ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠤᠷᠢᠭ᠎ᠠ ᠱᠤᠭᠤᠮ ᠢ ᠪᠠᠬᠢᠵᠢᠭᠦᠯᠦᠶ᠎ᠡ
ᠨᠡᠶᠢᠲᠡᠯᠡᠭᠰᠡᠨ ᠴᠠᠭ᠄
2025/5/29
      ᠬᠤᠳᠠ ᠶᠢᠨ ᠰᠢᠨᠡᠴᠢᠯᠡᠯᠲᠡ ᠪᠣᠯ ᠨᠢᠭᠡᠨ ᠤᠳᠠᠭᠠᠨ ᠤ ᠲᠠᠶᠢᠪᠤᠩ ᠤᠷᠤᠰᠬᠠᠯ ᠭᠦᠨ ᠬᠤᠪᠢᠰᠤᠯᠲᠠ ᠪᠣᠯᠣᠨ᠎ᠠ ᠂ ᠣᠷᠣᠨ ᠪᠦᠰᠡ ᠶᠢᠨ ᠥᠭᠡᠷᠡᠴᠢᠯᠡᠯᠲᠡ ᠪᠣᠯᠣᠨ ᠴᠢᠳᠠᠪᠬᠢ ᠶᠢᠨ ᠳᠡᠭᠡᠭᠰᠢᠯᠡᠯᠲᠡ ᠳᠤᠮᠳᠠ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠭᠧᠨ ᠢ ᠲᠠᠬᠢᠨ ᠴᠤᠭᠴᠠᠯᠠᠬᠤ ᠶᠠᠪᠤᠳᠠᠯ ᠪᠤᠯᠤᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠨ᠂ ᠬᠤᠲᠠ ᠶᠢᠨ ᠠᠵᠢᠯᠯᠠᠭᠠᠨ ᠤ ᠳᠤᠮᠳᠠᠬᠢ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠭᠠᠴᠠᠵᠤ᠂ ᠬᠤᠲᠠ ᠶᠢᠨ ᠤᠶᠠᠨ ᠬᠠᠲᠠᠨ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︾ ᠭᠡᠵᠦ ᠲᠣᠳᠣᠷᠬᠠᠢ ᠳᠤᠷᠠᠳᠤᠨ ᠭᠠᠷᠭᠠᠵᠤ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠤᠲᠠ ᠶᠢᠨ ᠠᠮᠤᠷ ᠲᠦᠪᠰᠢᠨ ᠤ ᠤᠶᠠᠨ ᠬᠠᠲᠠᠨ ᠴᠢᠨᠠᠷ ᠤᠨ ᠰᠢᠰᠲ᠋ᠧᠮ ᠢ ᠪᠠᠶᠢᠭᠤᠯᠬᠤ ᠳᠤ ᠴᠢᠭᠯᠡᠯ ᠵᠢᠯᠣᠭᠤᠳᠤᠮᠵᠢ ᠬᠠᠩᠭᠠᠭᠰᠠᠨ ᠪᠠᠶᠢᠨ᠎ᠠ᠃       ᠹᠢᠽᠢᠺ ᠤᠨ ᠠᠮᠤᠷ ᠲᠦᠪᠰᠢᠨ ᠤ ᠲᠠᠯ᠎ᠠ ᠪᠠᠷ᠂ ᠬᠤᠳᠠ ᠶᠢᠨ ︽ᠬᠠᠲᠠᠭᠤ ᠪᠣᠳᠠᠲᠤ ᠬᠦᠴᠦᠨ︾ ᠢ ᠴᠣᠭᠴᠠᠯᠠᠨ᠎ᠠ᠃ ᠹᠢᠽᠢᠺ ᠤᠨ ᠠᠮᠤᠷ ᠲᠦᠪᠰᠢᠨ ᠪᠣᠯ ᠬᠤᠳᠠ ᠶᠢᠨ ᠤᠶᠠᠨ ᠬᠠᠳᠠᠨ ᠴᠢᠨᠠᠷ ᠤᠨ ᠠᠮᠤᠷ ᠲᠦᠪᠰᠢᠨ ᠤ ᠰᠠᠭᠤᠷᠢ ᠮᠥᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠃ ᠪᠠᠷᠢᠯᠭ᠎ᠠ ᠶᠢᠨ ᠠᠮᠤᠷ ᠲᠦᠪᠰᠢᠨ ᠤ ᠲᠠᠯ᠎ᠠ ᠪᠠᠷ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠴᠢᠯᠡᠨ ᠵᠠᠰᠠᠬᠤ ᠠᠵᠢᠯ ᠢ ᠠᠬᠢᠭᠤᠯᠵᠤ᠂ C᠂ D ᠳᠡᠰ ᠤᠨ ᠠᠶᠤᠯᠲᠠᠢ ᠣᠷᠣᠨ ᠰᠠᠭᠤᠴᠠ ᠳᠤ ᠵᠦᠷᠢᠶᠡᠴᠢᠯᠡᠭᠰᠡᠨ ᠰᠢᠨᠡᠴᠢᠯᠡᠨ ᠵᠠᠰᠠᠬᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ᠂ ᠴᠢᠳᠠᠪᠬᠢ ᠶᠢ ᠰᠢᠯᠢᠳᠡᠭᠵᠢᠭᠦᠯᠬᠦ ᠵᠡᠷᠭᠡ ᠠᠷᠭ᠎ᠠ ᠪᠠᠷᠢᠯ ᠢᠶᠠᠷ ᠪᠠᠷᠢᠯᠭ᠎ᠠ ᠶᠢᠨ ᠠᠮᠤᠷ ᠲᠦᠪᠰᠢᠨ ᠤ ᠳᠡᠰ ᠢ ᠳᠡᠭᠡᠭᠰᠢᠯᠡᠭᠦᠯᠵᠦ᠂ ᠣᠨᠴᠠᠭᠠᠶᠢᠯᠠᠨ ᠲᠡᠦᠬᠡ ᠶᠢᠨ ᠪᠠᠷᠢᠯᠭ᠎ᠠ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ︽ᠨᠢᠭᠡ ᠭᠡᠷ ᠪᠠᠶᠢᠰᠢᠩ ᠨᠢᠭᠡ ᠳᠦᠷᠦ ᠶᠢᠨ ᠪᠣᠳᠣᠯᠭ᠎ᠠ︾ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠡᠪᠳᠡᠯᠡᠭᠡ ᠶᠢᠨ ᠴᠢᠨᠠᠷᠲᠠᠢ ᠰᠢᠨᠡᠴᠢᠯᠡᠨ ᠵᠠᠰᠠᠬᠤ ᠶᠢ ᠡᠷᠡᠰ ᠬᠤᠷᠢᠭᠯᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠲᠤᠳᠠᠭᠳᠠᠯ ᠢ ᠬᠦᠴᠦᠯᠡᠨ ᠨᠥᠬᠦᠪᠦᠷᠢᠯᠡᠵᠦ᠂ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ ᠬᠠᠭᠤᠴᠢᠨ ᠬᠤᠭᠤᠯᠠᠢ ᠲᠤᠤᠷ ᠢ ᠰᠢᠨᠡᠴᠢᠯᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ ᠰᠢᠰᠲ᠋ᠧᠮ ᠢ ᠵᠡᠷᠭᠡᠪᠡᠷ ᠲᠡᠭᠦᠯᠳᠡᠷᠵᠢᠭᠦᠯᠵᠦ᠂ ︽ᠡᠬᠢ ᠡᠭᠦᠰᠦᠯ ᠠᠴᠠ ᠨᠢ ᠪᠣᠬᠢᠷᠲᠤᠯ ᠭᠠᠳᠠᠭᠰᠢᠯᠠᠭᠤᠯᠬᠤ᠂ ᠤᠰᠤ ᠬᠠᠳᠠᠭᠠᠯᠠᠬᠤ ᠪᠠ ᠤᠰᠤ ᠭᠠᠳᠠᠭᠰᠢᠯᠠᠭᠤᠯᠬᠤ ᠶᠢ ᠵᠡᠷᠭᠡᠪᠡᠷ ᠠᠳᠬᠤᠬᠤ︾ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠣᠣᠷ ᠢ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠪᠠᠷ᠂ ᠰᠢᠰᠲ᠋ᠧᠮ ᠤᠨ ᠵᠠᠰᠠᠯᠲᠠ ᠶᠢ ᠴᠢᠩᠭᠠᠳᠬᠠᠵᠤ᠂ ᠡᠪᠳᠡᠭᠳᠡᠭᠰᠡᠨ ᠠᠭᠤᠯᠠ ᠶᠢ ᠵᠠᠰᠠᠨ ᠰᠡᠷᠭᠦᠭᠡᠬᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ ᠢ ᠵᠠᠰᠠᠬᠤ ᠪᠠ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢᠶᠠᠷ ᠳᠠᠮᠵᠢᠭᠤᠯᠤᠨ ᠬᠤᠳᠠ ᠶᠢᠨ ᠣᠷᠴᠢᠨ ᠲᠣᠭᠤᠷᠢᠨ ᠤ ᠳᠠᠭᠠᠭᠠᠴᠠ ᠶᠢ ᠳᠡᠭᠡᠭᠰᠢᠯᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠠᠵᠠᠷ ᠰᠢᠷᠣᠢ ᠶᠢᠨ ᠲᠠᠬᠢᠨ ᠠᠰᠢᠭᠯᠠᠯᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠨᠡᠶᠢᠭᠡᠮ ᠤᠨ ᠠᠮᠤᠷ ᠲᠦᠪᠰᠢᠨ ᠤ ᠲᠠᠯ᠎ᠠ ᠪᠠᠷ᠂ ︽ᠵᠥᠭᠡᠯᠡᠨ ᠣᠷᠴᠢᠨ ᠲᠣᠭᠤᠷᠢᠨ︾ ᠢ ᠪᠣᠶᠢᠵᠢᠭᠤᠯᠤᠨ ᠰᠢᠨᠡᠴᠢᠯᠡᠨ᠎ᠡ᠃ ᠬᠤᠳᠠ ᠶᠢᠨ ᠰᠢᠨᠡᠴᠢᠯᠡᠯᠲᠡ ᠨᠢ ᠮᠥᠨ ᠴᠢᠨᠠᠷ ᠳᠡᠭᠡᠷ᠎ᠡ ᠪᠠᠨ ᠦᠯᠡᠳᠡᠭᠡᠯ ᠠᠰᠢᠭ ᠲᠤᠰᠠ ᠶᠢᠨ ᠲᠣᠬᠢᠷᠠᠭᠤᠯᠤᠯᠲᠠ ᠲᠠᠢ ᠬᠤᠯᠪᠤᠭᠳᠠᠵᠤ᠂ ᠥᠮᠴᠢᠯᠡᠯ ᠤᠨ ᠡᠷᠬᠡ ᠶᠢᠨ ᠲᠦᠷᠦᠯ ᠵᠦᠢᠯ ᠤᠯᠠᠨ᠂ ᠲᠡᠦᠬᠡ ᠶᠢᠨ ᠪᠣᠳᠠᠲᠤ ᠠᠰᠠᠭᠤᠳᠠᠯ ᠰᠣᠯᠪᠢᠴᠠᠯᠳᠤᠭᠰᠠᠨ᠂ ᠵᠥᠷᠢᠴᠡᠯ ᠡᠭᠡᠳᠡᠷᠡᠭᠡᠨ ᠪᠤᠳᠤᠯᠢᠶᠠᠨᠲᠠᠢ ᠪᠠᠶᠢᠳᠠᠭ᠂ ᠬᠤᠳᠠ ᠶᠢᠨ ᠰᠢᠨᠡᠴᠢᠯᠡᠯᠲᠡ ᠨᠢ ᠮᠥᠨᠴᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠤᠴᠢᠷ ᠠᠴᠠ ᠡᠷᠬᠡᠪᠰᠢ ᠤᠯᠠᠨ ᠲᠦᠮᠡᠨ ᠤ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠵᠦ᠂ ᠨᠡᠶᠢᠭᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ᠂ ᠭᠡᠮ ᠰᠣᠭᠤᠭ ᠢ ᠴᠤᠬᠤᠶᠢᠬᠤ ᠦᠶ᠎ᠡ ᠳᠤᠨᠢ ᠠᠷᠢᠯᠭᠠᠬᠤ ᠬᠡᠷᠡᠭᠲᠡᠢ᠃ ᠬᠤᠲᠠ ᠶᠢᠨ ᠨᠡᠶᠢᠭᠡᠮ ᠤᠨ ᠲᠦᠭᠰᠢᠭᠦᠷᠢ ᠶᠢ ᠰᠢᠨᠡᠴᠢᠯᠡᠬᠦ ᠦᠨᠡᠯᠡᠨ ᠵᠢᠱᠢᠬᠦ᠂ ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠢ ᠡᠬᠢᠯᠡᠭᠦᠯᠬᠦ ᠠᠴᠠ ᠡᠮᠦᠨ᠎ᠡ ᠪᠥᠬᠦ ᠲᠠᠯ᠎ᠠ ᠪᠠᠷ ᠦᠨᠡᠯᠡᠨ ᠵᠢᠱᠢᠬᠦ ᠶᠢ ᠥᠷᠨᠢᠭᠦᠯᠵᠦ᠂ ᠨᠤᠷᠠᠭᠠᠵᠤ ᠨᠡᠭᠦᠯᠭᠡᠬᠦ ᠳᠤ ᠨᠥᠬᠦᠪᠦᠷᠢ ᠥᠭᠬᠦ᠂ ᠲᠥᠪᠬᠢᠨᠡᠭᠦᠯᠬᠦ ᠪᠠᠲᠤᠯᠠᠭ᠎ᠠ ᠵᠡᠷᠭᠡ ᠰᠡᠷᠭᠡᠭ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ ᠮᠠᠭᠠᠳᠯᠠᠵᠤ᠂ ᠴᠢᠭᠯᠡᠯᠳᠦ ᠴᠢᠨᠠᠷᠲᠠᠢ ᠰᠢᠢᠳᠪᠦᠷᠢᠯᠡᠬᠦ ᠲᠥᠰᠥᠯ ᠢ ᠲᠣᠭᠲᠠᠭᠠᠨ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ ᠦᠨᠡᠯᠡᠨ ᠵᠢᠱᠢᠬᠦ ᠲᠤᠰᠬᠠᠢ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠯᠠᠨ ᠡᠰᠢᠴᠢᠯᠡᠭᠰᠡᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠠᠭᠤᠭᠠᠯᠢ ᠠᠷᠠᠳ ᠤᠨ ᠵᠥᠪᠳᠡᠯᠴᠡᠬᠦ ᠲᠠᠪᠴᠠᠩ ᠢ ᠪᠠᠶᠢᠭᠤᠯᠵᠤ᠂ ᠠᠵᠢᠯᠯᠠᠬᠤ ᠳᠤᠭᠤᠶᠢᠯᠠᠩ᠂ ᠵᠥᠪᠯᠡᠯ᠂ ᠭᠡᠷᠡᠴᠢᠯᠡᠭᠡ ᠰᠣᠨᠣᠰᠬᠤ ᠬᠤᠷᠠᠯ᠂ ᠲᠥᠰᠥᠯ ᠢ ᠵᠠᠷᠯᠠᠨ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠠᠨᠠᠭᠤᠯᠭ᠎ᠠ ᠭᠠᠷᠭᠠᠬᠤ ᠡᠷᠬᠡ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠵᠢᠱᠢᠶᠡᠯᠡᠪᠡᠯ᠂ ᠨᠠᠨᠵᠢᠩ ᠤᠨ ᠠᠨᠠᠷ ᠰᠢᠨ᠎ᠡ ᠲᠣᠰᠬᠤᠨ ᠳᠤ 8 ᠰᠠᠭᠤᠭᠠᠯᠢ ᠠᠷᠠᠳ ᠤᠨ ᠠᠵᠢᠯ ᠤᠨ ᠳᠤᠭᠤᠶᠢᠯᠠᠩ ᠪᠠᠶᠢᠭᠤᠯᠵᠤ᠂ ᠳᠤᠭᠤᠶᠢᠯᠠᠩ ᠪᠦᠷᠢ ᠶᠢᠨ ᠪᠦᠷᠢᠯᠳᠦᠭᠦᠨ ᠨᠢ ᠪᠠᠶᠢᠭᠤᠯᠭ᠎ᠠ ᠶᠢᠨ ᠺᠠᠳ᠋ᠷ᠂ ᠵᠡᠭᠡᠯᠢ ᠭᠤᠳᠤᠮᠵᠢ ᠶᠢᠨ ᠠᠯᠪᠠᠨ ᠭᠡᠷ᠂ ᠳᠠᠭᠠᠭᠠᠴᠢᠯᠠᠨ ᠪᠠᠶᠢᠭᠤᠯᠤᠭᠰᠠᠨ ᠠᠵᠤ ᠠᠬᠤᠶᠢᠯᠠᠯ ᠵᠡᠷᠭᠡ ᠠᠵᠢᠯᠲᠠᠨ ᠢᠶᠠᠷ ᠪᠦᠷᠢᠯᠳᠦᠬᠦ ᠶᠢᠨ ᠬᠠᠮᠲᠤ ᠰᠢᠨᠡᠴᠢᠯᠡᠬᠦ ᠡᠲᠡᠭᠡᠳ ᠤᠨ ᠳᠣᠲᠣᠷᠠᠬᠢ ᠨᠠᠮ ᠤᠨ ᠭᠡᠰᠢᠭᠦᠨ᠂ ᠢᠳᠡᠪᠬᠢᠲᠡᠨ ᠢ ᠡᠯᠰᠡᠨ ᠠᠪᠴᠤ᠂ ᠣᠯᠠᠨ ᠲᠦᠮᠡᠨ ᠪᠠ ᠲᠤᠬᠠᠢ ᠶᠢᠨ ᠲᠠᠯᠠᠪᠤᠷ ᠤᠨ ᠠᠵᠢᠯᠯᠠᠬᠤ ᠳᠤᠭᠤᠶᠢᠯᠠᠩ᠂ ᠬᠠᠤᠯᠢᠴᠢ ᠶᠢᠨ ᠪᠦᠯᠬᠦᠮ᠂ ᠠᠶᠤᠯ ᠢ ᠠᠷᠢᠯᠭᠠᠨ ᠥᠭᠡᠷᠡᠴᠢᠯᠡᠬᠦ ᠺᠣᠮᠢᠰ ᠪᠠᠶᠢᠭᠤᠯᠵᠤ᠂ ᠬᠠᠮᠲᠤᠪᠠᠷ ᠵᠥᠪᠳᠡᠯᠴᠡᠨ ᠬᠠᠮᠲᠤᠪᠠᠷ ᠪᠠᠶᠢᠭᠤᠯᠬᠤ ᠶᠢ ᠪᠡᠶᠡᠯᠡᠭᠦᠯᠦᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ ᠬᠥᠳᠡᠯᠦᠩᠭᠦᠢ ᠪᠠᠷ ᠬᠠᠷᠢᠭᠤ ᠲᠤᠰᠬᠠᠵᠤ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠳᠤᠯᠠᠪᠠ᠃       ᠠᠵᠢᠯᠯᠠᠭᠠᠨ ᠤ ᠠᠮᠤᠷ ᠲᠦᠪᠰᠢᠨ ᠤ ᠲᠠᠯ᠎ᠠ ᠪᠠᠷ᠂ ᠬᠠᠮᠢᠶᠠᠷᠤᠯᠲᠠ ᠶᠢᠨ ︽ᠰᠢᠨ᠎ᠡ ᠬᠡᠪ ᠪᠠᠶᠢᠳᠠᠯ︾ ᠢ ᠪᠣᠶ ᠪᠣᠯᠭᠠᠨ᠎ᠠ᠃ ᠬᠤᠲᠠ ᠶᠢᠨ ᠡᠳᠦᠷ ᠲᠤᠲᠤᠮ ᠤᠨ ᠠᠵᠢᠯᠯᠠᠭᠠᠨ ᠤ ᠠᠮᠤᠷ ᠲᠦᠪᠰᠢᠨ ᠨᠢ ᠬᠡᠪᠰᠢᠭᠰᠡᠨ᠂ ᠣᠶᠤᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷᠢᠯ ᠠᠴᠠ ᠰᠠᠯᠵᠤ ᠴᠢᠳᠠᠬᠤ ᠦᠭᠡᠢ ᠶᠤᠮ᠃ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ᠂ ᠭᠡᠷ ᠪᠠᠶᠢᠰᠢᠩ ᠤᠨ ᠠᠮᠤᠷ ᠲᠦᠪᠰᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠳᠦᠷᠢᠮ ᠢ ᠪᠠᠶᠢᠭᠤᠯᠵᠤ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠭᠤᠣᠯᠳᠠᠯᠭ᠎ᠠ ᠲᠠᠢ ᠪᠠᠷᠢᠯᠭ᠎ᠠ ᠳᠤ ᠬᠥᠳᠡᠯᠦᠩᠭᠦᠢ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠴᠤᠪᠤᠷᠠᠯ ᠢ ᠲᠡᠭᠦᠯᠳᠡᠷᠵᠢᠭᠦᠯᠬᠦ ᠬᠡᠷᠡᠭᠲᠡᠢ᠃ ᠣᠶᠤᠨᠴᠢᠯᠠᠬᠤ ᠪᠠᠶᠢᠭᠤᠯᠤᠯᠲᠠ ᠶᠢ ᠴᠢᠩᠭᠠᠳᠬᠠᠵᠤ᠂ BIM᠂ CIM ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠲᠣᠭᠠᠨ ᠤ ᠢᠬᠡᠷ᠎ᠡ ᠰᠢᠰᠲ᠋ᠧᠮ ᠢ ᠪᠠᠶᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠦᠯᠦᠭᠡᠯᠡᠬᠦᠷ ᠵᠡᠷᠭᠡ ᠪᠠᠷ ᠳᠠᠮᠵᠢᠭᠤᠯᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠣᠷᠣᠨ ᠰᠠᠭᠤᠴᠠ ᠶᠢ ᠰᠡᠯᠪᠢᠨ ᠵᠠᠰᠠᠬᠤ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠦᠷᠭᠦᠯᠵᠢᠯᠡᠨ ᠠᠵᠢᠯᠯᠠᠭᠤᠯᠵᠤ ᠪᠠᠲᠤᠯᠠᠬᠤ ᠲᠣᠭᠲᠠᠴᠠ ᠶᠢ ᠰᠦᠪᠡᠭᠴᠢᠯᠡᠵᠦ᠂ ᠲᠤᠰᠬᠠᠢ ᠪᠠᠶᠢᠭᠤᠯᠤᠮᠵᠢ ᠶᠢᠨ ᠣᠷᠣᠯᠴᠠᠬᠤ ᠶᠢ ᠵᠣᠷᠢᠭᠵᠢᠭᠤᠯᠤᠨ᠂ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃      ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠲᠠᠯ᠎ᠠ ᠪᠠᠷ᠂ ᠰᠢᠢᠳᠪᠦᠷᠢᠯᠡᠯᠲᠡ ᠶᠢᠨ ︽ᠲᠦᠷᠭᠡᠨ ᠲᠤᠰᠬᠠᠯᠳᠠ︾ ᠶᠢ ᠪᠣᠶ ᠪᠣᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠪᠣᠯ ᠬᠤᠳᠠ ᠶᠢᠨ ᠠᠮᠤᠷ ᠲᠦᠪᠰᠢᠨ ᠤ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ᠂ ᠬᠤᠳᠠ ᠶᠢᠨ ᠳᠠᠭᠠᠷᠢᠯᠲᠠ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ︽ᠡᠩ ᠤᠨ ᠪᠠ ᠪᠠᠴᠢᠮ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ  ᠠᠴᠠ ᠵᠠᠶᠢᠯᠠᠬᠤ ᠲᠠᠯᠠᠪᠤᠷ ᠭᠠᠵᠠᠷ ᠢ ᠵᠦᠢ ᠵᠣᠬᠢᠰᠲᠠᠢ ᠲᠥᠯᠥᠪᠵᠢᠭᠦᠯᠵᠦ᠂ ᠪᠡᠶ᠎ᠡ ᠶᠢᠨ ᠲᠠᠮᠢᠷ ᠤᠨ ᠣᠷᠳᠣᠨ᠂ ᠰᠤᠷᠭᠠᠭᠤᠯᠢ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠵᠤ ᠬᠤᠪᠢᠷᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠭᠠᠮᠰᠢᠭ ᠢ ᠰᠡᠷᠭᠡᠶᠢᠯᠡᠬᠦ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠣᠬᠢᠰᠲᠠᠢ ᠪᠠᠷ ᠤᠷᠢᠳᠴᠢᠯᠠᠨ ᠪᠦᠲᠦᠭᠡᠨ ᠪᠠᠶᠢᠭᠤᠯᠵᠤ᠂ ᠤᠶᠠᠨ ᠬᠠᠳᠠᠨ ᠴᠢᠨᠠᠷᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠳᠡᠯᠭᠡᠷᠡᠭᠦᠯᠵᠦ᠂ ᠰᠢᠨᠡᠴᠢᠯᠡᠨ ᠥᠭᠡᠷᠡᠴᠢᠯᠡᠬᠦ ᠶᠠᠪᠤᠴᠠ ᠳᠤ ᠬᠠᠷᠢᠮᠠᠬᠠᠢ ᠴᠢᠨᠠᠷᠲᠠᠢ ᠣᠷᠣᠨ ᠪᠦᠰᠡ ᠶᠢ ᠤᠷᠢᠳᠴᠢᠯᠠᠨ ᠦᠯᠡᠳᠡᠭᠡᠵᠦ᠂ ᠰᠢᠰᠲ᠋ᠧᠮ ᠤᠨ ᠢᠯᠡᠭᠦᠳᠡᠯ ᠤᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ ᠬᠠᠮᠵᠢᠯᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃       ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠳᠤ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠤᠷᠢᠭ᠎ᠠ ᠱᠤᠭᠤᠮ ᠢ ᠪᠠᠲᠤ ᠪᠠᠶᠢᠭᠤᠯᠵᠤ᠂ ᠬᠤᠳᠠ ᠶᠢ ᠬᠤᠪᠢᠰᠤᠯᠲᠠ ᠶᠢᠨ ᠳᠤᠮᠳᠠ ᠨᠡᠩ ᠠᠮᠤᠷ ᠲᠦᠪᠰᠢᠨ᠂ ᠬᠥᠭᠵᠢᠯᠲᠡ ᠶᠢᠨ ᠳᠤᠮᠳᠠ ᠨᠡᠩ ᠡᠷᠡᠰ ᠬᠠᠲᠠᠭᠤ ᠪᠣᠯᠭᠠᠬᠤ ᠬᠡᠷᠡᠭᠲᠡᠢ᠃ ︽ᠰᠠᠨᠠᠯ︾  ᠢᠶᠠᠷ ᠵᠢᠯᠣᠭᠤᠳᠤᠯᠭ᠎ᠠ ᠪᠣᠯᠭᠠᠵᠤ᠂ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠬᠤᠳᠠ ᠶᠢᠨ ᠰᠢᠨᠡᠴᠢᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠹᠢᠽᠢᠺ ᠤᠨ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ᠂ ᠨᠡᠶᠢᠭᠡᠮ ᠤᠨ ᠠᠮᠤᠷ ᠲᠦᠪᠰᠢᠨ ᠤ ᠰᠡᠳᠬᠢᠯ ᠢ ᠨᠢᠭᠡᠳᠭᠡᠨ ᠬᠦᠴᠦᠨ ᠢ ᠨᠢᠭᠲᠠᠷᠠᠭᠤᠯᠬᠤ᠂ ᠠᠵᠢᠯᠯᠠᠭᠠᠨ ᠤ ᠠᠮᠤᠷ ᠲᠦᠪᠰᠢᠨ ᠤ ᠤᠶᠤᠨᠴᠢ ᠢᠶᠠᠷ ᠴᠢᠳᠠᠪᠤᠷᠢ ᠣᠯᠭᠤᠬᠤ᠂ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠᠷ ᠳᠠᠮᠵᠢᠭᠤᠯᠵᠤ᠂ ᠤᠯᠠᠨ ᠲᠠᠯ᠎ᠠ ᠪᠠᠷ ᠬᠠᠮᠵᠢᠯᠴᠠᠨ ᠬᠦᠴᠦᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠡᠶᠡᠯᠡᠭᠦᠯᠵᠦ᠂ ᠠᠷᠠᠳ ᠤᠯᠠᠨ ᠳᠤ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠨᠡᠩ ᠤᠶᠠᠨ ᠬᠠᠳᠠᠨ᠂ ᠨᠡᠩ ᠤᠶᠤᠨᠴᠢ ᠰᠠᠶᠢᠨ ᠰᠠᠶᠢᠬᠠᠨ ᠭᠡᠷ ᠣᠷᠣᠨ ᠢ ᠴᠣᠭᠴᠠᠯᠠᠵᠤ ᠥᠭᠬᠦ ᠬᠡᠷᠡᠭᠲᠡᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1