ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠭᠦᠢᠴᠡᠳ ᠦᠭᠡᠢ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠠᠰᠠᠭᠤᠳᠠᠯ ᠢ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2025/5/23
       ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠭᠦᠢᠴᠡᠳ ᠦᠭᠡᠢ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠡᠳᠦᠭᠡ ᠪᠥᠬᠦ ᠣᠷᠣᠨ ᠤ ᠡᠯ᠎ᠡ ᠭᠠᠵᠠᠷ ᠤᠨ ᠠᠳᠠᠯ ᠠᠬᠤᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠢᠯᠡᠴᠢᠯᠡᠨ ᠮᠡᠳᠡᠭᠦᠯᠬᠦ ᠤᠳᠠᠰᠤ ᠪᠣᠯᠣᠨ ᠵᠠᠭᠠᠯᠳᠤᠬᠤ ᠢᠮᠧᠯ ᠢ ᠨᠡᠶᠢᠭᠡᠮ ᠳᠤ ᠨᠢᠭᠡᠳᠦᠯᠲᠡᠢ ᠨᠡᠶᠢᠳᠡᠯᠡᠶ᠎ᠡ᠃      ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠤᠳᠠᠰᠤ ᠪᠠ ᠵᠠᠭᠠᠯᠳᠤᠬᠤ ᠢᠮᠧᠯ ᠤᠨ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠠᠰᠠᠭᠤᠳᠠᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠨ᠎ᠠ᠃ ᠵᠠᠭᠠᠯᠳᠤᠬᠤ ᠢᠯᠡᠴᠢᠯᠡᠨ ᠮᠡᠳᠡᠭᠦᠯᠬᠦ ᠳᠤ ᠳᠣᠣᠷᠠᠬᠢ ᠠᠭᠤᠯᠭ᠎ᠠ ᠨᠤᠭᠤᠳ ᠢ ᠬᠠᠩᠭᠠᠬᠤ ᠬᠡᠷᠡᠭᠲᠡᠢ᠄ ᠵᠠᠭᠠᠯᠳᠤᠭᠳᠤᠭᠴᠢ ᠶᠢᠨ ᠦᠨᠳᠦᠰᠦᠨ ᠮᠡᠳᠡᠭᠡ ᠵᠠᠩᠭᠢ ︵ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠵᠡᠷᠭᠡ︶᠂ ᠲᠤᠰᠬᠠᠬᠤ ᠠᠰᠠᠭᠤᠳᠠᠯ ᠵᠡᠷᠭᠡ ᠮᠡᠳᠡᠭᠡ ᠵᠠᠩᠭᠢ ᠶᠢ ᠬᠠᠩᠭᠠᠵᠤ᠂ ᠵᠠᠭᠠᠯᠳᠤᠭᠴᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠪᠤᠰᠤᠳᠴᠢ ᠦᠨᠡᠨ ᠪᠣᠳᠠᠲᠠᠢ ᠮᠠᠲ᠋ᠧᠷᠢᠶᠠᠯ ᠪᠠ ᠭᠡᠷᠡᠴᠢ ᠪᠠᠷᠢᠮᠲᠠ ᠶᠢ ᠬᠠᠩᠭᠠᠬᠤ ᠶᠢ ᠵᠣᠷᠢᠭᠵᠢᠭᠤᠯᠤᠨ᠎ᠠ᠃ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠵᠤ᠂ ᠡᠯ᠎ᠡ ᠨᠢᠭᠡᠴᠢ ᠶᠢᠨ ᠬᠢᠨ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠨ᠎ᠠ᠃      ᠤᠲᠠᠰᠤ ᠶᠢ ᠭᠥᠯᠢᠶᠡᠨ ᠠᠪᠬᠤ ᠡᠳᠦᠷ ᠬᠤᠭᠤᠴᠠᠭ᠎ᠠ᠄ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2026 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃      ᠤᠲᠠᠰᠤ ᠶᠢ ᠭᠥᠯᠢᠶᠡᠨ ᠠᠪᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ᠂ ᠭᠥᠯᠢᠶᠡᠨ ᠠᠪᠬᠤ ᠴᠠᠭ ᠢ ᠲᠤᠬᠠᠢ ᠶᠢᠨ ᠭᠠᠵᠠᠷ ᠤᠨ ᠪᠣᠳᠠᠲᠠᠢ ᠠᠵᠢᠯᠯᠠᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠬᠡᠭᠰᠡᠨ ᠨᠢ ᠭᠦᠢᠴᠡᠳ ᠦᠭᠡᠢ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠵᠠᠭᠠᠯᠳᠤᠬᠤ ᠢᠯᠡᠴᠢᠯᠡᠨ ᠮᠡᠳᠡᠭᠦᠯᠬᠦ ᠤᠳᠠᠰᠤ. xlsx         2025 ᠣᠨ ᠤ 5 ᠳ᠋ᠤᠭᠠᠷ ᠰᠠᠷ᠎ᠠ ᠶᠢᠨ 22 ᠤᠨ ᠡᠳᠦᠷᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1