨᠡᠩ ᠤᠯᠠᠨ ᠡᠰᠢᠵᠢᠵᠦ᠂ ᠪᠠᠷᠢᠮᠵᠢᠶ᠎ᠠ | ᠵᠢᠷᠤᠮᠵᠢᠯ ᠨᠡᠩ ᠳᠤᠲᠠᠮᠠᠭ ᠪᠣᠯᠵᠠᠢ᠃ ᠡᠯ᠎ᠡ ᠭᠠᠵᠠᠷ ᠤᠨ ᠬᠢᠨ ︽ᠰᠠᠨᠠᠯ︾ ᠢ ᠨᠡᠶᠢᠲᠡᠯᠡᠭᠰᠡᠨ ᠠᠵᠠ ᠲᠣᠬᠢᠶᠠᠯ ᠢ | ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠵᠢᠴᠢ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠢ | ᠵᠡᠷᠭᠡ ᠶᠢᠨ ᠲᠥᠷᠥ ᠶᠢᠨ ᠪᠣᠳᠣᠯᠭ᠎ᠠ ᠶᠢ ᠬᠠᠶᠢᠨ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠳᠠᠶᠢᠴᠢᠯᠠᠨ᠂ ᠠᠭᠤᠯᠤᠭᠳᠠᠬᠤᠨ ᠤ ᠮᠠᠶ᠋ᠢᠭ ᠤᠨ᠂ ᠡᠷᠴᠢᠮᠵᠢᠭᠦᠯᠦᠭᠰᠡᠨ | ᠮᠠᠶ᠋ᠢᠭ ᠤᠨ᠂ ᠪᠣᠬᠢᠷᠲᠤᠯ ᠦᠭᠡᠢ ᠬᠤᠲᠠ ᠶᠢᠨ ᠰᠢᠨᠡᠴᠢᠯᠡᠨ ᠬᠥᠭᠵᠢᠭᠦᠯᠬᠦ ᠠᠷᠭ᠎ᠠ ᠵᠠᠮ ᠢᠶᠠᠷ ᠵᠠᠮᠨᠠᠬᠤ ᠶᠢ ᠪᠠᠷᠢᠮᠲᠠᠯᠠᠬᠤ | ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠬᠤᠳᠠ ᠶᠢ ᠨᠡᠩ ᠠᠮᠢᠵᠢᠷᠠᠯ ᠤᠨ ᠬᠦᠴᠦᠨ ᠲᠠᠢ᠂ ᠨᠡᠩ | ᠣᠷᠣᠰᠢᠨ ᠰᠠᠭᠤᠬᠤ ᠳᠤ ᠲᠠᠭᠠᠯᠠᠮᠵᠢᠲᠠᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠦᠷᠭᠦᠯᠵᠢᠯᠡᠬᠦ ᠪᠣᠯᠭᠠᠬᠤ | ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |