ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠥᠨᠳᠥᠷ ᠦᠨ᠎ᠡ ᠲᠠᠢ ᠪᠣᠭᠲᠣᠯᠠᠬᠤ ᠪᠡᠯᠡᠭ ᠢ ᠡᠰᠡᠷᠭᠦᠴᠡᠵᠦ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/23
      ᠤᠷᠤᠬ ᠪᠣᠯ ᠬᠠᠶᠢᠷ᠎ᠠ ᠳᠤᠷᠠᠯᠠᠯ ᠤᠨ ᠳᠡᠭᠡᠭᠰᠢᠯᠡᠯᠲᠡ᠂ ᠭᠡᠷ ᠪᠦᠯᠢ ᠶᠢᠨ ᠡᠬᠢᠯᠡᠯᠲᠡ᠂ ᠨᠡᠩ ᠴᠤ ᠨᠡᠶᠢᠭᠡᠮ ᠤᠨ ᠪᠣᠯᠪᠠᠰᠤᠨ ᠤ ᠬᠤᠷᠢᠶᠠᠩᠭᠤᠢ ᠳᠦᠷᠰᠦ ᠪᠣᠯᠣᠨ᠎ᠠ᠃ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20 ᠤ ᠡᠳᠦᠷ᠂ ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠤᠳᠠᠨ ᠲᠣᠪᠴᠢᠶ᠎ᠠ ᠲᠠᠢ ᠬᠠᠮᠲᠤᠷᠠᠨ ︽ᠥᠨᠳᠥᠷ ᠦᠨ᠎ᠡ ᠲᠠᠢ ᠪᠡᠯᠡᠭ ᠢ ᠡᠰᠡᠷᠭᠦᠴᠡᠨ ᠬᠤᠷᠢᠭᠯᠠᠵᠤ ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ︽ᠰᠣᠷᠭᠤᠭ ᠴᠡᠴᠡᠭ ᠢᠶᠠᠷ ᠢᠷᠦᠭᠡᠯ ᠳᠠᠮᠵᠢᠭᠤᠯᠬᠤ + ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠭ᠎ᠠ︾ ᠶᠢᠨ ᠬᠡᠯᠪᠡᠷᠢ ᠪᠠᠷ ᠳᠠᠮᠵᠢᠭᠤᠯᠤᠨ᠂ ᠰᠢᠨ᠎ᠡ ᠬᠥᠮᠥᠰ ᠲᠤ ᠵᠣᠯ ᠵᠢᠷᠭᠠᠯᠲᠤ ᠢᠷᠦᠭᠡᠯ ᠪᠠ ᠲᠥᠬᠦᠮ ᠠᠪᠰᠠᠷᠬᠠᠨ᠂ ᠪᠣᠯᠪᠠᠰᠤᠨ᠂ ᠪᠣᠬᠢᠷᠲᠤᠯ ᠦᠭᠡᠢ ᠬᠤᠷᠢᠮ ᠤᠨ ᠵᠠᠩᠰᠢᠯ ᠤᠨ ᠣᠶᠢᠯᠠᠭᠠᠭᠳᠠᠬᠤᠨ ᠢ ᠬᠦᠷᠭᠡᠨ ᠥᠭᠴᠦ᠂ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠳᠤ ᠬᠦᠴᠦᠨ ᠨᠡᠮᠡᠷᠢᠯᠡᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠣᠷᠤᠭ ᠤᠨ ᠪᠦᠷᠢᠳᠬᠡᠯ ᠬᠢᠯᠭᠡᠭᠰᠡᠨ ᠰᠢᠨ᠎ᠡ ᠬᠥᠮᠥᠨ ᠳᠤ ᠨᠠᠷᠢᠨ ᠨᠢᠮᠪᠠᠢ ᠵᠣᠬᠢᠶᠠᠭᠰᠠᠨ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠬᠠᠭᠤᠳᠠᠰᠤ ᠪᠠ ᠰᠣᠷᠭᠤᠭ ᠴᠡᠴᠡᠭ ᠲᠦᠭᠡᠭᠡᠨ ᠥᠭᠴᠦ᠂ ᠣᠯᠠᠨ ᠲᠦᠮᠡᠨ ᠳᠤ ︽ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠵᠦ᠂ ᠶᠣᠰᠣᠯᠠᠯ ᠢ ᠳᠥᠭᠦᠮᠴᠢᠯᠡᠨ᠎ᠡ︾ ᠵᠡᠷᠭᠡ ᠠᠭᠤᠯᠭ᠎ᠠ ᠶᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠷᠤᠭ ᠭᠡᠷ ᠪᠦᠯᠢ ᠶᠢᠨ ᠵᠥᠪ ᠦᠵᠡᠯᠲᠡ ᠶᠢ ᠪᠣᠶ ᠪᠣᠯᠭᠠᠵᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠪᠦᠷᠢᠯᠭᠡᠨ ᠰᠦᠢᠳᠬᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠭᠤᠯᠵᠤ᠂ ᠲᠥᠬᠦᠮ ᠪᠥᠭᠡᠳ ᠲᠣᠬᠢᠷᠠᠮᠵᠢᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠰᠢᠨ᠎ᠡ ᠮᠠᠶ᠋ᠢᠭ ᠤᠨ ᠬᠤᠷᠢᠮ ᠤᠨ ᠶᠣᠰᠣᠯᠠᠯ ᠢ  ᠰᠠᠨᠠᠭᠠᠴᠢᠯᠠᠬᠤ ᠶᠢ ᠰᠠᠨᠠᠭᠤᠯᠪᠠ᠃      ᠲᠣᠰ ᠤᠳᠠᠭᠠᠨ ᠤ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠴᠢᠬᠤᠯᠠ ᠴᠢᠨᠠᠷ ᠪᠠ ᠪᠣᠳᠠᠲᠠᠢ ᠠᠭᠤᠯᠭ᠎ᠠ ᠶᠢ ᠭᠦᠨᠵᠡᠭᠡᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠣᠯᠪᠠᠰᠤᠨ ᠬᠤᠷᠢᠮ ᠤᠨ ᠵᠠᠩ ᠳᠠᠳᠬᠠᠯ ᠤᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠤᠷᠤᠭ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠷᠤᠭ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠬᠠᠮᠲᠤᠪᠠᠷ ᠪᠤᠢ ᠪᠣᠯᠭᠠᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1