5 ᠳ᠋ᠤᠭᠠᠷ ᠰᠠᠷ᠎ᠠ ᠶᠢᠨ 21 ᠤ ᠡᠳᠦᠷ᠂ ᠲᠤᠭᠳᠠᠬᠤ ᠰᠢᠶᠠᠨ ᠤ ᠱᠦ ᠭᠤᠸᠠᠩ ᠬᠡᠦᠬᠡᠳ ᠤᠨ ᠴᠡᠴᠡᠷᠯᠢᠭ ᠤᠨ | ᠬᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠵᠢᠴᠢ ᠠᠰᠠᠷᠠᠨ | ᠬᠥᠮᠥᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠡᠷᠭᠢᠯᠡᠵᠦ᠂ ᠬᠠᠤᠯᠢ ᠶᠣᠰᠣᠭᠠᠷ | ᠬᠡᠦᠬᠡᠳ ᠤᠨ ᠴᠡᠴᠡᠷᠯᠢᠭ ᠡᠷᠭᠢᠯᠡᠬᠦ ᠪᠠ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠦᠢᠯᠡᠳᠦᠯᠭᠡ ᠶᠢ | ᠲᠦᠯᠬᠢᠨ ᠠᠬᠢᠭᠤᠯᠪᠠ᠃ | ᠠᠵᠢᠯᠯᠠᠭ᠎ᠠ ᠨᠢ ︽ᠪᠣᠳᠠᠰ ᠤᠨ ᠪᠤᠰᠤ ᠰᠣᠶᠣᠯ ᠤᠨ ᠥᠪ ᠤᠨ ᠥᠷᠯᠥᠭᠡ ᠶᠢᠨ ᠠᠶᠠᠯᠭᠤ︾ ᠪᠠᠷ | ᠠᠵᠢᠯᠯᠠᠭ᠎ᠠ ᠪᠠᠨ ᠠᠬᠢᠯᠠᠭᠦᠯᠵᠡᠢ᠂ ᠰᠢᠶᠠᠨ ᠤ ᠡᠯ᠎ᠡ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠨᠠᠷ | ᠴᠡᠴᠡᠷᠯᠢᠭ ᠤᠨ ᠰᠣᠶᠣᠯ ᠢ ᠲᠣᠭᠤᠷᠢᠨ ᠦᠵᠡᠵᠦ᠂ ᠴᠡᠴᠡᠷᠯᠢᠭ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ | ᠣᠨᠴᠠᠯᠢᠭ ᠢ ᠬᠦᠨᠵᠡᠭᠡᠢ ᠤᠶᠢᠯᠠᠭᠠᠵᠠᠢ᠃ ᠵᠢᠭᠠᠨ ᠰᠤᠷᠭᠠᠯᠲᠠ ᠶᠢᠨ ᠦᠵᠡᠭᠦᠯᠦᠯᠭᠡ ᠶᠢᠨ ᠳᠤᠮᠳᠠ᠂ ᠳᠤᠮᠳᠠ | ᠠᠩᠭᠢ ᠶᠢᠨ ︽ᠬᠤᠨᠢ ᠬᠠᠮᠢᠭ᠎ᠠ ᠪᠠᠶᠢᠬᠤ ᠪᠣᠶ︾᠂ ᠶᠡᠭᠡ ᠠᠩᠭᠢ ᠶᠢᠨ ︽ᠬᠤᠯᠤᠭᠠᠨ᠎ᠠ ᠠᠪᠤ ᠭᠡᠷ ᠲᠡᠭᠡᠨ ᠪᠠᠶᠢᠨ᠎ᠠ ᠦᠦ | ︖︾ ᠭᠡᠬᠦ ᠮᠡᠲᠦ ᠶᠢᠨ ᠦᠭᠡ ᠬᠡᠯᠡᠨ ᠤ ᠠᠵᠢᠯᠯᠠᠭ᠎ᠠ ᠨᠢ ᠠᠮᠢᠳᠤᠯᠢᠭ ᠪᠥᠭᠡᠳ ᠰᠣᠨᠢᠷᠬᠠᠯᠲᠠᠢ ᠪᠠᠶᠢᠵᠤ᠂ | ᠬᠡᠦᠬᠡᠳ ᠤᠨ ᠦᠭᠡ ᠬᠡᠯᠡᠨ ᠤ ᠢᠯᠡᠳᠬᠡᠬᠦ ᠪᠠ ᠤᠩᠰᠢᠬᠤ ᠤᠷᠮ᠎ᠠ ᠪᠠᠬ᠎ᠠ ᠶᠢ ᠨᠢ ᠬᠥᠭᠵᠢᠭᠡᠵᠡᠢ᠃ ᠣᠷᠣᠨ ᠪᠦᠰᠡ | ᠪᠣᠯᠣᠨ ᠭᠡᠷ ᠤᠨ ᠭᠠᠳᠠᠨᠠᠬᠢ ᠠᠵᠢᠯᠯᠠᠭ᠎ᠠ ᠶᠢᠨ ᠳᠤᠮᠳᠠ᠂ ᠡᠯ᠎ᠡ ᠠᠩᠭᠢ ᠶᠢᠨ ᠬᠢᠨ ᠬᠡᠦᠬᠡᠳ ᠤᠨ ᠨᠠᠰᠤᠨ ᠤ | ᠣᠨᠴᠠᠯᠢᠭ ᠢ ᠦᠨᠳᠦᠰᠦᠯᠡᠨ ᠦᠪᠡᠷᠮᠢᠴᠡ ᠣᠨᠴᠠᠯᠢᠭ ᠲᠠᠢ ᠲᠥᠷᠥᠯ ᠵᠦᠢᠯ ᠢ ᠥᠷᠨᠢᠭᠦᠯᠵᠦ᠂ ᠬᠡᠦᠬᠡᠳ ᠤᠨ | ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠳᠤᠮᠳᠠ ᠣᠯᠠᠨ ᠡᠰᠢᠲᠦ ᠴᠢᠳᠠᠪᠤᠷᠢ ᠶᠢ ᠬᠦᠭᠵᠢᠭᠦᠯᠪᠡ᠃ | ᠠᠵᠢᠯᠯᠠᠭ᠎ᠠ ᠨᠢ ᠦᠢᠯᠡᠳᠦᠯᠭᠡ ᠪᠣᠯᠣᠨ ᠵᠢᠭᠠᠨ ᠰᠤᠷᠭᠠᠯᠲᠠ ᠰᠤᠳᠤᠯᠭᠠᠨ ᠢ ᠤᠶᠠᠯᠳᠤᠭᠤᠯᠵᠤ᠂ ︽ | ᠬᠡᠦᠬᠡᠳ ᠢᠶᠠᠷ ᠦᠨᠳᠦᠰᠦ ᠪᠣᠯᠭᠠᠬᠤ︾ ᠣᠶᠢᠯᠠᠭᠠᠭᠳᠠᠬᠤᠨ ᠢ ᠢᠯᠡᠷᠡᠭᠦᠯᠵᠦ᠂ ᠠᠰᠠᠷᠠᠨ ᠬᠥᠮᠥᠵᠢᠭᠦᠯᠬᠦ ᠵᠢᠷᠤᠮᠵᠢᠯ ᠢ | ᠴᠢᠩᠭᠠᠷᠠᠭᠤᠯᠬᠤ ᠪᠠᠷ ᠪᠠᠷᠠᠬᠤ ᠦᠭᠡᠢ᠂ ᠨᠡᠩ ᠴᠤ ᠤᠯᠠᠮᠵᠢᠯᠠᠯᠲᠤ ᠰᠣᠶᠣᠯ ᠤᠨ ᠰᠢᠮᠡᠳᠦᠯ ᠪᠣᠯᠣᠨ ᠰᠢᠨᠵᠢᠯᠡᠬᠦ | ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠵᠤ᠂ ᠬᠡᠦᠬᠡᠳ ᠤᠨ ᠦᠰᠦᠨ | ᠪᠤᠶᠢᠵᠢᠯᠲᠠ ᠳᠤ ᠪᠠᠲᠤ ᠰᠠᠭᠤᠷᠢ ᠲᠠᠯᠪᠢᠵᠤ᠂ ᠣᠷᠣᠨ ᠪᠦᠰᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |