ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠮᠢᠩ ᠵᠦ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ  ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/22
      ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠳᠡᠪᠬᠢ ᠬᠦᠴᠦᠨ ᠲᠠᠢ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20  ᠤ ᠡᠳᠦᠷ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠮᠢᠩ ᠵᠦ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠳᠤ ᠠᠯᠪᠠᠨ ᠵᠢᠷᠤᠮ ᠤᠨ ᠡᠮᠴᠢᠯᠡᠭᠡ᠂ ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠶᠢᠩᠽᠢ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ ᠬᠠᠷᠢᠶ᠎ᠠ ᠣᠷᠣᠨ ᠤ ᠪᠠᠨ ᠨᠠᠰᠤᠲᠠᠶᠢᠴᠤᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ᠂ ᠵᠢᠷᠦᠬᠡ ᠠᠭᠤᠰᠬᠢ ᠶᠢ ᠴᠢᠩᠨᠠᠨ ᠣᠨᠣᠰᠢᠯᠠᠬᠤ ᠶᠢ ᠪᠠᠭᠲᠠᠭᠠᠭᠰᠠᠨ ᠤᠯᠠᠨ ᠵᠦᠢᠯ ᠤᠨ ᠰᠠᠭᠤᠷᠢ ᠪᠠᠶᠢᠴᠠᠭᠠᠯᠲᠠ ᠶᠢ ᠬᠠᠩᠭᠠᠵᠠᠢ᠃ ᠠᠯᠪᠠᠨ ᠵᠢᠷᠤᠮ ᠤᠨ ᠡᠮᠴᠢᠯᠡᠭᠡ ᠨᠢ ᠪᠠᠰᠠ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠡᠮᠴᠢ ᠨᠠᠷ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠤᠨ ᠳᠤᠷᠠᠳᠤᠭᠰᠠᠨ ᠡᠯ᠎ᠡ ᠵᠦᠢᠯ ᠤᠨ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠨᠠᠰᠤᠲᠠᠨ ᠨᠢᠭᠡᠪᠦᠷᠢ ᠶᠢᠨ ᠪᠡᠶ᠎ᠡ ᠮᠠᠬᠠᠪᠤᠳ ᠤᠨ ᠪᠠᠶᠢᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠴᠦ ᠢᠳᠡᠪᠬᠢᠲᠡᠢ ᠬᠥᠳᠡᠯᠦᠯᠴᠡᠵᠦ᠂  ᠨᠠᠰᠤᠲᠠᠶᠢᠴᠤᠳ ᠤᠨ ᠱᠠᠭᠠᠷᠳᠠᠯᠭ᠎ᠠ ᠶᠢ ᠦᠨᠳᠦᠰᠦᠯᠡᠨ ᠦᠰᠦ ᠶᠢ ᠨᠢ ᠵᠠᠰᠠᠵᠦ ᠦᠭᠪᠡ᠃ ᠦᠰᠦ ᠵᠠᠰᠠᠬᠤ ᠶᠠᠪᠤᠴᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠠᠢ ᠳᠣᠲᠣᠨᠣᠰᠤᠭ ᠢᠶᠠᠷ ᠵᠣᠭᠤᠭᠳᠠᠵᠤ᠂ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠵᠤᠭᠤᠭᠳᠠᠵᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠪᠠᠶᠠᠷ ᠢᠶᠠᠷ ᠪᠠᠶᠢᠯᠬᠠᠮ᠎ᠠ ᠪᠠᠶᠢᠯ᠎ᠠ᠃      ᠠᠵᠢᠯᠯᠠᠭ᠎ᠠ ᠳᠤ ᠪᠠᠰᠠ ᠲᠣᠭᠲᠠᠬᠤ ᠰᠢᠶᠠᠨ ᠤ ᠠᠩᠬᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠯᠦ ᠰᠠᠨ ᠮᠠᠨ ᠨᠥᠬᠦᠷ ᠢ ᠤᠷᠢᠵᠦ ︽ᠶᠣᠰᠣ ᠰᠤᠷᠲᠠᠬᠤᠨ ᠤ ᠵᠢᠱᠢᠶᠡᠴᠢ︾ ᠵᠢᠴᠢ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ ᠬᠦᠷᠭᠡᠶ᠎ᠡ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠡᠢ᠃ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠯᠦ ᠰᠠᠨ ᠮᠠᠨ ᠪᠣᠷᠣᠭᠵᠢᠭᠤᠨ ᠦᠭᠡ ᠬᠡᠯᠡ ᠪᠠᠷ ᠥᠪᠡᠷ ᠤᠨ ᠪᠡᠶ᠎ᠡ ᠶᠢᠨ ᠥᠩᠭᠡᠷᠡᠯᠲᠡ ᠪᠣᠯᠣᠨ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠠᠨ ᠬᠤᠪᠢᠶᠠᠯᠴᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠥᠷᠭᠡᠨ ᠤᠯᠠᠨ ᠲᠦᠮᠡᠨ ᠢ ᠬᠥᠲᠥᠯᠥᠨ ᠳᠠᠭᠠᠭᠤᠯᠵᠤ ᠶᠣᠰᠣ ᠰᠤᠷᠲᠠᠬᠤᠨ ᠤ ᠵᠢᠱᠢᠶᠡᠴᠢ ᠪᠠᠷ ᠬᠡᠪ ᠳᠠᠭᠤᠷᠢᠶᠠᠯ ᠪᠣᠯᠭᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠡᠳᠦᠷ ᠳᠤᠳᠤᠮ ᠤᠨ ᠠᠮᠢᠳᠤᠷᠠᠯ ᠳᠤᠮᠳᠠ ᠪᠠᠨ ᠰᠠᠶᠢᠨ ᠰᠠᠶᠢᠬᠠᠨ ᠶᠣᠰᠣ ᠰᠤᠷᠲᠠᠬᠤᠨ ᠢ ᠦᠢᠯᠡᠳᠦᠯᠭᠡᠵᠢᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠭᠰᠠᠨ ᠪᠠᠶᠢᠨ᠎ᠠ᠃      ︽ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ᠂ ᠦᠰᠦ ᠵᠠᠰᠠᠬᠤ ᠦᠢᠯᠡᠴᠢᠯᠡᠭᠡ᠂ ᠶᠣᠰᠣ ᠮᠣᠷᠠᠯ ᠤᠨ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠯᠲᠠ ᠬᠢᠵᠦ ᠣᠯᠠᠨ ᠳᠤ ᠣᠶᠤᠨ ᠰᠠᠨᠠᠭᠠᠨ ᠤ ᠰᠢᠮ᠎ᠡ ᠲᠡᠵᠢᠭᠡᠯ ᠢ ᠬᠦᠷᠲᠡᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠶᠢᠩᠽᠢ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠤ ᠬᠡᠷᠡᠭᠴᠡᠭᠡ ᠶᠢᠨ ᠲᠣᠭᠤᠷᠢᠨ ᠳᠤ᠂ ᠤᠯᠠᠨ ᠲᠦᠮᠡᠨ ᠲᠠᠢ ᠣᠶᠢᠷᠠᠲᠤᠭᠰᠠᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠡᠩ ᠤᠯᠠᠨ ᠥᠷᠨᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠲᠦᠭᠦᠮ ᠨᠥᠬᠦᠴᠡᠯ ᠪᠣᠯᠣᠨ ᠵᠣᠯ ᠵᠢᠷᠭᠠᠯ ᠤᠨ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ︾ ᠭᠡᠵᠦ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠺᠠᠳ᠋ᠷ ᠯᠢ ᠴᠧᠨ ᠶᠠᠩ ᠬᠡᠯᠡᠪᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1