ᠽᠢ ᠢ ᠨᠡᠶᠢᠭᠡᠮ ᠲᠣᠭᠤᠷᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠴᠢᠩᠱᠠᠨ ᠲᠣᠭᠤᠷᠢᠭ ᠲᠤ ᠪᠠᠶᠢᠷᠢᠯᠠᠵᠤ᠂ ᠬᠠᠷᠢᠶᠠᠳᠦ 5 ᠤᠷᠤᠨ ᠰᠠᠭᠤᠴᠠ ᠶᠢᠨ ᠲᠣᠭᠤᠷᠢᠭ ᠲᠠᠢ᠃ | ᠡᠭᠦᠨ ᠳᠤ᠂ ᠴᠢᠯᠦᠭᠡᠲᠦ ᠵᠠᠮ 2 ᠳ᠋ᠤᠭᠠᠷ ᠨᠣᠮᠧᠷᠲᠤ ᠨᠡᠶᠢᠭᠡᠮ ᠲᠤᠭᠤᠷᠢᠭ ᠢ 1956 ᠣᠨ ᠳᠤ ᠪᠠᠶᠢᠭᠤᠯᠵᠤ᠂ | ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠣᠨ ᠵᠢᠯ ᠢᠶᠠᠷ ᠬᠠᠮᠤᠭ ᠡᠷᠲᠡ᠂ ᠣᠳᠣᠬᠠᠨ ᠳᠤ | ᠬᠠᠳᠠᠭᠠᠯᠠᠭᠳᠠᠵᠤ ᠪᠠᠶᠢᠭ᠎ᠠ ᠲᠡᠦᠬᠡ ᠰᠣᠶᠣᠯ ᠤᠨ ᠳᠦᠷᠰᠦ ᠪᠠᠶᠢᠳᠠᠯ ᠢᠶᠠᠷ ᠨᠡᠯᠢᠶᠡᠳ ᠪᠦᠷᠢᠨ ᠪᠦᠲᠦᠨ ᠬᠠᠭᠤᠴᠢᠨ | ᠤᠷᠤᠨ ᠰᠠᠭᠤᠴᠠ ᠶᠢᠨ ᠲᠣᠭᠤᠷᠢᠭ ᠪᠣᠯᠣᠨ᠎ᠠ᠂ 60 ᠨᠠᠰᠤᠨ ᠠᠴᠠ ᠳᠡᠭᠡᠭᠰᠢᠬᠢ ᠰᠠᠭᠤᠭᠠᠯᠢ ᠡᠷᠦᠬᠡ 43% ᠶᠢ | ᠡᠵᠡᠯᠡᠵᠦ᠂ 80 ᠨᠠᠰᠤᠨ ᠠᠴᠠ ᠳᠡᠭᠡᠭᠰᠢᠬᠢ ᠨᠢ 19% ᠣᠷᠴᠢᠮ ᠬᠦᠷᠴᠦ᠂ ᠵᠠᠯᠠᠭᠤᠴᠤᠳ ᠤᠨ ᠡᠵᠡᠯᠡᠬᠦ ᠬᠡᠮᠵᠢᠶ᠎ᠡ | ᠨᠡᠯᠢᠶᠡᠳ ᠪᠠᠭ᠎ᠠ ᠪᠠᠶᠢᠵᠤ᠂ ︽ᠬᠤᠶᠠᠷ ᠨᠠᠰᠤᠲᠠᠨ ᠤ ᠠᠰᠠᠭᠤᠳᠠᠯ︾ ᠡᠳᠦᠷ ᠢᠷᠡᠬᠦᠶ᠎ᠡ ᠬᠦᠨᠳᠦ ᠨᠣᠴᠢᠲᠠᠢ ᠪᠣᠯᠵᠤ | ᠪᠠᠶᠢᠨ᠎ᠠ᠃ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ᠂ ᠪᠠᠶᠠᠷ ᠴᠡᠩᠭᠡᠯ ᠲᠠᠢ | ᠠᠮᠢᠳᠤᠷᠠᠭᠤᠯᠬᠤ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠤᠭ ᠤᠨ ᠲᠤᠯᠭᠠᠮ᠎ᠠ ᠬᠦᠰᠡᠯ ᠡᠷᠡᠮᠡᠯᠵᠡᠯ | ᠪᠤᠯᠵᠠᠢ᠃ | ︽ᠽᠢ ᠢ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠨᠡᠶᠢᠭᠡᠮ ᠲᠣᠭᠤᠷᠢᠭ ᠤᠨ ᠡᠷᠡᠭᠦᠯᠵᠢᠯ | ᠰᠤᠪᠢᠯᠠᠯᠲᠠ ᠤᠬᠢᠶᠠᠯᠭ᠎ᠠ ᠶᠢᠨ ᠦᠢᠯᠡᠴᠢᠯᠡᠭᠡᠨ ᠤ ᠲᠥᠪ᠂ ᠬᠡᠳᠦ ᠳᠡᠯᠭᠡᠭᠦᠷ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠣᠬᠢᠷᠠᠭᠤᠯᠵᠠᠢ︾ ᠭᠡᠵᠦ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢᠯᠡᠳᠬᠡᠪᠡ᠃ | ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠤᠨ ᠬᠢᠨ ᠤᠤᠯ ᠤᠨ ᠪᠠᠶᠢᠭᠰᠠᠨ ᠰᠠᠭᠤᠷᠢ | ᠲᠥᠬᠦᠭᠡᠷᠦᠮᠵᠢ ᠪᠠᠨ ᠨᠢᠭᠡᠳᠦᠯᠲᠡᠢ ᠲᠥᠯᠥᠪᠯᠡᠵᠦ᠂ ᠡᠪᠳᠡᠷᠬᠡᠢ ᠬᠠᠭᠤᠴᠢᠨ ᠭᠡᠷ ᠪᠠᠶᠢᠰᠢᠩ ᠢ ᠨᠤᠷᠠᠭᠠᠵᠤ ᠭᠠᠷᠭᠠᠭᠰᠠᠨ | ᠬᠤᠭᠤᠰᠤᠨ ᠭᠠᠵᠠᠷ ᠲᠤ 2500 ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠥᠪ᠂ ᠨᠠᠮ ᠣᠯᠠᠨ | ᠲᠦᠮᠡᠨ ᠤ ᠦᠢᠯᠡᠴᠢᠯᠡᠭᠡᠨ ᠤ ᠥᠷᠲᠡᠭᠡ᠂ ᠡᠷᠡᠭᠦᠯ ᠮᠡᠨᠳᠦ ᠶᠢᠨ ᠪᠡᠶ᠎ᠡ ᠤᠬᠢᠶᠠᠬᠤ ᠲᠥᠪ ᠵᠡᠷᠭᠡ ᠳᠥᠷᠪᠡᠨ ᠲᠠᠯ᠎ᠠ ᠶᠢᠨ | ᠶᠡᠷᠦᠩᠬᠡᠶᠢᠯᠡᠭᠰᠡᠨ ᠴᠣᠭᠴᠠ ᠶᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ | ᠲᠡᠰ ᠲᠡᠪᠰᠢᠭᠦᠯᠪᠡ᠃ | ︽ᠴᠡᠩᠭᠡᠯᠳᠦ ᠣᠷᠣᠨ ᠰᠠᠭᠤᠴᠠ︾ ᠨᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ | ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠬᠤᠳᠠᠯᠳᠤᠨ ᠠᠪᠬᠤ ᠳᠤ ᠲᠤᠰᠠᠯᠠᠬᠤ᠂ | ᠬᠤᠭᠤᠯᠠ ᠢᠳᠡᠬᠦ᠂ ᠰᠦᠢᠳᠬᠡᠯ ᠲᠤᠰᠢᠶᠠᠬᠤ᠂ ᠴᠡᠪᠡᠷᠯᠡᠬᠦ ᠳᠤ ᠲᠤᠰᠠᠯᠠᠬᠤ ᠵᠡᠷᠭᠡ ᠣᠯᠠᠨ ᠵᠦᠢᠯ ᠤᠨ ᠦᠢᠯᠡᠴᠢᠯᠡᠭᠡ | ᠬᠠᠩᠭᠠᠨ᠎ᠠ︔ ︽ᠪᠠᠶᠠᠰᠬᠤᠯᠠᠩᠳᠦ ᠠᠰᠠᠷᠠᠮᠵᠢ︾ ᠨᠢ ᠶᠢᠰᠦᠨ ᠶᠡᠭᠡ ᠭᠡᠷ ᠪᠦᠯᠢ ᠶᠢᠨ ᠨᠠᠰᠤᠲᠠᠶᠢᠴᠤᠳ ᠢ ᠠᠰᠠᠷᠠᠬᠤ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠠᠰᠤᠲᠠᠶᠢᠴᠤᠳ ᠲᠤ ᠨᠠᠷᠢᠯᠢᠭᠵᠢᠭᠤᠯᠤᠭᠰᠠᠨ ᠦᠢᠯᠡᠴᠢᠯᠡᠭᠡ | ᠬᠠᠩᠭᠠᠨ᠎ᠠ︔ ︽ᠪᠠᠶᠠᠰᠬᠤᠯᠠᠩᠳᠦ ᠰᠤᠪᠢᠯᠠᠯᠳᠠ︾ ᠨᠢ ᠡᠷᠡᠭᠦᠯ ᠮᠡᠨᠳᠦ ᠶᠢᠨ ᠪᠡᠶ᠎ᠡ ᠤᠬᠢᠶᠠᠬᠤ ᠲᠥᠪ ᠢ ᠪᠠᠶᠢᠭᠤᠯᠵᠤ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠡᠮᠴᠢᠯᠡᠭᠡ ᠡᠷᠡᠭᠦᠯᠵᠢᠯ᠂ ᠬᠡᠦᠬᠡᠳ ᠤᠨ ᠡᠷᠡᠭᠦᠯᠵᠢᠯ ᠵᠡᠷᠭᠡ ᠦᠢᠯᠡᠴᠢᠯᠡᠭᠡ ᠶᠢ | ᠬᠠᠩᠭᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠲᠤᠰᠬᠠᠶᠢᠵᠢᠭᠰᠠᠨ ᠣᠨᠴᠠᠯᠢᠭᠲᠤ ᠪᠡᠶ᠎ᠡ | ᠤᠬᠢᠶᠠᠬᠤ ᠦᠢᠯᠡᠴᠢᠯᠡᠭᠡ ᠶᠢ ᠬᠠᠩᠭᠠᠨ᠎ᠠ︔ ︽ᠨᠠᠶᠢᠷᠰᠠᠭ ᠬᠦᠷᠰᠢ︾ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠥᠷᠲᠡᠭᠡ ᠪᠣᠯ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ᠂ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠴᠡᠷᠢᠭ ᠤᠨ ᠮᠡᠷᠭᠡᠵᠢᠯ ᠤᠨ ᠦᠵᠡᠭᠦᠯᠦᠯᠭᠡ ᠶᠢᠨ ᠲᠢᠩᠬᠢᠮ᠂ ᠠᠬᠠᠮᠠᠳ ᠴᠡᠷᠢᠭ ᠤᠨ | ᠬᠢᠴᠢᠶᠡᠯ ᠤᠨ ᠲᠠᠩᠬᠢᠮ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠣᠭᠴᠠ ᠪᠣᠯᠣᠨ᠎ᠠ᠃ | ᠡᠵᠡᠩᠨᠡᠯᠲᠡ ᠶᠢᠨ ᠲᠠᠯ᠎ᠠ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠣᠯᠠᠨ ᠡᠰᠢᠲᠦ᠂ | ᠬᠠᠮᠤᠷᠬᠤ ᠬᠡᠪᠴᠢᠶ᠎ᠡ ᠪᠠᠷ ᠥᠷᠭᠡᠨ ᠵᠡᠷᠭᠡ ᠳᠠᠪᠠᠭᠤᠯᠢᠭ ᠢ ᠠᠰᠢᠭᠯᠠᠨ᠂ ᠨᠡᠶᠢᠭᠡᠮ ᠲᠣᠭᠤᠷᠢᠭ ᠠᠴᠠ ᠨᠠᠰᠤᠵᠢᠯ ᠤᠨ | ᠠᠰᠠᠷᠠᠮᠵᠢ᠂ ᠬᠤᠳᠠᠯᠳᠤᠭᠠᠨ ᠤ ᠬᠡᠲᠦ ᠳᠡᠯᠭᠡᠭᠦᠷ᠂ ᠠᠳᠠᠯ ᠠᠬᠤᠢ ᠶᠢᠨ ᠦᠢᠯᠡᠴᠢᠯᠡᠭᠡ᠂ ᠡᠮᠴᠢᠯᠡᠭᠡ ᠵᠡᠷᠭᠡ ᠴᠢᠨᠠᠷ | ᠰᠠᠶᠢᠲᠠᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠨᠢᠭᠡ ᠨᠠᠰᠤᠲᠠᠨ ᠨᠢᠭᠡ ᠨᠢᠯᠬᠠᠰ︾ ᠪᠠᠷ ᠭᠤᠣᠯ ᠴᠣᠭᠴᠠ | ᠪᠣᠯᠭᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠠᠭᠠᠴᠤᠳ ᠬᠡᠦᠬᠡᠳ ᠢ ᠨᠠᠶᠢᠳᠠᠨ ᠬᠠᠮᠢᠶᠠᠷᠤᠭᠤᠯᠬᠤ᠂ | ᠡᠷᠡᠭᠦᠯ ᠮᠡᠨᠳᠦ ᠶᠢᠨ ᠹᠢᠽᠢᠺ ᠵᠠᠰᠠᠯ᠂ ᠬᠤᠪᠴᠠᠰᠤ ᠬᠤᠨᠠᠷ ᠤᠨ ᠤᠬᠢᠶᠠᠯᠭ᠎ᠠ ᠵᠡᠷᠭᠡ 20 ᠭᠠᠷᠤᠢ ᠵᠦᠢᠯ ᠤᠨ | ᠦᠢᠯᠡᠴᠢᠯᠡᠭᠡ ᠬᠠᠩᠭᠠᠨ᠎ᠠ᠃ ︽2023 ᠣᠨ ᠤ 4 ᠳ᠋ᠤᠭᠡᠷ ᠰᠠᠷ᠎ᠠ ᠳᠤ᠂ ᠨᠡᠶᠢᠭᠡᠮ ᠲᠣᠭᠤᠷᠢᠭ ᠤᠨ ᠬᠢᠨ | ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠪᠠᠭᠠᠴᠤᠳ | ᠬᠡᠦᠬᠡᠳ ᠢ ᠨᠠᠶᠢᠳᠠᠨ ᠬᠠᠮᠢᠶᠠᠷᠤᠭᠤᠯᠬᠤ ᠠᠩᠭᠢ ᠪᠠᠶᠢᠭᠤᠯᠤᠨ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠭᠠᠷᠭᠠᠵᠤ | ᠂ ᠨᠠᠶᠢᠳᠠᠨ ᠬᠠᠮᠢᠶᠠᠷᠤᠭᠤᠯᠤᠭᠰᠠᠨ ᠬᠥᠮᠥᠨ ᠤ ᠲᠤᠭ᠎ᠠ 150 ᠭᠠᠷᠤᠢ ᠪᠣᠯᠵᠤ᠂ ᠭᠡᠷ ᠤᠨ ᠠᠬᠠᠮᠠᠳ ᠤᠨ ᠵᠣᠪᠠᠨᠢᠯ ᠢ | ᠠᠷᠢᠯᠭᠠᠪᠠ︾ ᠭᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠵᠠᠢ᠃ | ᠰᠠᠭᠤᠭᠠᠯᠢ ᠠᠷᠠᠳ ᠢ ᠰᠠᠭᠤᠭᠠᠯᠢ ᠠᠷᠠᠳ ᠤᠨ ᠲᠣᠭᠤᠷᠢᠭ ᠤᠨ ᠲᠤᠳᠤᠷ᠎ᠠ ᠳᠥᠭᠦᠮ ᠳᠥᠲᠡ ᠴᠢᠨᠠᠷ | ᠰᠠᠶᠢᠲᠠᠢ ᠦᠢᠯᠡᠴᠢᠯᠡᠭᠡ ᠶᠢ ᠡᠳ᠋ᠯᠡᠭᠦᠯᠬᠦ ᠶᠢᠨ ᠲᠥᠯᠥᠭᠡ᠂ ᠽᠢ ᠢ ᠨᠡᠶᠢᠭᠡᠮ ᠲᠣᠭᠤᠷᠢᠭ 30 ᠰᠠᠭᠤᠳᠠᠯ᠂ 20 | ᠬᠤᠪᠴᠠᠰᠤ ᠬᠠᠳᠡᠭᠠᠬᠤ ᠵᠢᠶᠠᠰᠠ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ | 40᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ 48 ᠰᠢᠨ᠎ᠡ ᠪᠠᠷ ᠨᠡᠮᠡᠵᠦ᠂ | ︽ᠭᠡᠷ ᠪᠦᠯᠢ᠂ ᠨᠡᠶᠢᠭᠡᠮ ᠲᠣᠭᠤᠷᠢᠭ︾ ᠬᠠᠷᠢᠯᠴᠠᠨᠨᠥ᠋ᠬᠦᠪᠦᠷᠢᠯᠡᠬᠦ᠂ ︽ᠰᠦᠯᠵᠢᠶᠡᠨ ᠳᠡᠭᠡᠷ᠎ᠡ᠂ ᠰᠦᠯᠵᠢᠶᠡᠨ ᠠᠴᠠ | ᠭᠠᠳᠠᠨᠠᠬᠢ︾ ᠶᠢ ᠵᠣᠯᠭᠠᠭᠤᠯᠤᠭᠰᠠᠨ᠂ ᠬᠠᠮᠢᠶ᠎ᠠ ᠪᠦᠬᠦᠢ ᠠᠵᠤ ᠦᠢᠯᠡᠰ ᠢ ᠠᠭᠤᠰᠤᠯᠴᠠᠭᠤᠯᠤᠭᠰᠠᠨ ︽ᠤᠯᠠᠨ ᠢ | ᠳᠠᠭᠠᠭᠤᠯᠤᠨ ᠬᠠᠮᠲᠤᠷᠠᠨ ᠬᠥᠳᠡᠯᠦᠯᠴᠡᠬᠦ︾ ᠦᠢᠯᠡᠴᠢᠯᠡᠭᠡᠨ ᠤ ᠵᠠᠭᠪᠤᠷ ᠢ ᠪᠦᠬᠦ ᠬᠦᠴᠦᠨ ᠢᠶᠠᠷ ᠢᠶᠠᠨ ᠴᠤᠭᠴᠠᠯᠠᠪᠠ᠃ | | ᠡᠭᠦᠨ ᠠᠴᠠ ᠭᠠᠳᠠᠨ᠎ᠠ᠂ ᠰᠠᠭᠤᠭᠠᠯᠢ ᠠᠷᠠᠳ ᠤᠨ ᠠᠵᠢᠯᠯᠠᠭᠠᠨ ᠤ ᠭᠠᠵᠠᠷ ᠢ ᠨᠡᠩ ᠰᠠᠶᠢᠨ ᠥᠷᠭᠡᠳᠬᠡᠬᠦ ᠶᠢᠨ | ᠲᠥᠯᠥᠭᠡ᠂ ᠽᠢ ᠢ ᠨᠡᠶᠢᠭᠡᠮ ᠲᠣᠭᠤᠷᠢᠭ ᠠᠴᠠ ᠰᠢᠲᠠᠷ᠎ᠠ ᠶᠢᠨ ᠲᠠᠰᠤᠭ᠂ ᠪᠥᠵᠢᠭ ᠤᠨ ᠲᠠᠰᠤᠭ᠂ ᠤᠷᠠᠨ ᠪᠢᠴᠢᠯᠭᠡ | ᠤᠷᠠᠨ ᠵᠢᠷᠤᠭ ᠤᠨ ᠲᠠᠰᠤᠭ᠂ ᠫᠢᠩᠫᠠᠩ ᠪᠥᠮᠪᠦᠭᠡ ᠶᠢᠨ ᠲᠠᠰᠤᠭ᠂ ᠴᠢᠴᠢᠭᠦᠷ ᠪᠥᠮᠪᠦᠭᠡ ᠶᠢᠨ ᠲᠠᠰᠤᠭ᠂ ᠲᠣᠣᠷ | ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠥᠲᠥᠨ ᠪᠥᠮᠪᠦᠭᠡ ᠶᠢᠨ ᠲᠠᠯᠠᠪᠤᠷ᠂ ᠬᠡᠦᠬᠡᠳ ᠤᠨ | ᠨᠠᠭᠠᠳᠤᠮ ᠤᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠶᠢ ᠭᠠᠷᠭᠠᠭᠰᠠᠨ ᠪᠠᠶᠢᠨ᠎ᠠ᠃ ᠤᠯᠠᠮᠵᠢᠯᠠᠯᠲᠤ | ᠪᠠᠶᠠᠷ ᠤᠨ ᠡᠳᠦᠷ ᠤᠨ ᠠᠵᠠ ᠲᠣᠬᠢᠶᠠᠯ ᠢ ᠠᠰᠢᠭᠯᠠᠨ᠂ ᠴᠠᠭᠠᠨ ᠰᠠᠷ᠎ᠠ ᠶᠢᠨ ᠲᠣᠬᠤᠨᠢᠭᠤᠯᠤᠯ᠂ ᠦᠨᠳᠦᠰᠦᠲᠡᠨ ᠤ | ᠪᠦᠯᠬᠦᠮᠳᠡᠯ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠭᠡᠯᠡᠬᠦ᠂ ᠽᠦᠩᠽᠢ ᠶᠢᠨ ᠬᠠᠶᠢᠷ᠎ᠠ ᠰᠡᠳᠬᠢᠯᠭᠡ | ᠭᠡᠷ ᠪᠦᠯᠢ ᠶᠢᠨ ᠬᠢᠨ ᠢ ᠳᠣᠲᠣᠨᠣᠴᠢᠯᠠᠬᠤ᠂ ᠡᠪᠦᠯ ᠤᠨ ᠲᠤᠶᠢᠯ ᠬᠥᠷᠰᠢ ᠵᠡᠷᠭᠡᠯᠡᠳᠡᠭᠡ ᠶᠢᠨ ᠪᠠᠩᠰᠢ ᠶᠢᠨ ᠳᠠᠶᠢᠯᠠᠯᠭ᠎ᠠ᠂ | ᠫᠢᠩᠫᠠᠩ ᠪᠥᠮᠪᠦᠭᠡ ᠶᠢᠨ ᠤᠷᠤᠯᠳᠤᠭᠠᠨ᠂ ᠴᠠᠭᠠᠨ ᠰᠠᠷ᠎ᠠ ᠶᠢ ᠤᠭᠲᠤᠬᠤ ᠤᠷᠠᠨ ᠪᠢᠴᠢᠯᠭᠡ ᠤᠷᠠᠨ ᠵᠢᠷᠤᠭ ᠤᠨ | ᠨᠠᠶᠢᠷ ᠵᠡᠷᠭᠡ ᠠᠵᠢᠯᠯᠠᠭ᠎ᠠ ᠶᠢ 30 ᠭᠠᠷᠤᠢ ᠲᠠᠯᠠᠪᠠᠢ ᠥᠷᠨᠢᠭᠦᠯᠵᠦ᠂ ᠰᠠᠭᠤᠭᠠᠯᠢ ᠠᠷᠠᠳ ᠲᠤ ᠤᠯᠠᠨ | ᠵᠦᠢᠯ ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ ᠤᠨ ᠨᠠᠶᠢᠷ ᠢ ᠬᠦᠷᠳᠡᠭᠡᠵᠦ᠂ ᠡᠶ᠎ᠡ ᠵᠣᠬᠢᠴᠠᠩᠭᠤᠢ ᠢᠳᠡᠪᠬᠢᠲᠡᠢ | ᠡᠷᠡᠭᠦᠯ ᠰᠠᠷᠠᠭᠤᠯ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠪᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |