ᠬᠤᠲᠠ ᠶᠢᠨ ᠰᠢᠨᠡᠴᠢᠯᠡᠯᠲᠡ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠳᠡᠢ
ᠨᠡᠶᠢᠲᠡᠯᠡᠭᠰᠡᠨ ᠴᠠᠭ᠄
2025/5/30
      ᠲᠡᠦᠬᠡ ᠰᠣᠶᠣᠯ ᠤᠨ ᠥᠪ ᠨᠢ ᠬᠤᠳᠠ ᠶᠢᠨ ᠲᠠᠬᠢᠨ ᠠᠮᠢᠯᠠᠵᠤ ᠪᠣᠯᠣᠰᠢ ᠦᠭᠡᠢ᠂ ᠣᠷᠣᠯᠠᠭᠤᠯᠵᠤ ᠪᠣᠯᠣᠰᠢ ᠦᠭᠡᠢ ᠬᠤᠪᠣᠷ ᠨᠠᠨᠳᠢᠨ ᠪᠣᠳᠠᠰ ᠪᠠ ᠤᠶᠤᠨ ᠰᠠᠨᠠᠭᠠᠨ ᠤ ᠡᠳ᠋ ᠪᠠᠶᠠᠯᠢᠭ ᠪᠣᠯᠤᠭᠰᠠᠨ ᠤ ᠬᠤᠪᠢ ᠳᠤ᠂ ᠬᠤᠳᠠ ᠶᠢᠨ ︽ᠦᠨᠳᠦᠰᠦ︾ ᠪᠠ ︽ᠰᠦᠭ ᠰᠦᠨᠡᠰᠦ︾ ᠮᠥᠨ᠂ ᠰᠣᠶᠣᠯ ᠤᠨ ᠢᠲᠡᠭᠡᠯ ᠤᠨ ᠴᠢᠬᠤᠯᠠ ᠠᠴᠢᠶᠠᠯᠠᠪᠤᠷᠢ ᠮᠥᠨ᠃ ᠬᠤᠳᠠ ᠶᠢᠨ ᠲᠡᠦᠬᠡ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠪᠠ ᠠᠮᠢᠳᠤᠯᠢᠭ ᠠᠰᠢᠭᠯᠠᠬᠤ ᠶᠢ ᠴᠢᠩᠭᠠᠳᠬᠠᠬᠤ ᠨᠢ ᠬᠤᠳᠠ ᠶᠢᠨ ᠰᠣᠶᠣᠯ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ᠂ ᠬᠤᠳᠠ ᠶᠢᠨ ᠠᠯᠳᠠᠷᠰᠢᠯ ᠢ ᠳᠡᠭᠡᠭᠰᠢᠯᠡᠭᠦᠯᠬᠦ᠂ ᠬᠤᠳᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠠᠰᠢᠭᠲᠠᠢ ᠶᠤᠮ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠂ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠬᠤᠳᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠭᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠣᠰᠣᠲᠠᠢ ᠶᠢ ᠨᠢ ᠴᠥᠮ ᠬᠠᠮᠠᠭᠠᠯᠠᠬᠤ᠂ ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠬᠤᠳᠠ ᠶᠢᠨ ᠰᠢᠨᠡᠴᠢᠯᠡᠯᠳᠡ ᠶᠢᠨ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠬᠤᠳᠠ ᠶᠢᠨ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠪᠠᠶᠢᠳᠠᠯ ᠢ ᠲᠣᠳᠣᠷᠬᠠᠢ ᠣᠶᠢᠯᠠᠭᠠᠵᠤ᠂ ᠰᠢᠰᠲ᠋ᠧᠮ ᠤᠨ ᠴᠢᠨᠠᠷᠲᠠᠢ ᠨᠡᠶᠢᠳᠡᠮ ᠪᠠᠶᠢᠴᠠᠭᠠᠯᠲᠠ ᠪᠠᠷ ᠬᠠᠮᠠᠭᠠᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠲᠡᠦᠬᠡ ᠰᠣᠶᠣᠯ ᠤᠨ ᠥᠪ ᠢ ᠬᠠᠮᠠᠭᠠᠯᠠᠬᠤ ᠳᠤ ᠶᠠᠭᠤᠨ ᠤ ᠡᠮᠦᠨ᠎ᠡ ︽ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ︾᠂ ᠰᠢᠰᠲ᠋ᠧᠮ ᠤᠨ ᠴᠢᠨᠠᠷᠲᠠᠢ ᠨᠡᠶᠢᠳᠡᠮ ᠪᠠᠶᠢᠴᠠᠭᠠᠯᠲᠠ ᠪᠣᠯ ᠮᠡᠷᠭᠡᠵᠢᠯ ᠤᠨ ᠲᠠᠯ᠎ᠠ ᠶᠢᠨ ︽ᠪᠠᠶᠢᠳᠠᠯ ᠢ ᠣᠶᠢᠯᠠᠭᠠᠬᠤ︾ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠤᠲᠠ ᠶᠢᠨ ᠰᠣᠶᠣᠯ ᠤᠨ ᠭᠧᠨ ᠢ ᠲᠠᠶᠢᠯᠬᠤ ᠶᠠᠪᠤᠳᠠᠯ ᠪᠣᠯᠬᠤ ᠶᠤᠮ᠃ ︽ᠰᠠᠨᠠᠯ︾ ᠳᠤ᠂ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠪᠥᠬᠦ ᠲᠠᠯ᠎ᠠ ᠪᠠᠷ ᠵᠣᠯᠭᠠᠭᠤᠯᠵᠤ᠂ ᠬᠠᠭᠤᠴᠢᠨ ᠬᠤᠲᠠ ᠵᠢᠴᠢ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠥᠬᠦ ᠲᠠᠯ᠎ᠠ ᠪᠠᠷ ᠪᠠᠶᠢᠴᠠᠭᠠᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ ᠤᠨ ᠰᠣᠶᠣᠯ ᠤᠨ ᠥᠪ ᠤᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ︽ᠤᠷᠢᠳᠠᠪᠠᠷ ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾ ︽ᠤᠷᠢᠳᠠᠪᠠᠷ ᠬᠠᠭᠤᠴᠢ ᠰᠤᠳᠤᠯᠭ᠎ᠠ ᠬᠢᠵᠦ ᠳᠠᠷᠠᠭ᠎ᠠ ᠨᠢ ᠰᠢᠯᠵᠢᠭᠦᠯᠦᠨ ᠬᠤᠳᠠᠯᠳᠤᠬᠤ︾ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠱᠠᠭᠠᠷᠳᠠᠪᠠ᠃ ᠰᠣᠶᠣᠯ ᠤᠨ ᠥᠪ ᠤᠨ ᠡᠬᠢ ᠪᠠᠶᠠᠯᠢᠭ ᠢ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠳᠠ ᠶᠢᠨ ᠲᠡᠦᠬᠡ ᠰᠣᠶᠣᠯ ᠤᠨ ᠥᠪ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠠᠷᠠᠬᠠᠢ ᠪᠤᠲᠠᠷᠬᠠᠢ ᠲᠡᠦᠬᠡ ᠶᠢᠨ ᠬᠡᠰᠡᠭ ᠪᠤᠰᠠᠭ ᠢ ᠬᠤᠯᠪᠣᠵᠤ ᠰᠣᠶᠣᠯ ᠤᠨ ᠦᠷᠭᠦᠯᠵᠢᠯᠡᠭᠰᠡᠨ ᠪᠦᠷᠢᠨ ᠪᠦᠲᠦᠨ ᠵᠢᠷᠤᠭ ᠳᠦᠷᠰᠦ ᠶᠢ ᠪᠤᠢ ᠪᠣᠯᠭᠠᠨ᠎ᠠ᠃      ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠵᠤ᠂ ᠬᠠᠲᠠᠭᠤ ᠬᠢᠵᠠᠭᠠᠷᠯᠠᠯ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠡᠦᠬᠡ ᠰᠣᠶᠣᠯ ᠤᠨ ᠥᠪ ᠢ ᠪᠦᠬᠦ ᠲᠠᠯ᠎ᠠ ᠪᠠᠷ ᠰᠠᠬᠢᠨ ᠬᠠᠮᠠᠭᠠᠯᠠᠬᠤ ᠳᠤ᠂ ᠲᠡᠦᠬᠡ ᠶᠢ ᠭᠦᠢᠴᠡᠳ ᠬᠦᠨᠳᠦᠳᠬᠡᠬᠦ ᠪᠠᠷ ᠬᠤᠷᠢᠭ᠎ᠠ ᠱᠤᠭᠤᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠪᠦᠳᠦᠭᠡᠨ ᠪᠠᠶᠢᠭᠤᠯᠤᠯᠳᠠ ᠶᠢᠨ ᠴᠢᠨᠠᠷᠲᠠᠢ ᠡᠪᠳᠡᠯᠡᠭᠡ︾ ᠠᠴᠠ ᠵᠠᠶᠢᠯᠠᠰᠬᠢᠬᠦ ᠬᠡᠷᠡᠭᠲᠡᠢ᠃ ︽ᠰᠠᠨᠠᠯ︾ ᠳᠤ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠬᠠᠮᠤᠭ ᠤᠨ ᠴᠢᠩᠭ᠎ᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠤᠭᠳᠠᠭᠠᠨ᠎ᠠ ᠭᠡᠵᠦ ᠳᠤᠷᠠᠳᠤᠨ ᠭᠠᠷᠭᠠᠵᠠᠢ᠂ ︽ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ︾ ︽ᠦᠨᠡᠨ ᠢ ᠨᠤᠷᠭᠠᠵᠤ ᠬᠤᠳᠠᠯ ᠢᠶᠠᠷ ᠪᠠᠶᠢᠭᠤᠯᠬᠤ︾ ᠶᠢ ᠴᠠᠭᠠᠵᠢᠯᠠᠬᠤ᠂ ︽ᠬᠠᠭᠤᠴᠢᠨ ᠬᠤᠲᠠ ᠶᠢ ᠳᠠᠭᠢᠵᠤ ᠨᠤᠷᠠᠭᠠᠵᠤ ᠪᠣᠯᠬᠤ ᠦᠭᠡᠢ︾ ᠭᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠲᠠᠢ ᠣᠷᠣᠨ ᠰᠠᠭᠤᠴᠠ ᠶᠢᠨ ᠨᠡᠷ᠎ᠡ ᠪᠠᠷ ᠬᠠᠤᠯᠢ ᠲᠣᠭᠲᠠᠭᠠᠯ ᠢ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠨᠤᠷᠠᠭᠠᠬᠤ ᠶᠢ ᠴᠢᠩᠭ᠎ᠠ ᠴᠠᠭᠠᠵᠠᠯᠠᠵᠤ᠂ ᠬᠠᠮᠠᠭᠠᠯᠠᠯᠲᠠ ᠶᠢᠨ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ᠂ ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠶᠢ ᠴᠢᠩᠭ᠎ᠠ ᠴᠠᠭᠠᠵᠠᠯᠠᠨ᠎ᠠ᠃ ᠲᠡᠦᠬᠡ ᠶᠢ ᠪᠢᠰᠢᠷᠡᠨ ᠵᠢᠷᠦᠬᠡᠰᠢᠶᠡᠬᠦ᠂ ᠰᠣᠶᠣᠯ ᠢ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠲᠡᠦᠬᠡ ᠰᠣᠶᠣᠯ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠨᠠᠶᠢᠳᠠᠪᠤᠷᠢᠵᠢᠭᠤᠯᠵᠤ᠂ ᠲᠡᠦᠬᠡ ᠰᠣᠶᠣᠯ ᠤᠨ ᠥᠪ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠦᠷᠭᠦᠯᠵᠢᠯᠡᠬᠦ ᠴᠢᠨᠠᠷ ᠢ ᠪᠠᠲᠤ ᠰᠠᠬᠢᠨ᠎ᠠ᠃      ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠪᠦᠬᠦᠯᠢ ᠴᠣᠭᠴᠠ ᠶᠢᠨ ᠴᠢᠨᠠᠷᠲᠠᠢ ᠣᠶᠢᠯᠠᠭᠠᠭᠳᠠᠬᠤᠨ ᠢᠶᠠᠷ ᠤᠷᠤᠨ ᠵᠠᠢ ᠶᠢᠨ ᠡᠮᠬᠢ ᠳᠢᠭᠯᠢᠮ ᠢ ᠳᠠᠬᠢᠨ ᠴᠣᠭᠴᠠᠯᠠᠨ᠎ᠠ᠃ ᠲᠡᠦᠬᠡ ᠰᠣᠶᠣᠯ ᠤᠨ ᠥᠪ ᠨᠢ ᠲᠤᠰᠠᠭᠠᠷ ᠣᠷᠣᠰᠢᠬᠤ ᠪᠢᠰᠢ᠂ ᠬᠠᠷᠢᠨ ᠬᠤᠳᠠ ᠶᠢᠨ ᠣᠷᠣᠨ ᠵᠠᠢ ᠶᠢᠨ ᠪᠠᠶᠢᠷᠢᠰᠢᠯ᠂ ᠲᠡᠦᠬᠡ ᠶᠢᠨ ᠰᠤᠳᠠᠰᠤ᠂ ᠨᠡᠶᠢᠭᠡᠮ ᠤᠨ ᠠᠮᠢᠳᠤᠷᠠᠯ ᠵᠡᠷᠭᠡ ᠲᠠᠢ ᠨᠢᠭᠲᠠ ᠬᠤᠯᠪᠣᠯᠳᠤᠵᠤ ᠪᠠᠶᠢᠳᠠᠭ᠃ ︽ᠰᠠᠨᠠᠯ︾ ᠳᠤ ᠳᠤᠷᠠᠳᠤᠭᠰᠠᠨ ᠨᠢ᠂ ᠰᠣᠶᠣᠯ ᠤᠨ ᠥᠪ ᠤᠨ ᠨᠥᠯᠥᠭᠡ ᠶᠢ ᠦᠨᠡᠯᠡᠬᠦ ᠠᠵᠢᠯ ᠢ ᠥᠷᠨᠢᠭᠦᠯᠵᠦ᠂ ︽ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠶᠠᠪᠤᠴᠠ ᠳᠤ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ︾ ᠭᠡᠵᠦ ᠴᠢᠬᠤᠯᠠᠴᠢᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠳᠤ ᠰᠣᠶᠣᠯ ᠤᠨ ᠥᠪ ᠤᠨ ᠦᠨ᠎ᠡ ᠦᠷᠳᠡᠭ ᠢ ᠠᠭᠤᠳᠠᠯᠵᠤ᠂ ᠤᠯᠠᠮᠵᠢᠯᠠᠯᠲᠤ ᠳᠦᠷᠰᠦ ᠪᠠᠶᠢᠳᠠᠯ ᠢ ᠬᠠᠮᠠᠭᠠᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠨ ᠰᠠᠶᠢᠵᠢᠷᠠᠭᠤᠯᠬᠤ ᠲᠥᠰᠥᠯ ᠢ ᠲᠣᠭᠲᠠᠭᠠᠬᠤ ᠶᠢᠨ ᠬᠠᠮᠲᠤ ︽ᠬᠤᠳᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠭᠠᠵᠠᠷ ᠤᠨ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ︾ ᠭᠡᠵᠦ ᠱᠠᠭᠠᠷᠳᠠᠵᠤ᠂ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠢᠯᠡᠷᠡᠭᠦᠯᠦᠨ᠎ᠡ᠃ ᠬᠤᠳᠠ ᠶᠢᠨ ᠲᠡᠦᠬᠡ ᠰᠣᠶᠣᠯ ᠤᠨ ᠥᠪ ᠤᠨ ᠬᠤᠳᠠ ᠶᠢᠨ ᠲᠡᠦᠬᠡ ᠶᠢᠨ ᠳᠦᠷᠰᠦ ᠪᠠᠶᠢᠳᠠᠯ ᠪᠠ ᠣᠨᠴᠠᠯᠢᠭᠲᠤ ᠰᠣᠶᠣᠯ ᠤᠨ ᠠᠭᠤᠯᠬᠤᠨ ᠢ ᠢᠯᠡᠷᠡᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠬᠤᠳᠠ ᠶᠢᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ᠂ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ︽ᠬᠥᠮᠥᠨ — ᠬᠤᠳᠠ — ᠲᠡᠦᠬᠡ︾ ᠶᠢᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠲᠠᠬᠢᠨ ᠪᠦᠲᠦᠭᠡᠬᠦ ᠪᠠ ᠲᠠᠬᠢᠨ ᠲᠠᠶᠢᠯᠪᠤᠷᠢᠯᠠᠬᠤ ᠶᠢ ᠪᠡᠶᠡᠯᠡᠭᠦᠯᠬᠦ ᠬᠡᠷᠡᠭᠲᠡᠢ᠃      ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠪᠠᠷ ᠵᠠᠰᠠᠬᠤ ᠬᠦᠴᠦᠨ ᠢᠶᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠬᠤᠳᠠ ᠶᠢᠨ ᠰᠢᠨᠡᠴᠢᠯᠡᠯᠲᠡ ᠪᠠ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠷᠢᠴᠠᠭ᠎ᠠ ᠶᠢ ᠲᠣᠬᠢᠲᠠᠢ ᠰᠢᠢᠳᠪᠦᠷᠢᠯᠡᠬᠦ ᠵᠢᠴᠢ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠰᠠᠭᠤᠭᠠᠯᠢ ᠠᠷᠠᠳ ᠤᠨ ᠬᠠᠷᠢᠴᠠᠭ᠎ᠠ ᠶᠢ ᠵᠣᠬᠢᠴᠠᠭᠤᠯᠬᠤ ᠪᠣᠯ ᠲᠤᠶᠢᠯ ᠤᠨ ᠵᠠᠩᠭᠢᠯᠠᠭ᠎ᠠ ᠪᠣᠯᠬᠤ ᠪᠥᠭᠡᠳ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠳᠤ ᠠᠰᠢᠭᠲᠠᠢ ᠶᠤᠮ᠃ ︽ᠰᠠᠨᠠᠯ︾ ᠳᠤ ︽ᠰᠠᠭᠤᠭᠠᠯᠢ ᠠᠷᠠᠳ ᠢᠶᠠᠷ ᠭᠤᠣᠯ ᠴᠣᠭᠴᠠ ᠪᠣᠯᠭᠠᠭᠰᠠᠨ ᠬᠠᠮᠠᠭᠠᠯᠠᠯᠳᠠ ᠶᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠵᠠᠰᠠᠨ ᠰᠡᠷᠭᠦᠭᠡᠬᠦ ᠪᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠶᠢ ᠲᠦᠯᠬᠢᠨ ᠠᠬᠢᠭᠤᠯᠵᠤ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠬᠠᠶᠢᠨ ᠰᠦᠪᠡᠭᠴᠢᠯᠡᠨ᠎ᠡ︾ ᠭᠡᠵᠦ ᠳᠤᠷᠠᠳᠤᠨ ᠭᠠᠷᠭᠠᠪᠠ᠃ ᠦᠷᠭᠦᠯᠵᠢᠯᠡᠬᠦ ᠬᠠᠮᠠᠭᠠᠯᠠᠯᠲᠠ ᠶᠢᠨ ᠵᠠᠭᠪᠤᠷ ᠪᠣᠯᠣᠨ ᠠᠷᠭ᠎ᠠ ᠵᠠᠮ ᠢ ᠰᠦᠪᠡᠭᠴᠢᠯᠡᠵᠦ᠂ ᠨᠡᠶᠢᠭᠡᠮ ᠤᠨ ᠣᠷᠣᠯᠴᠠᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠪᠡᠯᠡ ᠮᠥᠩᠭᠦ᠂ ᠭᠠᠵᠠᠷ ᠰᠢᠷᠣᠢ᠂ ᠭᠠᠶᠢᠯᠢ ᠲᠠᠲᠠᠪᠤᠷᠢ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠤᠨ ᠬᠠᠮᠵᠢᠯᠴᠠᠨ ᠬᠦᠴᠦᠯᠡᠬᠦ ᠶᠢ ᠪᠡᠶᠡᠯᠡᠭᠦᠯᠬᠦ ᠬᠡᠷᠡᠭᠲᠡᠢ︔ ᠲᠡᠦᠬᠡ ᠰᠣᠶᠣᠯ ᠤᠨ ᠥᠪ ᠢ ᠠᠮᠢᠳᠤᠯᠢᠭ ᠢᠶᠠᠷ ᠤᠯᠠᠮᠵᠢᠯᠠᠨ ᠵᠠᠯᠭᠠᠮᠵᠢᠯᠠᠬᠤ ᠠᠷᠭ᠎ᠠ ᠵᠠᠮ ᠢ ᠥᠷᠭᠡᠳᠬᠡᠵᠦ᠂ ︽ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ︾᠂ ︽ᠬᠡᠷᠡᠭᠯᠡᠬᠦ ᠪᠠᠷ ᠬᠠᠮᠠᠭᠠᠯᠠᠬᠤ ᠶᠢ ᠳᠠᠶᠢᠴᠢᠯᠠᠬᠤ︾ ᠶᠢ ᠪᠠᠷᠢᠮᠲᠠᠯᠠᠵᠤ᠂ ᠲᠣᠭᠠᠴᠢᠯᠠᠭᠰᠠᠨ ᠰᠢᠨ᠎ᠡ ᠮᠡᠷᠭᠡᠵᠢᠯ ᠰᠢᠨ᠎ᠡ ᠴᠢᠳᠠᠮᠵᠢ ᠰᠢᠨ᠎ᠡ ᠡᠵᠡᠩᠨᠡᠯᠲᠡ ᠶᠢᠨ ᠬᠡᠯᠪᠡᠷᠢ ᠶᠢ ᠨᠡᠭᠡᠭᠡᠨ ᠬᠥᠭᠵᠢᠭᠦᠯᠵᠦ᠂ ᠲᠡᠦᠬᠡ ᠰᠣᠶᠣᠯ ᠤᠨ ᠡᠯᠧᠮᠧᠨ᠋ᠲ ᠪᠣᠯᠣᠨ ᠤᠷᠠᠯᠢᠭ᠂ ᠰᠣᠶᠣᠯ ᠵᠤᠭᠠᠴᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ᠰᠣᠶᠣᠯ ᠤᠨ ᠡᠨᠧᠷᠭᠢ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠬᠡᠷᠡᠭᠲᠡᠢ᠃      ᠲᠡᠦᠬᠡ ᠶᠢᠨ ᠤᠯᠠᠮᠵᠢᠯᠠᠯ ᠰᠣᠶᠣᠯ ᠰᠤᠳᠠᠰᠤ ᠶᠢ ᠦᠷᠭᠦᠯᠵᠢᠯᠡᠭᠦᠯᠵᠦ᠂ ᠰᠢᠨ᠎ᠡ ᠶᠢ ᠡᠭᠦᠳᠬᠦ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠣᠶᠣᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ︽ᠰᠠᠨᠠᠯ︾ ᠢᠶᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢᠨ ᠰᠠᠭᠤᠷᠢ ᠶᠢ ᠪᠠᠲᠤᠳᠬᠠᠨ᠂ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠪᠠ ᠡᠬᠢ ᠪᠠᠶᠠᠯᠢᠭ ᠢᠶᠠᠷ ᠲᠤᠯᠭᠠᠭᠤᠷᠢᠯᠠᠬᠤ ᠶᠢ ᠴᠢᠩᠭᠠᠳᠬᠠᠨ᠂ ᠠᠮᠢᠳᠤᠯᠢᠭ ᠠᠰᠢᠭᠯᠠᠬᠤ ᠠᠷᠭ᠎ᠠ ᠵᠠᠮ ᠪᠠᠭᠠᠵᠢ ᠶᠢᠨ ᠰᠢᠨ᠎ᠡ ᠶᠢ ᠡᠭᠦᠳᠴᠦ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠳᠤᠮᠳᠠ ᠲᠡᠦᠬᠡ ᠰᠣᠶᠣᠯ ᠤᠨ ᠥᠪ ᠢ ᠦᠨᠡᠨᠬᠦ ᠬᠠᠮᠠᠭᠠᠯᠠᠨ ᠵᠠᠯᠭᠠᠮᠵᠢᠯᠠᠵᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠭᠦᠨ ᠭᠦᠨᠵᠡᠭᠡᠢ ᠠᠭᠤᠯᠤᠭᠳᠠᠬᠤᠨ ᠪᠠ ᠥᠨᠢ ᠤᠳᠠᠭᠠᠨ ᠤ ᠠᠮᠢᠵᠢᠷᠠᠯ ᠤᠨ ᠬᠦᠴᠦᠨ ᠢ ᠨᠡᠮᠡᠷᠢᠯᠡᠬᠦ ᠬᠡᠷᠡᠭᠲᠡᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1