ᠠᠳᠠᠯ ᠠᠬᠤᠢ ᠶᠢᠨ ᠦᠢᠯᠡᠴᠢᠯᠡᠭᠡᠨ ᠤ ᠨᠢᠭᠡ ᠲᠠᠯ᠎ᠠ ᠨᠢ ᠲᠦᠭ ᠲᠦᠮᠡᠨ ᠠᠶᠢᠯ ᠡᠷᠦᠬᠡ ᠶᠢᠨ ᠵᠣᠯ | ᠵᠢᠷᠭᠠᠯ ᠤᠨ ᠭᠦᠢᠴᠡᠳᠭᠡᠯ ᠲᠤᠭ᠎ᠠ ᠲᠠᠢ ᠬᠤᠯᠪᠣᠭᠳᠠᠵᠤ᠂ ᠨᠥᠭᠦᠭᠡ ᠲᠠᠯ᠎ᠠ ᠨᠢ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠶᠢᠨ ᠶᠡᠭᠡ ᠰᠢᠯᠭᠠᠯᠲᠠ ᠲᠠᠢ ᠬᠤᠯᠪᠣᠭᠳᠠᠵᠤ ᠪᠠᠶᠢᠳᠠᠭ᠃ ᠵᠢᠶᠠᠩᠰᠢ ᠮᠤᠵᠢ ᠶᠢᠨ | ᠵᠢᠦᠵᠢᠶᠠᠩ ᠬᠤᠳᠠ ︽ᠨᠡᠷ᠎ᠡ ᠬᠤᠯᠪᠤᠭᠠᠯᠠᠨ ᠨᠡᠶᠢᠲᠡᠯᠡᠬᠦ︾ ᠪᠠᠷ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ︽ | ᠬᠤᠪᠢᠰᠬᠠᠯᠳᠦ ᠠᠳᠠᠯ ᠠᠬᠤᠢ︾ ᠪᠠᠷ ᠠᠷᠠᠳ ᠤᠨ ᠠᠮᠢᠳᠤᠷᠠᠯ ᠤᠨ ᠳᠤᠯᠠᠭᠠᠴᠠ ᠶᠢ ᠨᠡᠮᠡᠭᠳᠡᠭᠦᠯᠵᠦ᠂ ︽ᠬᠠᠮᠲᠤᠷᠠᠨ | ᠦᠨᠡᠯᠡᠵᠦ ᠬᠠᠮᠲᠤᠪᠠᠷ ᠵᠠᠰᠠᠬᠤ︾ ᠪᠠᠷ ᠳᠠᠮᠵᠢᠨ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠲᠠᠮᠵᠢᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯᠳᠦ ᠲᠥᠷᠥᠭᠳᠡᠯ ᠢ ᠪᠠᠳᠤᠯᠠᠵᠦ ᠪᠠᠶᠢᠨ᠎ᠠ᠃ | | ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠮᠳᠠ᠂ ᠵᠢᠷᠤᠮᠵᠢᠭᠰᠠᠨ ᠮᠡᠳᠡᠭᠡ ᠵᠠᠩᠭᠢ ᠶᠢ ᠢᠯᠡ ᠪᠣᠯᠭᠠᠬᠤ | ᠲᠣᠭᠲᠠᠴᠠ ᠶᠢ ᠪᠠᠶᠢᠭᠤᠯᠬᠤ ᠨᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠠᠬᠢ | ᠢᠲᠡᠭᠡᠯ ᠤᠨ ᠬᠡᠮᠵᠢᠶ᠎ᠡ ᠪᠠ ᠣᠷᠣᠯᠴᠠᠬᠤ ᠬᠠᠯᠠᠭᠤᠨ ᠰᠡᠳᠬᠢᠯᠭᠡ ᠶᠢ ᠪᠦᠲᠦᠮᠵᠢᠲᠡᠶ ᠨᠡᠮᠡᠭᠳᠡᠭᠦᠯᠵᠦ ᠴᠢᠳᠠᠬᠤ ᠪᠠᠷ | ᠪᠠᠷᠠᠬᠤ ᠦᠭᠡᠢ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ | ᠴᠢᠳᠠᠨ᠎ᠠ᠃ | ᠵᠢᠦ ᠯᠦᠩ ᠰᠢᠨ᠎ᠡ ᠬᠤᠲᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠤ ᠰᠤᠷᠪᠤᠯᠵᠢᠯᠠᠭᠴᠢ᠄ | ︽ᠬᠤᠲᠠ ᠶᠢᠨ ᠰᠡᠯᠪᠢᠨ ᠵᠠᠰᠠᠬᠤ ᠪᠡᠯᠡ ᠮᠥᠩᠭᠦ ᠶᠢ ᠬᠡᠷᠡᠭᠯᠡᠬᠦ ᠵᠦᠢᠯᠡᠰ ᠤᠨ ᠦᠢᠯᠡᠴᠢᠯᠡᠭᠡᠨ ᠤ ᠲᠠᠪᠴᠠᠩ ᠠᠴᠠ | ᠨᠢᠭᠡᠨ ᠺᠣᠮᠫᠠᠨᠢ ᠶᠢᠨ ᠮᠡᠳᠡᠭᠦᠯᠦᠨ ᠬᠦᠷᠭᠡᠭᠰᠡᠨ AB ᠬᠤᠶᠠᠷ ᠢᠵᠢ ᠪᠠᠷᠢᠯᠭ᠎ᠠ ᠶᠢᠨ ᠲᠥᠰᠥᠯ ᠵᠢᠴᠢ ᠪᠠᠷᠢᠯᠭ᠎ᠠ ᠶᠢᠨ | ᠦᠨ᠎ᠡ ᠶᠢᠨ ᠮᠡᠳᠡᠭᠦᠯᠦᠯᠲᠡ ᠶᠢᠨ ᠮᠠᠲ᠋ᠧᠷᠢᠶᠠᠯ ᠳᠠᠬᠢ ᠦᠨ᠎ᠡ ᠨᠢ ᠴᠥᠮ ᠬᠡᠲᠦ ᠥᠨᠳᠥᠷ ᠪᠣᠯᠤᠭᠰᠠᠨ ᠠᠴᠠ | ᠦᠮᠴᠢᠳᠡᠨ ᠤ ᠵᠥᠪᠯᠡᠯ ᠤᠨ ᠵᠦᠪᠰᠢᠶᠡᠷᠡᠯ ᠢ ᠤᠯᠤᠭᠰᠠᠨ ᠦᠭᠡᠢ ᠁︾ ᠭᠡᠰᠡᠨ ᠬᠤᠷᠠᠯ ᠤᠨ ᠲᠡᠮᠳᠡᠭᠯᠡᠯ ᠢ | ᠣᠯᠵᠤ ᠦᠵᠡᠪᠡ᠃ | ᠬᠥᠮᠥᠰ ᠤᠨ ᠠᠩᠬᠠᠷᠤᠯ ᠢ ᠲᠠᠲᠠᠭᠰᠠᠨ ᠵᠦᠢᠯ ᠭᠡᠪᠡᠯ᠂ ᠡᠨᠡᠬᠦ ᠬᠤᠷᠠᠯ ᠤᠨ ᠲᠡᠮᠳᠡᠭᠯᠡᠯ ᠨᠢ ᠤᠴᠢᠷ ᠰᠢᠯᠲᠠᠭᠠᠨ | ᠨᠢᠭᠡᠪᠦᠷᠢ ᠶᠢ ᠨᠠᠷᠢᠨ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ᠂ ᠬᠤᠷᠠᠯ ᠤᠨ ᠭᠤᠣᠯ ᠰᠡᠳᠦᠪ᠂ ᠴᠠᠭ᠂ ᠭᠠᠵᠠᠷ | ᠣᠷᠣᠨ᠂ ᠤᠷᠤᠯᠴᠠᠭᠰᠠᠨ ᠬᠥᠮᠥᠰ ᠵᠡᠷᠭᠡ ᠶᠢ ᠴᠦ ᠴᠥᠮ ᠨᠠᠷᠢᠨ ᠲᠡᠮᠳᠡᠭᠯᠡᠵᠡᠢ᠃ | ᠠᠳᠠᠯ ᠠᠬᠤᠢ ᠶᠢᠨ ᠭᠠᠵᠠᠷ ᠤᠨ ᠳᠠᠭᠠᠭᠠᠮᠠᠯ ᠼᠤᠤ ᠭᠦᠸᠧ ᠯᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ | ᠪᠣᠯ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ | ᠬᠡᠷᠡᠭᠵᠢᠭᠦᠯᠦᠭᠰᠡᠨ ︽ᠨᠡᠷ᠎ᠡ ᠬᠤᠯᠪᠤᠭᠠᠯᠠᠨ ᠨᠡᠶᠢᠲᠡᠯᠡᠬᠦ︾ ᠳᠦᠷᠢᠮ ᠪᠣᠯᠣᠨ᠎ᠠ᠂ ᠲᠤᠬᠠᠶᠢᠯᠠᠪᠠᠯ ᠦᠮᠴᠢᠳᠡᠨ ᠤ | ᠵᠥᠪᠯᠡᠯ ᠠᠴᠠ ᠨᠡᠶᠢᠭᠡᠮ ᠲᠣᠭᠤᠷᠢᠭ᠂ ᠠᠳᠠᠯ ᠠᠬᠤᠢ ᠲᠠᠢ ᠬᠤᠯᠪᠤᠭᠠᠯᠠᠨ ︽ᠭᠤᠷᠪᠠᠨ ᠲᠠᠯ᠎ᠠ ᠪᠠᠷ ᠢᠶᠠᠨ ᠬᠠᠮᠲᠤ ᠪᠠᠷ | ᠠᠬᠢᠭᠤᠯᠬᠤ︾ ᠲᠣᠭᠲᠠᠴᠠ ᠶᠢ ᠪᠦᠷᠢᠯᠳᠦᠭᠦᠯᠵᠦ᠂ ︽ᠰᠦᠯᠵᠢᠶᠡᠨ ᠠᠴᠠ ᠭᠠᠳᠠᠭᠤᠷᠬᠢ ᠢᠯᠡ ᠨᠡᠶᠢᠲᠡᠯᠡᠬᠦ ᠪᠤᠯᠤᠩ | + ᠰᠦᠯᠵᠢᠶᠡᠨ ᠳᠡᠭᠡᠷᠡᠬᠢ ᠰᠠᠭᠤᠭᠠᠯᠢ ᠠᠷᠠᠳ ᠤᠨ ᠴᠤᠭᠯᠠᠷᠠᠯ︾ ᠤᠨ ᠬᠤᠣᠰ ᠵᠠᠮ ᠢᠶᠠᠷ ᠢᠯᠡ ᠨᠡᠶᠢᠲᠡᠯᠡᠨ᠎ᠡ᠂ | ᠡᠭᠦᠨ ᠳᠤ ᠭᠤᠣᠯᠳᠠᠭᠤ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠨᠠᠷᠢᠨ ᠵᠦᠢᠯᠡᠰ᠂ ᠲᠤᠰᠬᠠᠢ ᠰᠡᠯᠪᠢᠨ ᠵᠠᠰᠠᠬᠤ | ᠪᠡᠯᠡ ᠮᠥᠩᠭᠦ ᠶᠢᠨ ᠬᠡᠷᠡᠭᠯᠡᠯᠲᠡ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠬᠡᠭᠰᠡᠨ ᠡᠬᠡ ᠲᠠᠩᠰᠠ᠂ | ᠦᠮᠴᠢᠳᠡᠨ ᠤ ᠵᠥᠪᠯᠡᠯ ᠤᠨ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠦᠮᠴᠢᠳᠠᠳ ᠤᠨ ᠶᠡᠭᠡ ᠬᠤᠷᠠᠯ ᠢᠶᠠᠷ ᠪᠠᠲᠤᠯᠠᠭᠰᠠᠨ ᠦᠷ᠎ᠡ ᠳ᠋ᠦᠩ ᠵᠡᠷᠭᠡ ᠠᠭᠤᠯᠭ᠎ᠠ ᠬᠤᠯᠪᠣᠭᠳᠠᠨ᠎ᠠ᠃ | ᠼᠤᠤ ᠭᠦᠸᠧ ᠯᠢᠨ ᠢᠯᠡᠷᠬᠡᠶᠢᠯᠡᠬᠦ ᠳᠡᠭᠡᠨ᠂ ᠨᠡᠷ᠎ᠡ ᠬᠤᠯᠪᠤᠭᠠᠯᠠᠨ ᠨᠡᠶᠢᠲᠡᠯᠡᠬᠦ ᠳᠦᠷᠢᠮ ᠢ ᠪᠠᠶᠢᠭᠤᠯᠬᠤ ᠪᠠᠷ | ᠳᠠᠮᠵᠢᠭᠤᠯᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠦᠮᠴᠢᠳᠡᠨ ᠤ ᠵᠥᠪᠯᠡᠯ᠂ ᠠᠳᠠᠯ | ᠠᠬᠤᠢ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠥᠮᠴᠢᠲᠡᠨ ᠤ ᠰᠡᠵᠢᠭᠯᠡᠯ ᠢ ᠠᠷᠢᠯᠭᠠᠬᠤ ᠪᠠᠷ | ᠪᠠᠷᠠᠬᠤ ᠦᠭᠡᠢ᠂ ᠮᠡᠳᠡᠭᠡ ᠵᠠᠩᠭᠢ ᠶᠢ ᠮᠥᠷᠳᠡᠵᠦ ᠪᠣᠯᠬᠤ᠂ ᠳᠠᠬᠢᠨ ᠬᠢᠨᠠᠵᠤ ᠪᠣᠯᠬᠤ ᠶᠢ ᠦᠨᠡᠨ ᠬᠦ ᠪᠠᠲᠤᠯᠠᠵᠤ᠂ | ᠲᠠᠷᠠᠭᠠᠴᠢ ᠶᠢᠨ ᠬᠢᠨᠠᠯᠲᠠ ᠲᠠᠯᠪᠢᠵᠤ ᠬᠢᠨᠠᠨ ᠪᠤᠳᠤᠬᠤ ᠳᠤ ᠦᠨᠳᠦᠰᠦᠯᠡᠯ ᠬᠠᠩᠭᠠᠪᠠ᠃ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠰᠢᠨ᠎ᠡ ᠲᠣᠭᠲᠠᠭᠠᠯ ᠢ ᠬᠡᠷᠡᠭᠵᠢᠭᠦᠯᠦᠭᠰᠡᠨ ᠠᠴᠠ ᠨᠠᠰᠢ᠂ ᠲᠣᠰ ᠤᠷᠤᠨ ᠰᠠᠭᠤᠴᠠ ᠶᠢᠨ | ᠲᠣᠭᠤᠷᠢᠭ ᠤᠨ ᠥᠮᠴᠢᠲᠡᠨ ᠤ ᠠᠳᠠᠯ ᠠᠬᠤᠢ ᠶᠢᠨ ᠲᠤᠬᠠᠢ ᠵᠠᠭᠠᠯᠳᠤᠯᠭ᠎ᠠ ᠶᠢᠨ ᠬᠡᠮᠵᠢᠶ᠎ᠡ 40% ᠪᠠᠷ ᠪᠠᠭᠤᠷᠠᠵᠤ᠂ | ᠠᠳᠠᠯ ᠠᠬᠤᠢ ᠶᠢᠨ ᠰᠦᠢᠳᠬᠡᠯ ᠬᠤᠷᠢᠶᠠᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 10% ᠪᠠᠷ | ᠨᠡᠮᠡᠭᠳᠡᠵᠡᠢ᠃ | ᠨᠡᠶᠢᠭᠡᠮ ᠲᠣᠭᠤᠷᠢᠭ ᠨᠢ ᠦᠨᠳᠦᠰᠦᠨ ᠱᠠᠲᠤᠨ ᠤ ᠵᠠᠰᠠᠯᠲᠠ ᠶᠢᠨ ᠨᠢᠭᠡ ᠬᠡᠰᠡᠭ ᠪᠣᠯᠤᠭᠰᠠᠨ ᠤ ᠬᠤᠪᠢ ᠳᠤ᠂ | ᠲᠦᠭ ᠲᠦᠮᠡᠨ ᠠᠶᠢᠯ ᠡᠷᠦᠬᠡ ᠶᠢᠨ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ︽ᠬᠤᠸᠠᠷ | ᠬᠠᠳᠬᠤᠬᠤ ᠡᠷᠳᠡᠮ︾ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠪᠠᠷᠠᠬᠤ ᠦᠭᠡᠢ ᠬᠠᠯᠠᠭᠤᠨ | ᠳᠤᠯᠠᠭᠠᠨ ᠦᠢᠯᠡᠴᠢᠯᠡᠭᠡ ᠪᠠᠷ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠱᠠᠲᠤᠨ ᠤ | ᠵᠠᠰᠠᠯᠲᠠ ᠶᠢᠨ ᠰᠡᠳᠬᠢᠯ ᠢᠶᠠᠨ ᠨᠢᠭᠡᠳᠬᠡᠬᠦ ᠰᠢᠵᠢᠮ ᠪᠣᠯᠭᠠᠬᠤ ᠬᠡᠷᠡᠭᠲᠡᠢ᠃ | ᠬᠤ᠋ ᠪᠢᠨ ᠰᠠᠭᠤᠭᠠᠯᠢ ᠠᠷᠠᠳ ᠤᠨ ᠲᠣᠭᠤᠷᠢᠭ ︵ᠬᠤᠶᠢᠲᠤ ᠲᠣᠭᠤᠷᠢᠭ︶ ᠤᠨ ᠠᠳᠠᠯ ᠠᠬᠤᠢ ᠶᠢᠨ | ᠦᠢᠯᠡᠴᠢᠯᠡᠭᠡᠨ ᠤ ᠲᠥᠪ ᠲᠤ᠂ ᠤᠯᠠᠭᠠᠨ ᠥᠩᠭᠡ ᠲᠠᠢ ︽ᠮᠧᠢ ᠶᠤᠸᠠᠨ ᠰᠠᠭᠤᠭᠠᠯᠢ ᠠᠷᠠᠳ ᠲᠤ ᠠᠰᠢᠭ ᠬᠦᠷᠲᠡᠭᠡᠬᠦ | ᠰᠦᠢᠳᠬᠡᠯ ᠬᠤᠷᠢᠶᠠᠬᠤ ᠦᠭᠡᠢ ᠦᠢᠯᠡᠴᠢᠯᠡᠭᠡᠨ ᠤ ᠲᠣᠪᠶᠤᠭ︾ ᠬᠥᠮᠥᠰ ᠤᠨ ᠠᠩᠬᠠᠷᠤᠯ ᠢ ᠣᠨᠴᠠ ᠲᠠᠲᠠᠨ᠎ᠠ — | ᠳᠡᠭᠡᠪᠦᠷ ᠤᠨ ᠳ᠋ᠧᠩ ᠰᠣᠯᠢᠬᠤ ᠠᠴᠠ ᠤᠬᠢᠶᠠᠯᠭ᠎ᠠ ᠶᠢᠨ ᠡᠳ᠋ᠯᠡᠯ ᠤᠨ ᠳ᠋ᠧᠩ ᠤᠭᠰᠠᠷᠠᠬᠤ ᠬᠦᠷᠲᠡᠯ᠎ᠡ᠂ ᠤᠰᠤᠨ | ᠭᠤᠭᠤᠵᠢᠭᠤᠷ ᠢ ᠰᠣᠯᠢᠬᠤ ᠠᠴᠠ ᠴᠡᠪᠡᠷᠯᠡᠭᠡ ᠶᠢᠨ ᠬᠡᠷᠡᠭᠰᠡᠯ ᠢ ᠵᠠᠰᠠᠬᠤ ᠬᠦᠷᠲᠡᠯ᠎ᠡ᠂ 18 ᠵᠦᠢᠯ ᠤᠨ ᠭᠡᠷ ᠤᠨ | ᠬᠡᠷᠡᠭᠰᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠢ ᠪᠠᠷᠢᠮᠵᠢᠶᠠᠵᠢᠭᠰᠠᠨ ᠦᠢᠯᠡᠴᠢᠯᠡᠭᠡᠨ ᠤ ᠲᠦᠷᠦᠯ ᠵᠦᠢᠯ | ᠪᠣᠯᠭᠠᠨ ᠨᠠᠷᠢᠯᠢᠭᠵᠢᠭᠤᠯᠵᠠᠢ᠃ | ︽ᠡᠳᠡᠭᠡᠷ ᠢᠬᠢᠷ ᠰᠢᠬᠢᠷ ᠦᠢᠯᠡᠴᠢᠯᠡᠭᠡ ᠨᠢ ᠦᠨᠡᠨ ᠳᠡᠭᠡᠨ ᠰᠠᠭᠤᠭᠠᠯᠢ ᠠᠷᠠᠳ ᠤᠨ ᠰᠡᠳᠬᠢᠯ ᠢ ᠨᠡᠭᠡᠭᠡᠬᠦ | ᠶᠢᠨ ᠲᠦᠯᠬᠢᠭᠦᠷ ᠮᠥᠨ︾᠃ ᠠᠳᠠᠯ ᠠᠬᠤᠢ ᠶᠢᠨ ᠭᠠᠵᠠᠷ ᠤᠨ ᠳᠠᠭᠠᠭᠠᠮᠠᠯ ᠶᠠᠨ ᠭᠦᠸᠧ ᠭᠧᠨ ᠲᠣᠪᠶᠤᠭ ᠳᠡᠭᠡᠷᠡᠬᠢ | ᠦᠢᠯᠡᠴᠢᠯᠡᠭᠡᠨ ᠤ ᠵᠦᠢᠯᠡᠰ ᠢ ᠵᠢᠭᠠᠵᠤ᠂ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡ ᠵᠠᠰᠠᠵᠤ ᠰᠡᠯᠪᠢᠵᠦ | ᠳᠡᠶᠢᠯᠳᠡᠭ ᠯᠡ ᠶᠤᠮ ᠪᠣᠯ᠂ ᠥᠮᠴᠢᠲᠡᠨ ᠵᠥᠪᠬᠡᠨ ᠮᠠᠲ᠋ᠧᠷᠢᠶᠠᠯ ᠬᠠᠩᠭᠠᠪᠠᠯ᠂ ᠮᠠᠨ ᠤ ᠠᠵᠢᠯᠴᠢᠨ ᠪᠠᠭᠰᠢ ᠳᠠᠷᠤᠢ | ᠭᠡᠷ ᠲᠤᠨᠢ ᠬᠦᠷᠴᠦ ᠰᠦᠢᠳᠬᠡᠯ ᠬᠤᠷᠢᠶᠠᠬᠤ ᠦᠭᠡᠢ ᠪᠠᠷ ᠦᠢᠯᠡᠴᠢᠯᠡᠨ᠎ᠡ ᠭᠡᠵᠡᠢ᠃ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠲᠣᠰ ᠵᠠᠭᠪᠤᠷ ᠢ ᠬᠡᠷᠡᠭᠵᠢᠭᠦᠯᠦᠭᠰᠡᠨ ᠠᠴᠠ ᠨᠠᠰᠢ᠂ ᠰᠠᠭᠤᠭᠠᠯᠢ ᠠᠷᠠᠳ ᠤᠨ ᠰᠡᠯᠪᠢᠨ | ᠵᠠᠰᠠᠬᠤ ᠵᠠᠷᠤᠳᠠᠯ ᠢ ᠨᠡᠶᠢᠲᠡ 2 ᠲᠦᠮᠡᠨ ᠲᠥᠭᠦᠷᠢᠭ ᠠᠴᠠ ᠳᠡᠭᠡᠭᠰᠢ ᠠᠷᠪᠢᠯᠠᠵᠤ ᠥᠭᠭᠦᠭᠰᠡᠨ ᠪᠠᠶᠢᠨ᠎ᠠ᠃ | ︽ᠠᠷᠠᠳ ᠲᠤ ᠠᠰᠢᠭ ᠬᠦᠷᠲᠡᠭᠡᠬᠦ ᠺᠠᠷᠲ︾ ᠨᠢ ᠣᠯᠠᠨ ᠲᠦᠮᠡᠨ ᠤ ︽ᠳᠣᠲᠣᠨᠣ ᠺᠠᠷᠲ︾ ᠪᠣᠯᠵᠤ᠂ ︽ | ᠲᠥᠯᠥᠪᠦᠷᠢ ᠲᠠᠢ ᠪᠠᠷ ᠣᠷᠣᠯᠠᠨ ᠭᠦᠢᠴᠡᠳᠬᠡᠬᠦ︾ ᠪᠠᠶᠢᠭᠰᠠᠨ ᠠᠴᠠ ᠪᠠᠨ ︽ᠨᠡᠶᠢᠲᠡ ᠶᠢᠨ ᠠᠰᠠᠷᠠᠮᠵᠢ ᠪᠠᠷ | ᠠᠷᠠᠳ ᠲᠤ ᠠᠰᠢᠭ ᠬᠦᠷᠲᠡᠭᠡᠬᠦ︾ ᠪᠣᠯᠵᠤ ᠬᠤᠪᠢᠷᠠᠵᠠᠢ᠂ ᠡᠭᠦᠨ ᠤ ᠠᠷᠤ ᠳᠤ ᠬᠤᠪᠢᠰᠬᠠᠯ ᠤᠨ ᠭᠧᠨ ᠤ | ᠦᠷᠭᠦᠯᠵᠢᠯᠡᠨ ᠬᠦᠴᠦᠯᠡᠵᠦ ᠪᠠᠶᠢᠭ᠎ᠠ ᠶᠠᠪᠤᠳᠠᠯ ᠪᠣᠶ᠃ ᠶᠠᠨ ᠭᠦᠸᠧ ᠭᠧᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ | ᠵᠢᠯ ᠤᠳ ᠲᠤ᠂ ᠰᠢᠶᠦ᠋ᠨ ᠶᠠᠩ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ᠪᠥᠬᠦ ᠴᠠᠷᠠᠭ᠎ᠠ ᠪᠠᠷ ᠢᠶᠠᠨ | ︽ᠬᠤᠪᠢᠰᠬᠠᠯᠳᠦ ᠠᠳᠠᠯ ᠠᠬᠤᠢ︾ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠲᠦᠯᠬᠢᠨ | ᠠᠬᠢᠭᠤᠯᠵᠤ᠂ ᠠᠷᠠᠳ ᠣᠯᠠᠨ ᠤ ᠬᠠᠮᠤᠭ ᠤᠨ ᠲᠤᠯᠭᠠᠮ᠎ᠠ᠂ ᠬᠠᠮᠤᠭ ᠤᠨ ᠠᠩᠬᠠᠷᠴᠤ ᠪᠠᠶᠢᠭ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠡᠢ᠃ ᠬᠤᠪᠢᠰᠬᠠᠯᠳᠦ ᠠᠳᠠᠯ ᠠᠬᠤᠢ ᠶᠢᠨ ᠵᠢᠱᠢᠶ᠎ᠡ ᠦᠵᠡᠭᠦᠯᠬᠦ ᠤᠷᠤᠨ ᠰᠠᠭᠤᠴᠠ ᠶᠢᠨ | ᠲᠣᠭᠤᠷᠢᠭ ᠪᠣᠯᠤᠭᠰᠠᠨ ᠤ ᠬᠤᠪᠢ ᠳᠤ᠂ ᠬᠤ᠋ ᠪᠢᠨ ᠤᠷᠤᠨ ᠰᠠᠭᠤᠴᠠ ᠶᠢᠨ ᠲᠣᠭᠤᠷᠢᠭ ᠨᠢ ᠬᠤᠪᠢᠰᠬᠠᠯᠳᠦ ᠠᠳᠠᠯ | ᠠᠬᠤᠢ ᠶᠢᠨ ᠣᠶᠢᠯᠠᠭᠠᠭᠳᠠᠬᠤᠨ ᠢ ᠦᠢᠯᠡᠴᠢᠯᠡᠭᠡᠨ ᠤ ᠪᠦᠬᠦ ᠬᠡᠯᠬᠢᠶ᠎ᠡ ᠳᠤ ᠠᠭᠤᠰᠬᠠᠵᠤ᠂ ᠣᠨᠴᠠᠭᠠᠢ ᠬᠠᠮᠲᠤᠯᠢᠭ ᠤᠨ | ᠬᠠᠯᠠᠮᠵᠢᠯᠠᠯ ᠤᠨ ᠡᠬᠡ ᠲᠠᠩᠰᠠ ᠶᠢ ᠪᠠᠶᠢᠭᠤᠯᠬᠤ ᠪᠠᠷ ᠳᠠᠮᠵᠢᠭᠤᠯᠵᠤ᠂ ᠴᠡᠷᠢᠭ ᠤᠨ ᠪᠠ ᠦᠷᠡᠭᠳᠡᠭᠰᠡᠨ | ᠪᠠᠭᠠᠲᠤᠷᠴᠤᠳ ᠤᠨ ᠭᠡᠷ ᠪᠦᠯᠢ᠂ ᠭᠡᠷ ᠲᠡᠭᠡᠨ ᠬᠤᠴᠣᠷᠤᠭᠰᠠᠨ ᠨᠠᠰᠤᠲᠠᠨ᠂ ᠠᠬᠠᠮᠠᠳ ᠨᠠᠮ ᠤᠨ ᠭᠡᠰᠢᠭᠦᠨ ᠵᠡᠷᠭᠡ | ᠬᠠᠮᠲᠤᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ᠎ᠠ᠃ ᠡᠨᠡ ᠵᠢᠯ ᠤᠨ 3 ᠳ᠋ᠤᠭᠠᠷ ᠰᠠᠷ᠎ᠠ ᠶᠢᠨ | ᠡᠬᠢ ᠪᠠᠷ᠂ ᠰᠠᠭᠤᠭᠠᠯᠢ ᠠᠷᠠᠳ ᠤᠨ ᠲᠣᠭᠤᠷᠢᠭ ᠲᠤ ᠭᠡᠨᠡᠳᠲᠡ ᠤᠰᠤ ᠵᠣᠭᠰᠣᠵᠠᠢ᠂ ᠡᠨᠡ ᠬᠤᠭᠤᠴᠠᠭᠠᠨ ᠳᠤ | ᠨᠡᠶᠢᠭᠡᠮ ᠲᠣᠭᠤᠷᠢᠭ ᠤᠨ ᠬᠠᠮᠲᠤᠷᠠᠭᠰᠠᠨ ᠠᠳᠠᠯ ᠠᠬᠤᠢ ᠶᠢᠨ ᠭᠠᠵᠠᠷ ᠨᠢ ᠥᠨᠳᠥᠷ ᠨᠠᠰᠤᠲᠠᠢ᠂ ᠪᠡᠶ᠎ᠡ ᠨᠢ ᠳᠥᠭᠦᠮ | ᠦᠭᠡᠢ ᠰᠠᠭᠤᠭᠠᠯᠢ ᠠᠷᠠᠳ ᠲᠤ ᠰᠠᠨᠠᠭᠠᠴᠢᠯᠠᠭ᠎ᠠ ᠠᠴᠠ ᠪᠠᠨ ᠤᠰᠤ ᠬᠦᠷᠭᠡᠵᠦ ᠥᠭᠴᠡᠢ᠃ ᠲᠤᠭ᠎ᠠ ᠪᠠᠷᠢᠮᠲᠠ ᠨᠢ | ᠡᠨᠡᠬᠦ ᠬᠤᠣᠰ ᠴᠢᠭᠯᠡᠯ ᠤᠨ ᠬᠠᠯᠠᠭᠤᠨ ᠳᠤᠯᠠᠭᠠᠨ ᠢ ᠭᠡᠷᠡᠴᠢᠯᠡᠵᠦ ᠪᠠᠶᠢᠨ᠎ᠠ᠄ ᠰᠠᠭᠤᠭᠠᠯᠢ ᠠᠷᠠᠳ ᠤᠨ ᠲᠣᠭᠤᠷᠢᠭ ᠤᠨ | ᠠᠳᠠᠯ ᠠᠬᠤᠢ ᠶᠢᠨ ᠰᠦᠢᠳᠬᠡᠯ ᠬᠤᠷᠢᠶᠠᠬᠤ ᠨᠤᠷᠮ᠎ᠠ ᠤᠤᠯ ᠤᠨ 30% ᠪᠠᠶᠢᠭᠰᠠᠨ ᠠᠴᠠ ᠪᠠᠨ ᠳᠡᠭᠡᠭᠰᠢᠯᠡᠭᠡᠳ | 95% ᠪᠣᠯᠵᠤ᠂ ᠥᠮᠴᠢᠲᠡᠨ ᠤ ᠬᠠᠨᠤᠮᠵᠢ ᠶᠢᠨ ᠬᠡᠮᠵᠢᠶ᠎ᠡ 95 ᠠᠴᠠ ᠳᠡᠭᠡᠭᠰᠢ ᠳᠤ ᠬᠦᠷᠴᠡᠢ ᠭᠡᠵᠦ ᠶᠠᠨ ᠭᠦᠸᠧ | ᠭᠧᠨ ᠬᠡᠯᠡᠪᠡ᠃ | ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠮᠳᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠦᠨᠳᠦᠰᠦᠨ ᠠᠵᠢᠯᠯᠠᠭᠤᠯᠵᠤ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠠᠷ ᠪᠠᠷᠠᠬᠤ ᠦᠭᠡᠢ᠂ ᠨᠠᠩ ᠴᠤ | ᠪᠣᠯᠪᠠᠰᠤᠨ ᠢᠶᠠᠷ ᠬᠥᠲᠥᠯᠥᠨ ᠵᠢᠯᠤᠭᠤᠳᠬᠤ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ ᠪᠠᠶᠢᠨ᠎ᠠ᠃ | 2024 ᠣᠨ ᠳᠤ᠂ ᠵᠢᠦ ᠯᠦᠩ ᠰᠢᠨ᠎ᠡ ᠬᠤᠳᠠ ᠶᠢᠨ ᠨᠡᠶᠢᠭᠡᠮ ᠲᠣᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠲᠥᠪ ᠰᠠᠭᠤᠭᠠᠯᠢ ᠠᠷᠠᠳ ᠤᠨ ᠵᠠᠭᠠᠯᠳᠤᠯᠭ᠎ᠠ ᠶᠢ ᠬᠦᠯᠢᠶᠡᠵᠡᠢ᠄ ᠨᠢᠭᠡᠨ ᠰᠠᠭᠤᠭᠠᠯᠢ ᠡᠷᠦᠬᠡ | ᠲᠣᠭᠲᠠᠭᠠᠯ ᠠᠴᠠ ᠵᠥᠷᠢᠴᠡᠨ ᠤᠯᠠᠨ ᠲᠣᠮᠣ ᠬᠡᠯᠪᠡᠷᠢ ᠶᠢᠨ ᠨᠣᠬᠠᠢ ᠲᠡᠵᠢᠭᠡᠭᠰᠡᠨ ᠪᠥᠭᠡᠳ ᠤᠷᠳᠤ ᠬᠤᠭᠤᠴᠠᠭ᠎ᠠ ᠪᠠᠷ | ᠤᠶᠠᠭ᠎ᠠ ᠦᠭᠡᠢ ᠪᠠᠷ ᠨᠠᠰᠢ ᠴᠠᠰᠢ ᠲᠣᠭᠤᠷᠢᠬᠤ ᠪᠠᠶᠢᠳᠠᠯ ᠲᠠᠢ ᠭᠡᠵᠦ ᠵᠠᠭᠠᠯᠳᠤᠵᠠᠢ᠃ ᠠᠳᠠᠯ ᠠᠬᠤᠢ ᠶᠢᠨ | ᠭᠠᠵᠠᠷ ᠤᠨ ᠳᠠᠭᠠᠭᠠᠮᠠᠯ ᠼᠤᠤ ᠭᠦᠸᠧ ᠯᠢᠨ ᠲᠡᠷᠡ ᠳᠠᠷᠤᠢ ᠳᠤᠨᠢ ᠠᠮᠤᠷ ᠢ ᠬᠠᠮᠠᠭᠠᠯᠠᠭᠴᠢ ᠶᠢ ᠳᠠᠭᠠᠭᠤᠯᠤᠨ ᠭᠡᠷ | ᠲᠤᠨᠢ ᠬᠦᠷᠴᠦ ᠬᠠᠷᠭᠤᠭᠤᠯᠤᠨ ᠪᠠᠶᠢᠴᠠᠭᠠᠪᠠ᠃ ᠬᠡᠳᠦᠶᠢᠪᠡᠷ ᠳᠠᠬᠢᠨ ᠳᠠᠪᠲᠠᠨ ᠢᠳᠬᠠᠭᠰᠠᠨ ᠪᠣᠯᠪᠠᠴᠤ᠂ ᠨᠣᠬᠠᠢ | ᠲᠡᠵᠢᠭᠡᠭᠴᠢ ᠦᠮᠴᠢᠳᠡᠨ ᠬᠠᠷᠢᠨ ᠶᠡᠷᠦ ᠨᠢ ᠤᠶᠢᠰᠢᠶᠠᠬᠤ ᠦᠭᠡᠢ᠂ ᠼᠤᠤ ᠭᠦᠸᠧ ᠯᠢᠨ ᠵᠥᠪᠬᠡᠨ ᠠᠳᠠᠯ | ᠠᠬᠤᠢ ᠶᠢᠨ ᠭᠠᠵᠠᠷ ᠤᠨ ᠢᠳᠬᠠᠯ ᠢᠶᠠᠷ ᠡᠨᠡ ᠤᠴᠢᠷ ᠢ ᠰᠢᠢᠳᠪᠦᠷᠢᠯᠡᠵᠦ ᠴᠢᠳᠠᠬᠤ ᠦᠭᠡᠢ᠂ ᠲᠣᠮᠣ ᠬᠡᠯᠪᠡᠷᠢ ᠶᠢᠨ | ᠨᠣᠬᠠᠢ ᠨᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠠᠮᠤᠷ ᠲᠦᠪᠰᠢᠨ ᠤ ᠳᠠᠯᠳᠠ ᠬᠡᠮ | ᠠᠪᠴᠢᠷᠠᠵᠤ ᠮᠡᠳᠡᠨ᠎ᠡ ᠭᠡᠳᠡᠭ ᠢ ᠰᠡᠷᠡᠵᠦ ᠮᠡᠳᠡᠵᠡᠢ᠂ ᠡᠶᠢᠮᠦ ᠠᠴᠠ ︽ᠭᠤᠷᠪᠠᠨ ᠲᠠᠯ᠎ᠠ ᠪᠠᠷ ᠢᠶᠠᠨ ᠬᠤᠯᠪᠤᠭᠠᠯᠠᠨ | ᠬᠥᠳᠡᠯᠦᠯᠴᠡᠬᠦ ᠬᠤᠯᠪᠣᠭ᠎ᠠ︾ ᠶᠢ ᠦᠳᠲᠡᠷ ᠲᠦᠷᠭᠡᠨ ᠡᠬᠢᠯᠡᠭᠦᠯᠪᠡ᠂ ᠲᠤᠬᠠᠶᠢᠯᠠᠪᠠᠯ ᠨᠡᠶᠢᠭᠡᠮ ᠲᠣᠭᠤᠷᠢᠭ ᠤᠨ | ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ᠂ ᠥᠮᠴᠢᠲᠡᠨ ᠤ ᠵᠥᠪᠯᠡᠯ ᠵᠡᠷᠭᠡ ᠭᠤᠷᠪᠠᠨ ᠲᠠᠯ᠎ᠠ ᠶᠢᠨ ᠬᠦᠴᠦᠨ ᠲᠠᠢ | ᠬᠤᠯᠪᠤᠭᠠᠯᠠᠨ ᠬᠥᠳᠡᠯᠦᠯᠴᠡᠵᠦ᠂ ᠰᠠᠭᠤᠭᠠᠯᠢ ᠠᠷᠠᠳ ᠤᠨ ᠲᠤᠰᠬᠠᠯ ᠲᠣᠪᠣᠶᠢᠮ᠎ᠠ ᠪᠠᠶᠢᠭ᠎ᠠ ᠠᠳᠠᠯ ᠠᠬᠤᠢ ᠶᠢᠨ | ᠠᠰᠠᠭᠤᠳᠠᠯ ᠢ ᠰᠢᠢᠳᠪᠦᠷᠢᠯᠡᠬᠦ ᠨᠢᠭᠡ ᠵᠦᠢᠯ ᠤᠨ ᠲᠣᠭᠲᠠᠴᠠ ᠪᠣᠯᠣᠨ᠎ᠠ᠃ ᠬᠠᠮᠤᠭ ᠤᠨ ᠡᠴᠦᠰ ᠲᠤ᠂ ᠨᠡᠶᠢᠭᠡᠮ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠵᠣᠬᠢᠴᠠᠭᠤᠯᠬᠤ ᠪᠠᠷ ᠳᠠᠮᠵᠢᠭᠤᠯᠤᠨ᠂ ᠡᠨᠡ ᠬᠦ | ᠣᠯᠠᠨ ᠨᠡᠶᠢᠲᠡ ᠶᠢᠨ ᠠᠮᠤᠷ ᠲᠦᠪᠰᠢᠨ ᠤ ᠳᠠᠯᠳᠠ ᠬᠡᠮ ᠢ ᠲᠣᠬᠢᠲᠠᠢ ᠠᠷᠢᠯᠭᠠᠭᠰᠠᠨ ᠪᠠᠶᠢᠨ᠎ᠠ᠃ | ᠼᠤᠤ ᠭᠦᠸᠧ ᠯᠢᠨ᠂ ︽ᠭᠤᠷᠪᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠬᠤᠯᠪᠣᠭ᠎ᠠ︾ ᠭᠡᠳᠡᠭ ᠨᠢ | ᠡᠬᠢ ᠪᠠᠶᠠᠯᠢᠭ ᠢ ᠨᠡᠶᠢᠳᠬᠡᠬᠦ ᠵᠠᠰᠠᠯᠲᠠ ᠶᠢᠨ ᠲᠠᠪᠴᠠᠩ ᠪᠣᠯᠬᠤ ᠪᠠᠷ ᠪᠠᠷᠠᠬᠤ ᠦᠭᠡᠢ᠂ ᠨᠡᠩ ᠴᠤ ᠬᠦᠴᠢᠷ | ᠠᠰᠠᠭᠤᠳᠠᠯ ᠢ ᠰᠢᠢᠳᠪᠦᠷᠢᠯᠡᠬᠦ ᠶᠢᠨ ᠴᠤᠤᠷᠢᠶᠠᠲᠤᠨ ᠳᠠᠭᠠᠬᠤ ᠬᠦᠢᠰᠦ ᠪᠣᠯᠣᠨ᠎ᠠ — ᠤᠯᠠᠨ ᠲᠠᠯ᠎ᠠ ᠶᠢᠨ | ᠬᠦᠴᠦᠨ ᠢ ᠥᠨᠳᠥᠷ ᠪᠦᠲᠦᠮᠵᠢᠲᠡᠢ ᠪᠠᠷ ᠰᠢᠯᠵᠢᠭᠦᠯᠦᠨ ᠴᠤᠭᠯᠠᠭᠤᠯᠵᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠬᠦᠴᠢᠷ ᠲᠦᠪᠡᠭᠲᠡᠢ ᠬᠡᠮ ᠠᠷᠬᠠᠭ ᠢ ᠤᠨᠢᠨ ᠳᠡᠭᠡᠷ᠎ᠡ ᠨᠢ ᠰᠢᠢᠳᠪᠦᠷᠢᠯᠡᠵᠦ ᠴᠢᠳᠠᠨ᠎ᠠ᠂ ᠡᠨᠡ ᠨᠢ ᠶᠠᠭ | ᠵᠢᠦᠵᠢᠶᠠᠩ ᠬᠤᠳᠠ ᠶᠢᠨ ︽ᠬᠠᠮᠲᠤᠷᠠᠨ ᠦᠨᠡᠯᠡᠵᠦ ᠬᠠᠮᠲᠤᠪᠠᠷ ᠵᠠᠰᠠᠬᠤ︾ ᠰᠢᠰᠲ᠋ᠧᠮ ᠤᠨ ᠠᠮᠢᠳᠤᠯᠢᠭ ᠲᠠᠶᠢᠯᠪᠤᠷᠢ | ᠪᠣᠯᠣᠨ᠎ᠠ᠃ ᠠᠳᠠᠯ ᠠᠬᠤᠢ ᠶᠢᠨ ᠭᠡᠷ᠎ᠡ ᠪᠠᠨ ᠭᠦᠢᠴᠡᠳᠬᠡᠬᠦ ᠳᠤᠮᠳᠠᠬᠢ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ | ᠭᠠᠵᠠᠷ᠂ ᠲᠦᠭᠰᠢᠭᠦᠷᠢ ᠲᠠᠢ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠦᠵᠢᠶᠠᠩ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠠᠯᠤᠰᠯᠠᠭᠰᠠᠨ | ᠬᠢᠨᠠᠯᠲᠠ ᠬᠠᠮᠢᠶᠠᠷᠤᠯᠲᠠ ᠶᠢᠨ ︽ᠢᠵᠢᠯ ᠲᠥᠪᠲᠦ ᠲᠣᠭᠤᠷᠢᠭ︾ ᠢ ᠰᠢᠨ᠎ᠡ ᠪᠠᠷ ᠡᠭᠦᠳᠦᠨ ᠪᠠᠶᠢᠭᠤᠯᠪᠠ︔ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ᠂ ᠬᠠᠤᠯᠢ ᠬᠡᠷᠡᠭᠵᠢᠭᠦᠯᠬᠦ | ᠵᠡᠷᠭᠡ ᠲᠠᠪᠤᠨ ᠶᠡᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠤᠯᠪᠤᠭᠠᠯᠠᠨ ᠬᠥᠳᠡᠯᠦᠯᠴᠡᠵᠦ᠂ ᠵᠡᠭᠡᠯᠢ ᠭᠤᠳᠤᠮᠵᠢ | ᠨᠡᠶᠢᠭᠡᠮ ᠲᠣᠭᠤᠷᠢᠭ᠂ ᠦᠮᠴᠢᠳᠡᠨ ᠤ ᠵᠥᠪᠯᠡᠯ ᠲᠠᠢ ᠬᠠᠮᠵᠢᠯᠴᠠᠨ ︽ᠵᠠᠰᠠᠯᠲᠠ ᠶᠢᠨ ᠬᠠᠮᠲᠤ ᠶᠢᠨ ᠴᠣᠭᠴᠠ︾ ᠶᠢ | ᠪᠠᠶᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠬᠠᠮᠲᠤᠷᠠᠨ ᠦᠨᠡᠯᠡᠯᠲᠡ ᠬᠢᠬᠦ ᠶᠢᠨ | ᠬᠠᠮᠲᠤ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠪᠦᠲᠦᠭᠡᠯ ᠢ ᠬᠤᠲᠠ ᠶᠢᠨ ᠠᠷᠠᠳ ᠲᠤ ᠨᠡᠶᠢᠲᠡᠯᠡᠵᠦ᠂ ᠠᠳᠠᠯ | ᠠᠬᠤᠢ ᠶᠢᠨ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠳᠤ ᠬᠤᠪᠢ ᠨᠡᠮᠡᠬᠦ᠂ ︽ᠭᠤᠷᠪᠠ ᠶᠢ ᠱᠠᠩᠨᠠᠵᠤ | ᠬᠤᠶᠠᠷ ᠢ ᠵᠠᠯᠬᠠᠭᠠᠬᠤ︾ ᠬᠠᠮᠲᠤᠷᠠᠨ ᠦᠨᠡᠯᠡᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢ ᠬᠡᠷᠡᠭᠵᠢᠭᠦᠯᠵᠦ᠂ ᠣᠯᠠᠨ | ᠠᠷᠭ᠎ᠠ ᠬᠡᠮᠵᠢᠶ᠎ᠡ ᠪᠠᠷ ᠠᠳᠠᠯ ᠠᠬᠤᠢ ᠶᠢᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠰᠢᠮᠳᠠᠭᠤᠯᠪᠠ᠃ | ᠵᠢᠦᠵᠢᠶᠠᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠵᠧᠦ ᠰᠢᠶᠣᠣ ᠯᠢᠨ ᠢᠯᠡᠷᠬᠡᠶᠢᠯᠡᠬᠦ ᠳᠡᠭᠡᠨ᠂ ᠠᠳᠠᠯ ᠠᠬᠤᠢ ᠶᠢᠨ | ᠦᠢᠯᠡᠴᠢᠯᠡᠭᠡᠨ ᠤ ︽ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠰᠣᠯᠪᠢᠴᠠᠬᠤ︾ ᠣᠨᠴᠠᠯᠢᠭ — ᠴᠡᠴᠡᠷᠯᠢᠭ ᠤᠨ | ᠨᠣᠭᠤᠭᠠᠷᠠᠭᠤᠯᠤᠯᠲᠠ᠂ ᠭᠡᠷ ᠪᠠᠶᠢᠰᠢᠩ ᠤᠨ ᠪᠠᠷᠢᠯᠭ᠎ᠠ᠂ ᠴᠠᠬᠢᠯᠭᠠᠨ ᠱᠠᠲᠤ᠂ ᠭᠠᠯ ᠤᠨᠲᠠᠷᠠᠭᠠᠬᠤ ᠵᠡᠷᠭᠡ ᠲᠤᠰᠬᠠᠢ | ᠮᠡᠷᠭᠡᠵᠢᠯ ᠤᠨ ᠬᠦᠷᠢᠶ᠎ᠡ ᠴᠠᠷᠠᠭ᠎ᠠ ᠶᠢ ᠵᠠᠯᠭᠠᠯᠳᠤᠭᠤᠯᠤᠨ ᠬᠤᠯᠪᠣᠵᠤ᠂ ᠥᠩᠭᠡᠷᠡᠭᠰᠡᠨ ᠳᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠳᠠᠩ ᠭᠠᠭᠴᠠ ᠢᠲᠡᠭᠡᠮᠵᠢ ᠶᠢᠨ | ᠦᠨᠡᠯᠡᠯᠲᠡ ᠶᠢᠨ ᠵᠠᠭᠪᠤᠷ ᠨᠢ ᠨᠢᠭᠡᠨᠲᠡ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠵᠣᠬᠢᠴᠠᠭᠤᠯᠤᠨ | ᠨᠠᠷᠢᠯᠢᠭᠵᠢᠭᠤᠯᠬᠤ ᠳᠤ ᠪᠡᠷᠬᠡᠲᠡᠢ ᠪᠣᠯᠵᠤ᠂ ᠣᠯᠠᠨ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠥᠨᠳᠡᠯᠡᠨ ᠢᠶᠠᠷ | ᠬᠠᠮᠲᠤᠷᠠᠨ ᠠᠵᠢᠯᠯᠠᠬᠤ ᠶᠢ ᠠᠬᠢᠭᠤᠯᠵᠤ᠂ ᠲᠣᠰ ᠲᠣᠰ ᠲᠠᠭᠠᠨ ᠲᠤᠭ ᠪᠣᠰᠬᠠᠬᠤ ᠪᠣᠭᠤᠮᠢ ᠶᠢ ᠰᠢᠪᠲᠤᠯᠤᠨ᠂ ︽ | ᠰᠠᠯᠠᠭ᠎ᠠ ᠮᠥᠴᠢᠷ ᠤᠳ ᠬᠤᠭᠤᠷᠣᠨᠳᠤ ᠪᠠᠨ ᠨᠢᠭᠲᠠ ᠬᠠᠮᠵᠢᠯᠴᠠᠵᠤ᠂ ᠲᠣᠰ ᠲᠣᠰ ᠤᠨ ᠬᠤᠭᠤᠷᠣᠨᠳᠤ ᠪᠠᠨ ᠡᠭᠦᠷᠭᠡ | ᠬᠠᠷᠢᠭᠤᠴᠠᠯᠭ᠎ᠠ ᠲᠠᠢ︾ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠳᠠᠯ ᠠᠬᠤᠢ ᠶᠢᠨ | ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ︽ᠠᠷᠭᠠᠯᠠᠬᠤ︾ ᠪᠠᠶᠢᠭᠰᠠᠨ ᠠᠴᠠ ᠨᠢ ︽ᠰᠢᠯᠢᠳᠡᠭ︾ | ᠪᠣᠯᠭᠠᠨ ᠬᠤᠪᠢᠷᠠᠭᠤᠯᠤᠭᠰᠠᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠢ ᠨᠠᠩ ᠴᠤ ︽ᠰᠠᠨᠠᠭᠠᠴᠢᠯᠠᠭᠠᠲᠤ ᠪᠤᠰᠤ | ᠬᠠᠮᠢᠶᠠᠷᠤᠯᠲᠠ︾ ᠪᠠᠶᠢᠭᠰᠠᠨ ᠠᠴᠠ ᠨᠢ ︽ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠰᠢᠨ᠎ᠡ ᠱᠠᠲᠤᠨ ᠳᠤ | ᠤᠷᠤᠭᠤᠯᠤᠭᠰᠠᠨ ᠪᠠᠶᠢᠨ᠎ᠠ ᠭᠡᠵᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |