ᠬᠤᠳᠠ ᠶᠢᠨ ᠰᠢᠨᠡᠴᠢᠯᠡᠯᠲᠡ ᠶᠢᠨ ᠨᠢᠭᠡ ᠲᠠᠯ᠎ᠠ ᠨᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠲᠠᠢ | ᠬᠤᠯᠪᠣᠭᠳᠠᠵᠤ᠂ ᠨᠦᠬᠦᠭᠡ ᠲᠠᠯ᠎ᠠ ᠨᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠵᠤ | ᠂ ᠬᠤᠳᠠ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠣᠶᠢᠷ᠎ᠠ ᠳᠤ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ | ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠤᠲᠠ ᠶᠢᠨ | ᠰᠢᠨᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠲᠤᠯᠭᠠᠭᠤᠷᠢᠯᠠᠯ ᠪᠠᠲᠤᠯᠠᠭ᠎ᠠ ᠪᠠ ᠵᠣᠬᠢᠶᠠᠨ | ᠪᠠᠶᠢᠭᠤᠯᠵᠤ ᠬᠡᠷᠡᠭᠵᠢᠭᠦᠯᠬᠦ ᠵᠡᠷᠭᠡ ᠶᠢ ᠲᠣᠳᠣᠷᠬᠠᠢ ᠲᠣᠭᠲᠠᠭᠠᠪᠠ᠂ ᠡᠨᠡ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠲᠠ ᠶᠢᠨ ᠰᠢᠨᠡᠴᠢᠯᠡᠯᠲᠡ ᠶᠢᠨ ᠠᠵᠢᠯ ᠳᠤ ᠬᠢᠭᠰᠡᠨ ᠪᠥᠬᠦ ᠲᠠᠯ᠎ᠠ ᠶᠢᠨ | ᠪᠠᠶᠢᠷᠢᠯᠠᠭᠤᠯᠤᠯᠲᠠ ᠮᠥᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠵᠢᠯᠣᠭᠤᠳᠤᠨ ᠬᠡᠷᠡᠭᠵᠢᠭᠦᠯᠬᠦ | ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃ | ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠤᠳᠠ ᠶᠢᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠤᠲᠠ ᠶᠢᠨ ᠰᠢᠨᠡᠴᠢᠯᠡᠯᠲᠡ ᠨᠢ ᠬᠠᠲᠠᠭᠤ ᠬᠡᠷᠡᠭᠰᠡᠯ ᠤᠨ | ᠲᠥᠬᠦᠭᠡᠷᠦᠮᠵᠢ ᠶᠢᠨ ᠳᠡᠭᠡᠭᠰᠢᠯᠡᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠠᠮᠤᠷ ᠲᠦᠪᠰᠢᠨ ᠤ ᠤᠶᠠᠨ ᠬᠠᠲᠠᠨ | ᠴᠢᠨᠠᠷ ᠤᠨ ᠭᠧᠨ ᠤ ᠳᠠᠬᠢᠨ ᠴᠣᠭᠴᠠᠯᠠᠯᠲᠠ ᠪᠣᠯᠬᠤ ᠶᠤᠮ᠃ ︽ᠰᠠᠨᠠᠯ︾ ᠳᠤ ︽ᠨᠢᠭᠡᠳᠦᠯᠲᠡᠢ ᠲᠥᠯᠥᠪᠯᠡᠨ | ᠬᠥᠭᠵᠢᠭᠦᠯᠬᠦ ᠪᠠ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ︾ ᠭᠡᠵᠦ ᠲᠣᠳᠣᠷᠬᠠᠢ ᠳᠤᠷᠠᠳᠤᠨ | ᠭᠠᠷᠭᠠᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ | ᠬᠠᠭᠤᠴᠢᠷᠠᠭᠰᠠᠨ ᠬᠤᠭᠤᠯᠠᠢ ᠲᠤᠤᠷ ᠤᠨ ᠥᠭᠡᠷᠡᠴᠢᠯᠡᠯᠲᠡ ᠶᠢ ᠲᠦᠷᠭᠡᠳᠬᠡᠨ᠂ ᠦᠶᠡᠷ ᠢ ᠰᠡᠷᠭᠡᠶᠢᠯᠡᠵᠦ ᠤᠰᠤᠲᠤᠯ ᠢ | ᠭᠠᠳᠠᠭᠰᠢᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ | ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠵᠡᠷᠭᠡᠴᠡᠭᠡᠪᠡᠷ᠂ ᠨᠢᠭᠡᠨᠲᠡ ᠪᠠᠶᠢᠭ᠎ᠠ | ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠠᠵᠢᠯ ᠢ ᠴᠢᠩᠭᠠᠳᠬᠠᠵᠤ᠂ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠯᠡᠬᠦ | ᠪᠠ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠠᠵᠢᠯ ᠢ ᠲᠦᠷᠦᠯ ᠪᠦᠯᠦᠭ ᠬᠤᠪᠢᠶᠠᠨ ᠲᠦᠯᠬᠢᠨ | ᠠᠬᠢᠭᠤᠯᠵᠤ᠂ ᠤᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠡᠭᠦᠨ ᠠᠴᠠ ᠭᠠᠳᠠᠨ᠎ᠠ᠂ ︽ᠰᠠᠨᠠᠯ︾ ᠳᠤ᠂ ᠬᠤᠲᠠ ᠶᠢᠨ ᠤᠶᠠᠨ ᠬᠠᠲᠠᠨ ᠴᠢᠨᠠᠷ ᠢ ᠴᠢᠩᠭᠠᠳᠬᠠᠵᠤ᠂ ︽ᠡᠩ ᠤᠨ | ᠪᠠ ᠪᠠᠴᠢᠮ ᠪᠠᠶᠢᠳᠠᠯ ᠳᠤ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠲᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠤᠨ ᠬᠢᠨ ᠬᠤᠳᠠ ᠶᠢᠨ ᠰᠢᠨᠡᠴᠢᠯᠡᠯᠲᠡ ᠶᠢ | ᠠᠬᠢᠭᠤᠯᠬᠤ ᠳᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ ︽ᠨᠢᠭᠤᠷ ᠲᠠᠯ᠎ᠠ ᠶᠢᠨ | ᠢᠨᠵᠧᠨᠧᠷᠢᠩ︾ ᠢ ᠲᠡᠪᠴᠢᠵᠦ᠂ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠵᠤ᠂ ᠬᠤᠳᠠ ᠶᠢᠨ | ᠦᠷᠭᠦᠯᠵᠢᠯᠡᠬᠦ ᠬᠥᠭᠵᠢᠯᠲᠡ ᠳᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠥᠭᠬᠦ ᠬᠡᠷᠡᠭᠲᠡᠢ᠃ | ᠣᠷᠣᠨ ᠨᠤᠲᠤᠭ ᠤᠨ ᠥᠷᠢ ᠥᠭᠴᠡᠭᠡ ᠶᠢᠨ ᠬᠤᠷᠢᠭ᠎ᠠ ᠱᠤᠭᠤᠮ ᠢ ᠴᠢᠩᠭ᠎ᠠ ᠡᠵᠡᠮᠳᠡᠵᠦ᠂ | ᠰᠢᠨᠡᠴᠢᠯᠡᠯᠳᠡ ᠶᠢᠨ ᠠᠵᠢᠯᠯᠠᠭ᠎ᠠ ᠶᠢᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠬᠤᠳᠠ ᠶᠢᠨ ᠰᠢᠨᠡᠴᠢᠯᠡᠯᠳᠡ ᠳᠤ | ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠬᠤ ᠴᠢᠬᠤᠯᠠ ᠲᠠᠢ ᠪᠣᠯᠪᠠᠴᠤ ᠡᠷᠬᠡᠪᠰᠢ ︽ᠴᠢᠳᠠᠯ ᠤᠨ ᠢᠶᠠᠨ ᠬᠢᠷᠢ ᠪᠠᠷ | ᠬᠢᠬᠦ︾ ᠵᠠᠷᠴᠢᠮ ᠢ ᠪᠠᠷᠢᠮᠲᠠᠯᠠᠬᠤ ᠬᠡᠷᠡᠭᠲᠡᠢ᠃ ︽ᠰᠠᠨᠠᠯ︾ ᠳᠤ᠂ ᠥᠷᠢ ᠥᠭᠴᠡᠭᠡ ᠶᠢᠨ ᠲᠦᠭᠰᠢᠭᠦᠷᠢ ᠶᠢ | ᠡᠵᠡᠮᠳᠡᠵᠦ ᠪᠣᠯᠬᠤ ᠤᠷᠢᠲᠠᠯ ᠳᠣᠣᠷ᠎ᠠ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠪᠠᠷ ᠳᠠᠮᠵᠢᠭᠤᠯᠤᠨ | ᠬᠤᠲᠠ ᠶᠢᠨ ᠰᠢᠨᠡᠴᠢᠯᠡᠯᠲᠡ ᠶᠢ ᠳᠡᠮᠵᠢᠵᠦ᠂ ᠬᠠᠤᠯᠢ ᠲᠣᠭᠲᠠᠭᠠᠯ ᠢ ᠵᠥᠷᠢᠴᠡᠨ ᠵᠢᠭᠡᠯᠡᠯᠭᠡ ᠠᠪᠴᠤ ᠪᠡᠯᠡ | ᠲᠣᠬᠢᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠣᠯᠠᠨ ᠡᠰᠢᠲᠦ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠬᠡᠷᠡᠭᠯᠡᠬᠦ ᠶᠢ ᠵᠣᠷᠢᠭᠵᠢᠭᠤᠯᠤᠨ᠂ ᠨᠡᠶᠢᠭᠡᠮ ᠤᠨ | ᠬᠥᠷᠥᠩᠭᠡ ᠶᠢ ᠲᠡᠳᠡᠨ ᠣᠷᠣᠯᠴᠠᠭᠤᠯᠵᠤ᠂ REITs᠂ ᠡᠳ᠋ ᠬᠥᠷᠥᠩᠭᠡ ᠶᠢ ᠦᠨᠡᠲᠦ ᠲᠡᠮᠳᠡᠭᠵᠢᠭᠦᠯᠬᠦ ᠵᠡᠷᠭᠡ ᠵᠠᠬ᠎ᠠ | ᠳᠡᠯᠭᠡᠭᠦᠷᠴᠢᠯᠡᠬᠦ ᠵᠠᠭᠪᠤᠷ ᠢ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ | ᠦᠷᠭᠦᠯᠵᠢᠯᠡᠬᠦ ᠲᠣᠭᠲᠠᠴᠠ ᠶᠢ ᠪᠣᠶ ᠪᠣᠯᠭᠠᠨ᠎ᠠ᠃ ᠬᠡᠰᠡᠭ ᠪᠤᠰᠠᠭ ᠢᠶᠠᠷ ᠬᠡᠷᠡᠭᠯᠡᠬᠦ ᠭᠠᠵᠠᠷ ᠰᠢᠷᠣᠢ ᠶᠢ ᠲᠥᠪᠯᠡᠷᠡᠭᠦᠯᠦᠨ | ᠥᠭᠡᠷᠡᠴᠢᠯᠡᠬᠦ᠂ ᠬᠡᠷᠡᠭᠯᠡᠯᠲᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ᠂ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠣᠯᠭᠠᠬᠤ᠂ ᠪᠠᠭᠲᠠᠭᠠᠮᠵᠢ ᠶᠢᠨ ᠨᠣᠷᠮ᠎ᠠ ᠶᠢ ᠰᠢᠯᠵᠢᠭᠦᠯᠬᠦ ᠪᠤᠶᠤ ᠱᠠᠩᠨᠠᠬᠤ ᠵᠡᠷᠭᠡ ᠭᠠᠵᠠᠷ | ᠰᠢᠷᠣᠢ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠨᠡᠶᠢᠭᠡᠮ ᠤᠨ | ᠬᠥᠷᠥᠩᠭᠡ ᠶᠢᠨ ᠣᠷᠣᠭᠤᠯᠤᠯᠲᠠ ᠶᠢ ᠲᠠᠲᠠᠬᠤ ᠨᠥᠬᠦᠴᠡᠯ ᠢ ᠪᠣᠶ ᠪᠣᠯᠭᠠᠨ᠎ᠠ᠃ ᠣᠷᠣᠨ ᠨᠤᠲᠤᠭ ᠤᠨ ᠵᠠᠰᠠᠭ ᠤᠨ | ᠣᠷᠳᠣᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠯᠠᠨ ᠲᠦᠮᠡᠨ ᠤ ᠥᠭᠡᠷᠡᠴᠢᠯᠡᠬᠦ | ᠬᠦᠰᠡᠯ ᠰᠠᠨᠠᠭ᠎ᠠ ᠪᠠᠷ ᠴᠢᠩᠭ᠎ᠠ᠂ ᠬᠤᠳᠠ ᠶᠢᠨ ᠪᠡᠯᠡ ᠮᠥᠩᠭᠦ ᠲᠡᠩᠴᠡᠭᠦᠷᠢᠲᠡᠢ᠂ ᠲᠠᠲᠠᠪᠤᠷᠢᠯᠠᠬᠤ ᠨᠥᠬᠦᠪᠦᠷᠢ ᠶᠢᠨ | ᠲᠥᠰᠥᠯ ᠪᠣᠯᠪᠠᠰᠤᠷᠠᠩᠭᠤᠢ ᠪᠣᠯᠤᠭᠰᠠᠨ ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠰᠣᠬᠤᠷ ᠪᠠᠯᠠᠢ ᠪᠠᠷ | ᠥᠷᠭᠡᠳᠬᠡᠬᠦ ᠠᠴᠠ ᠪᠣᠯᠵᠤ ᠥᠷᠢ ᠥᠭᠴᠡᠭᠡᠨ ᠤ ᠠᠶᠤᠯ ᠲᠦᠭᠰᠢᠭᠦᠷᠢ ᠡᠭᠦᠰᠬᠦ ᠠᠴᠠ ᠵᠠᠶᠢᠯᠠᠰᠬᠢᠵᠦ᠂ ᠠᠵᠤ | ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠲᠡᠩᠴᠡᠭᠦᠷᠢ ᠶᠢ ᠪᠡᠶᠡᠯᠡᠭᠦᠯᠬᠦ ᠬᠡᠷᠡᠭᠲᠡᠢ᠃ | ᠰᠣᠶᠣᠯ ᠤᠨ ᠥᠪ ᠤᠨ ᠬᠠᠮᠠᠭᠠᠯᠠᠯᠲᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠲᠣᠳᠣᠷᠬᠠᠢ ᠪᠣᠯᠭᠠᠵᠤ᠂ | ᠬᠤᠳᠠ ᠶᠢᠨ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ ᠬᠤᠲᠠ ᠶᠢᠨ ᠰᠣᠶᠣᠯ ᠤᠨ ᠰᠤᠳᠠᠰᠤ ᠶᠢ | ᠰᠠᠬᠢᠨ ᠬᠠᠮᠠᠭᠠᠯᠠᠪᠠᠯ ᠰᠠᠶ᠋ᠢ ᠬᠤᠲᠠ ᠳᠤ ᠨᠤᠲᠤᠭ ᠤᠰᠤᠨ ᠤ ᠪᠠᠨ ᠮᠥᠷᠥᠭᠡᠳᠦᠯ ᠢ ᠦᠯᠡᠳᠡᠭᠡᠵᠦ᠂ ᠪᠣᠯᠪᠠᠰᠤᠨ ᠢ | ᠵᠠᠯᠭᠠᠮᠵᠢᠯᠠᠵᠤ ᠴᠢᠳᠠᠨ᠎ᠠ᠃ ︽ᠰᠠᠨᠠᠯ︾ ᠳᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠬᠤᠯᠠ ᠡᠭᠦᠷᠭᠡ ᠪᠣᠯᠭᠠᠵᠤ | ᠂ ︽ᠬᠠᠭᠤᠴᠢᠨ ᠬᠤᠲᠠ ᠶᠢ ᠳᠠᠭᠢᠵᠤ ᠨᠤᠷᠠᠭᠠᠵᠤ ᠪᠣᠯᠬᠤ ᠦᠭᠡᠢ︾ ︽ᠠᠶᠤᠯᠲᠠᠢ ᠣᠷᠣᠨ ᠰᠠᠭᠤᠴᠠ ᠶᠢᠨ | ᠨᠡᠷ᠎ᠡ ᠪᠠᠷ ᠬᠠᠤᠯᠢ ᠲᠣᠭᠲᠠᠭᠠᠯ ᠢ ᠵᠥᠷᠢᠴᠡᠨ ᠲᠡᠦᠬᠡ ᠶᠢᠨ ᠪᠠᠷᠢᠯᠭ᠎ᠠ ᠶᠢ ᠨᠤᠷᠠᠭᠠᠬᠤ ᠶᠢ ᠴᠢᠩᠭ᠎ᠠ ᠴᠠᠭᠠᠵᠠᠯᠠᠬᠤ︾ | ᠵᠡᠷᠭᠡ ᠴᠢᠩᠭ᠎ᠠ ᠱᠠᠭᠠᠷᠳᠠᠯᠭ᠎ᠠ ᠶᠢ ᠳᠤᠷᠠᠳᠪᠠ᠃ ᠬᠤᠲᠠ ᠶᠢᠨ ᠰᠢᠨᠡᠴᠢᠯᠡᠯᠲᠡ ᠶᠢᠨ ᠳᠤᠮᠳᠠ᠂ ︽ᠤᠷᠢᠳᠠᠪᠠᠷ | ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾ ︽ᠤᠷᠢᠳᠠᠪᠠᠷ ᠬᠠᠭᠤᠴᠢ ᠰᠤᠳᠤᠯᠤᠯ ᠬᠢᠵᠦ ᠳᠠᠷᠠᠭ᠎ᠠ ᠨᠢ | ᠰᠢᠯᠵᠢᠭᠦᠯᠦᠨ ᠬᠤᠳᠠᠯᠳᠤᠬᠤ︾ ᠲᠣᠭᠲᠠᠴᠠ ᠶᠢ ᠨᠠᠶᠢᠳᠠᠪᠤᠷᠢᠵᠢᠭᠤᠯᠬᠤ ᠴᠢᠬᠤᠯᠠᠲᠠᠢ ᠪᠠᠶᠢᠵᠤ᠂ ᠰᠢᠯᠵᠢᠭᠦᠯᠵᠦ | ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠯᠲᠠ ᠶᠢᠨ | ᠡᠲᠡᠭᠡᠳ ᠲᠤ ᠬᠤᠯᠪᠣᠭᠳᠠᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠮᠠᠭᠠᠯᠠᠨ | ᠬᠡᠷᠡᠭᠯᠡᠵᠦ᠂ ︽ᠨᠢᠭᠡ ᠪᠠᠶᠢᠳᠠᠯ ᠳᠤ ᠨᠢᠭᠡ ᠠᠷᠭ᠎ᠠ ᠪᠣᠳᠣᠯᠭ᠎ᠠ︾ ᠶᠢᠨ ᠥᠭᠡᠷᠡᠴᠢᠯᠡᠬᠦ ᠲᠥᠰᠥᠯ ᠢ ᠳᠤᠷᠠᠳᠤᠨ | ᠭᠠᠷᠭᠠᠨ᠎ᠠ᠃ ᠡᠭᠦᠨ ᠤ ᠬᠠᠮᠲᠤ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠴᠢᠳᠠᠮᠵᠢ ᠶᠢ ᠬᠤᠪᠢᠷᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠰ ᠳᠡᠪᠰᠢᠭᠦᠯᠬᠦ ᠪᠠᠷ | ᠳᠠᠮᠵᠢᠭᠤᠯᠤᠨ ᠲᠡᠦᠬᠡ ᠶᠢᠨ ᠪᠠᠷᠢᠯᠭ᠎ᠠ ᠶᠢᠨ ᠦᠨ᠎ᠡ ᠦᠷᠳᠡᠭ ᠢ ᠬᠥᠭᠵᠢᠭᠡᠨ᠎ᠡ᠃ ᠵᠢᠱᠢᠶᠡᠯᠡᠪᠡᠯ᠂ ᠬᠠᠭᠤᠴᠢᠨ | ᠦᠢᠯᠡᠳᠪᠦᠷᠢ ᠶᠢᠨ ᠭᠡᠷ ᠪᠠᠶᠢᠰᠢᠩ ᠢ ᠥᠭᠡᠷᠡᠴᠢᠯᠡᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠣᠷᠣᠭᠤᠯᠵᠤ᠂ | ᠰᠣᠶᠣᠯ ᠵᠤᠭᠠᠴᠠᠯ ᠤᠨ ᠠᠵᠤ ᠦᠢᠯᠡᠰ ᠤᠨ ᠰᠢᠨᠡᠴᠢᠯᠡᠯᠲᠡ ᠶᠢ ᠠᠬᠢᠭᠤᠯᠬᠤ ᠬᠡᠷᠡᠭᠲᠡᠢ᠃ ᠭᠠᠭᠴᠠ ᠬᠦ ᠬᠠᠮᠠᠭᠠᠯᠠᠬᠤ | ᠪᠠ ᠠᠰᠢᠭᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠪᠠᠯ ᠰᠠᠶ᠋ᠢ ᠬᠤᠳᠠ ᠶᠢᠨ ᠰᠣᠶᠣᠯ ᠤᠨ ᠰᠤᠳᠠᠰᠤ ᠶᠢ | ᠰᠢᠨᠡᠴᠢᠯᠡᠯᠳᠡ ᠶᠢᠨ ᠲᠤᠮᠳᠠ ᠰᠢᠨ᠎ᠡ ᠠᠮᠢᠯᠠᠯ ᠤᠨ ᠬᠦᠴᠦᠨ ᠢ ᠪᠠᠳᠠᠷᠠᠭᠤᠯᠵᠤ ᠴᠢᠳᠠᠨ᠎ᠠ᠃ | ᠬᠤᠳᠠ ᠶᠢᠨ ᠠᠮᠢ ᠠᠬᠤᠢ ᠶᠢᠨ ᠬᠤᠷᠢᠭ᠎ᠠ ᠱᠤᠭᠤᠮ ᠢ ᠲᠣᠭᠲᠠᠭᠠᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠡᠴᠢᠯᠡᠯᠲᠡ ᠶᠢ ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠨᠢ | ᠹᠢᠽᠢᠺ ᠤᠨ ᠣᠷᠣᠨ ᠵᠠᠢ ᠶᠢᠨ ᠪᠣᠳᠠᠰ ᠤᠨ ᠥᠭᠡᠷᠡᠴᠢᠯᠡᠯᠲᠡ ᠪᠣᠯᠬᠤ ᠪᠠᠷ ᠪᠠᠷᠠᠬᠤ ᠦᠭᠡᠢ ᠨᠡᠩ ᠴᠤ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠪᠣᠳᠠᠲᠠᠢ ᠦᠢᠯᠡᠳᠦᠯᠭᠡ ᠪᠣᠯᠬᠤ | ᠶᠤᠮ᠃ ︽ᠰᠠᠨᠠᠯ︾ ᠳᠤ ︽ᠠᠭᠤᠯᠠ ᠶᠢ ᠵᠠᠰᠠᠬᠤ᠂ ᠤᠰᠤ ᠶᠢ ᠵᠠᠰᠠᠬᠤ᠂ ᠬᠤᠲᠠ ᠶᠢ ᠵᠠᠰᠠᠬᠤ ᠶᠢ ᠨᠢᠭᠡ | ᠴᠣᠭᠴᠠᠵᠢᠭᠤᠯᠤᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠵᠤ᠂ ᠠᠮᠢ ᠠᠬᠤᠢ ᠶᠢᠨ ᠰᠡᠷᠭᠦᠭᠡᠯᠲᠡ ᠶᠢ | ᠬᠤᠲᠠ ᠶᠢᠨ ᠪᠦᠲᠦᠭᠡᠨ ᠪᠠᠶᠢᠭᠤᠯᠤᠯᠲᠠ ᠯᠤᠭ᠎ᠠ ᠭᠦᠨᠵᠡᠭᠡᠢ ᠠᠭᠤᠰᠤᠯᠴᠠᠭᠤᠯᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠡᠴᠢᠯᠡᠯᠳᠡ ᠳᠤ ᠰᠢᠰᠲ᠋ᠧᠮᠲᠦ ᠴᠢᠨᠠᠷᠲᠠᠢ ᠵᠢᠯᠣᠭᠤᠳᠤᠯᠭ᠎ᠠ | ᠬᠠᠩᠭᠠᠪᠠ᠃ ᠡᠪᠳᠡᠭᠳᠡᠭᠰᠡᠨ ᠠᠭᠤᠯᠠᠨ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ | ᠵᠡᠷᠭᠡ ᠠᠮᠢ ᠠᠬᠤᠢ ᠶᠢᠨ ᠬᠡᠪᠡᠷᠡᠭ ᠣᠷᠣᠨ ᠪᠦᠰᠡ ᠶᠢ ᠬᠦᠴᠦᠯᠡᠨ ᠵᠠᠰᠠᠨ ᠰᠡᠷᠭᠦᠭᠡᠵᠦ᠂ ᠪᠣᠬᠢᠷ ᠦᠮᠡᠬᠡᠢ ᠤᠰᠤᠨ | ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠡᠬᠢ ᠡᠭᠦᠰᠦᠯ ᠠᠴᠠ ᠨᠢ | ᠰᠡᠷᠭᠡᠶᠢᠯᠡᠨ ᠡᠵᠡᠮᠳᠡᠬᠦ — ᠬᠤᠭᠤᠯᠠᠢ ᠲᠣᠣᠷ ᠢ ᠰᠢᠯᠢᠳᠡᠭᠵᠢᠭᠦᠯᠬᠦ — ᠬᠠᠳᠠᠭᠠᠯᠠᠬᠤ ᠪᠠ ᠭᠠᠳᠠᠭᠰᠢᠯᠠᠭᠤᠯᠬᠤ ᠶᠢ | ᠤᠶᠠᠯᠳᠤᠭᠤᠯᠬᠤ︾ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ ᠰᠢᠰᠲ᠋ᠧᠮᠵᠢ ᠶᠢ ᠵᠡᠷᠭᠡ ᠪᠠᠷ | ᠲᠡᠭᠦᠯᠳᠡᠷᠵᠢᠭᠦᠯᠦᠨ᠎ᠡ︔ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ | ᠠᠬᠢᠭᠤᠯᠵᠤ᠂ ᠳᠣᠣᠷ᠎ᠠ ᠨᠥᠯᠥᠭᠡ ᠲᠠᠢ ᠲᠥᠬᠦᠭᠡᠷᠦᠮᠵᠢ ᠶᠢ ᠬᠡᠪᠴᠢᠶᠡᠵᠢᠭᠦᠯᠦᠨ ᠬᠡᠷᠡᠭᠯᠡᠵᠦ᠂ ᠣᠯᠠᠨ ᠲᠠᠰ | ᠳᠠᠪᠬᠤᠷᠭ᠎ᠠ ᠶᠢᠨ ᠠᠮᠢ ᠠᠬᠤᠢ ᠶᠢᠨ ᠲᠣᠣᠷ ᠰᠦᠯᠵᠢᠶ᠎ᠡ ᠶᠢ ᠪᠠᠶᠢᠭᠤᠯᠤᠨ᠂ ᠨᠡᠶᠢᠭᠡᠮ ᠲᠣᠭᠤᠷᠢᠭ ᠤᠨ ᠴᠡᠴᠡᠷᠯᠢᠭ ᠪᠠ | ᠪᠢᠴᠢᠯ ᠴᠡᠴᠡᠷᠯᠢᠭ ᠢ ᠨᠡᠮᠡᠭᠳᠡᠭᠦᠯᠵᠦ᠂ ᠣᠷᠣᠨ ᠨᠤᠲᠤᠭ ᠤᠨ ᠤᠷᠭᠤᠮᠠᠯ ᠤᠨ ᠬᠠᠮᠠᠭᠠᠯᠠᠯᠲᠠ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠤᠷᠢᠳᠠᠪᠠᠷ ᠰᠣᠩᠭᠤᠨ ᠬᠡᠷᠡᠭᠯᠡᠨ᠎ᠡ︔ ᠡᠭᠦᠨ ᠤ ᠬᠠᠮᠲᠤ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠪᠠ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠷᠡᠭᠦᠯᠦᠯᠲᠡ ᠶᠢ | ᠲᠦᠷᠭᠡᠳᠬᠡᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢᠨ ᠰᠢᠨ᠎ᠡ ᠶᠢ | ᠡᠭᠦᠳᠬᠦ ᠶᠢᠨ ᠬᠠᠮᠲᠤ ᠠᠵᠤ ᠦᠢᠯᠡᠳᠪᠦᠷᠢ ᠶᠢᠨ ᠬᠡᠰᠡᠭ ᠭᠠᠵᠠᠷ ᠤᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠬᠦ ᠪᠠᠷ ᠳᠠᠮᠵᠢᠭᠤᠯᠤᠨ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠶᠢᠨ ᠣᠷᠴᠢᠨ | ᠲᠣᠭᠤᠷᠢᠨ ᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ | ᠠᠮᠢ ᠠᠬᠤᠢ ᠶᠢᠨ ᠰᠠᠭᠤᠷᠢ ᠶᠢ ᠪᠠᠬᠢᠵᠢᠭᠦᠯᠦᠨ᠎ᠡ᠃ | ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ | ᠦᠭᠡᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤ ᠰᠠᠬᠢᠵᠤ | ᠂ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠤᠷᠢᠭ᠎ᠠ ᠱᠤᠭᠤᠮ᠂ ᠣᠷᠣᠨ ᠨᠤᠲᠤᠭ ᠤᠨ ᠦᠷᠢ ᠥᠭᠴᠡᠭᠡᠨ ᠤ | ᠬᠤᠷᠢᠭ᠎ᠠ ᠱᠤᠭᠤᠮ᠂ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠪᠠ ᠠᠮᠢ ᠠᠬᠤᠢ ᠶᠢᠨ | ᠬᠤᠷᠢᠭ᠎ᠠ ᠱᠤᠭᠤᠮ ᠢ ᠪᠠᠲᠤ ᠪᠠᠬᠢ ᠪᠠᠶᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ | ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ ᠬᠤᠳᠠ ᠶᠢᠨ ᠠᠮᠤᠷ ᠲᠦᠪᠰᠢᠨ ᠢᠶᠠᠷ ᠬᠥᠭᠵᠢᠬᠦ | ᠰᠠᠭᠤᠷᠢ ᠶᠢ ᠨᠡᠩ ᠪᠠᠬᠢᠵᠢᠭᠦᠯᠵᠦ᠂ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠩ | ᠪᠠᠶᠠᠯᠢᠭᠵᠢᠭᠤᠯᠵᠤ᠂ ᠳᠦᠷᠰᠦ ᠪᠠᠶᠢᠳᠠᠯ ᠢ ᠨᠡᠩ ᠭᠦᠢᠴᠡᠳ ᠢᠯᠡᠷᠡᠭᠦᠯᠵᠦ᠂ ᠬᠥᠮᠥᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠬᠤᠳᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠡᠳ᠋ᠯᠡᠭᠦᠯᠬᠦ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |