ᠬᠤᠳᠠ ᠶᠢᠨ ᠰᠢᠨᠡᠴᠢᠯᠡᠯᠲᠡ ᠪᠣᠯ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠪᠣᠯᠣᠨ᠎ᠠ᠃ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠰᠣᠶᠣᠯ ᠤᠨ ᠰᠤᠳᠠᠰᠤ ᠶᠢ | ᠦᠷᠭᠦᠯᠵᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ᠂ | ᠤᠶᠤᠨᠴᠢ ᠬᠤᠲᠠ ᠶᠢ ᠪᠠᠶᠢᠭᠤᠯᠬᠤ ᠶᠢ ᠠᠬᠢᠭᠤᠯᠬᠤ ᠶᠢᠨ ᠲᠣᠭᠤᠷᠢᠨ ᠳᠤ 8 ᠲᠠᠯ᠎ᠠ ᠶᠢᠨ ᠭᠤᠣᠯ ᠡᠭᠦᠷᠭᠡ ᠶᠢ | ᠪᠠᠶᠢᠷᠢᠯᠠᠭᠤᠯᠵᠤ᠂ ᠰᠢᠰᠲ᠋ᠧᠮᠲᠦ ᠴᠢᠨᠠᠷ ᠢᠶᠠᠷ ᠴᠢᠩᠭ᠎ᠠ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ᠂ ᠨᠠᠷᠢᠯᠢᠭ | ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠣᠨᠴᠠᠯᠢᠭ ᠲᠠᠢ ᠪᠣᠯᠭᠠᠵᠠᠢ᠃ | ᠣᠷᠴᠢᠨ ᠠᠬᠤᠢ ᠶᠢ ᠰᠢᠯᠢᠳᠡᠭᠵᠢᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠳᠡᠭᠡᠨ᠎ᠡ | ︽ᠰᠠᠨᠠᠯ︾ ᠳᠤ ᠠᠷᠠᠳ ᠤᠨ ᠲᠥᠯᠥᠭᠡ᠂ ᠠᠷᠠᠳ ᠲᠤ ᠲᠥᠬᠦᠮ ᠦᠵᠡᠭᠦᠯᠬᠦ᠂ ᠠᠷᠠᠳ ᠢ ᠠᠮᠤᠷᠵᠢᠭᠤᠯᠬᠤ | ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠮᠠᠰᠢ ᠣᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠳᠡᠳ᠋ ᠰᠠᠶᠢᠳ ᠴᠢᠨ ᠬᠠᠢ ᠰᠢᠶᠠᠩ ᠤᠨ ᠲᠠᠨᠢᠯᠴᠠᠭᠤᠯᠤᠭᠰᠠᠨ ᠢᠶᠠᠷ᠂ ᠠᠶᠤᠯᠲᠠᠢ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠲᠤᠭᠳᠠᠭᠤᠨ ᠢᠶᠠᠷ ᠠᠬᠢᠭᠤᠯᠬᠤ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠶᠡᠷᠦᠩᠬᠡᠶᠢᠯᠡᠨ ᠴᠡᠭᠴᠡᠯᠡᠨ ᠥᠭᠡᠷᠡᠴᠢᠯᠡᠬᠦ ᠶᠢ ᠠᠬᠢᠭᠤᠯᠬᠤ᠂ ᠪᠦᠷᠢᠨ ᠪᠦᠲᠦᠨ ᠨᠡᠶᠢᠭᠡᠮ ᠲᠣᠭᠤᠷᠢᠭ ᠢ | ᠪᠦᠲᠦᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠨᠢ ᠴᠥᠮ ᠤᠯᠠᠨ ᠲᠦᠮᠡᠨ ᠤ ᠳᠡᠷᠭᠡᠳᠡᠬᠢ ᠪᠠᠴᠢᠮ ᠬᠦᠴᠢᠷᠲᠡᠢ | ᠵᠣᠪᠠᠨᠢᠯᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠡᠩ ᠠᠮᠤᠷ ᠲᠦᠪᠰᠢᠨ ᠲᠠᠭᠠᠯᠠᠮᠵᠢᠲᠠᠢ ᠣᠷᠣᠨ | ᠰᠠᠭᠤᠴᠠ ᠶᠢᠨ ᠨᠥᠬᠦᠴᠡᠯ ᠢ ᠪᠤᠢ ᠪᠣᠯᠭᠠᠬᠤ᠂ ᠨᠡᠩ ᠳᠥᠭᠦᠮ ᠳᠥᠲᠡ ᠥᠨᠳᠥᠷ ᠪᠦᠲᠦᠮᠵᠢᠲᠡᠢ ᠤᠯᠠᠨ ᠨᠡᠶᠢᠲᠡ ᠶᠢᠨ | ᠦᠢᠯᠡᠴᠢᠯᠡᠭᠡ ᠪᠣᠯᠣᠨ ᠨᠡᠩ ᠭᠤᠶᠤ ᠰᠠᠶᠢᠬᠠᠨ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ | ᠶᠤᠮ᠃ | ᠡᠭᠦᠷᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠰᠠᠨᠠᠯ︾ ᠳᠤ ᠰᠠᠶᠢᠨ ᠭᠡᠷ ᠪᠠᠶᠢᠰᠢᠩ᠂ ᠰᠠᠶᠢᠨ | ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠤᠨ ︽ | ᠳᠥᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠪᠠᠶᠢᠷᠢᠯᠠᠭᠤᠯᠤᠭᠰᠠᠨ ᠨᠢ ᠮᠠᠰᠢ | ᠴᠢᠩᠭ᠎ᠠ ᠰᠢᠰᠲ᠋ᠧᠮᠲᠦ ᠴᠢᠨᠠᠷ ᠲᠠᠢ ᠶᠤᠮ᠃ ᠡᠭᠦᠨ ᠳᠤ᠂ ᠤᠷᠤᠨ ᠰᠠᠭᠤᠴᠠ ᠶᠢᠨ ᠲᠣᠭᠤᠷᠢᠭ᠂ ᠨᠡᠶᠢᠭᠡᠮ | ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ᠂ | ᠬᠤᠲᠠ ᠪᠠᠯᠭᠠᠰᠤ ᠶᠢᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠶᠢ ᠲᠦᠯᠬᠢᠨ | ᠠᠬᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠴᠢᠬᠤᠯᠠ | ᠡᠭᠦᠷᠭᠡ ᠪᠤᠯᠭᠠᠪᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ | ᠪᠠᠯᠭᠠᠰᠤ ᠶᠢᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠭᠰᠡᠨ | ᠰᠠᠭᠤᠷᠢᠨ ᠳᠡᠭᠡᠷ᠎ᠡ᠂ ᠤᠷᠤᠨ ᠰᠠᠭᠤᠴᠠ ᠶᠢᠨ ᠲᠣᠭᠤᠷᠢᠭ ᠤᠨ ᠳᠣᠲᠣᠷᠠᠬᠢ ᠬᠠᠭᠤᠴᠢᠷᠠᠭᠰᠠᠨ ᠬᠤᠭᠤᠯᠠᠢ ᠲᠤᠤᠷ ᠢ | ᠥᠭᠡᠷᠡᠴᠢᠯᠡᠬᠦ ᠠᠵᠢᠯ ᠢ ᠦᠷᠭᠦᠯᠵᠢᠯᠡᠨ ᠭᠤᠣᠯᠳᠠᠯᠭ᠎ᠠ ᠲᠠᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠢ | ᠠᠷᠢᠯᠭᠠᠨ᠎ᠠ᠃ ᠪᠠᠷᠢᠯᠭ᠎ᠠ ᠶᠢᠨ ᠭᠡᠷ ᠤᠨ ᠭᠠᠳᠠᠷᠭᠤ᠂ ᠭᠠᠳᠠᠷ ᠬᠡᠷᠡᠮ᠂ ᠠᠰᠠᠷ ᠤᠨ ᠱᠠᠲᠤ ᠵᠡᠷᠭᠡ ᠤᠯᠠᠨ ᠨᠡᠶᠢᠲᠡ ᠶᠢᠨ | ᠣᠷᠣᠨ ᠪᠠᠶᠢᠷᠢ ᠶᠢ ᠰᠡᠯᠪᠢᠨ ᠵᠠᠰᠠᠬᠤ᠂ ᠤᠷᠤᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠠᠵᠢᠯ ᠢ ᠥᠷᠨᠢᠭᠦᠯᠵᠦ᠂ ᠤᠷᠤᠨ ᠰᠠᠭᠤᠴᠠ ᠶᠢᠨ | ᠲᠣᠭᠤᠷᠢᠭ ᠤᠨ ᠳᠣᠲᠣᠷᠠᠬᠢ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠵᠦ᠂ | ᠨᠥᠬᠦᠴᠡᠯ ᠲᠠᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠡᠮᠵᠢᠵᠤ᠂ ᠤᠯᠠᠨ ᠲᠦᠮᠡᠨ ᠤ ᠣᠷᠣᠰᠢᠨ | ᠰᠠᠭᠤᠬᠤ ᠨᠥᠬᠦᠴᠡᠯ ᠪᠠ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠡᠭᠦᠨ ᠤ ᠬᠠᠮᠲᠤ᠂ ᠪᠦᠷᠢᠨ | ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ︽ᠨᠢᠭᠡ ᠨᠠᠰᠤᠲᠠᠨ ᠨᠢᠭᠡ ᠨᠢᠯᠬᠠᠰ︾ | ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠢᠴᠢ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ | ᠵᠡᠷᠭᠡ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ | ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠨ᠎ᠠ᠃ | ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠣᠯ ᠬᠤᠲᠠ ᠶᠢᠨ | ᠰᠢᠨᠡᠴᠢᠯᠡᠯᠲᠡ ᠶᠢᠨ ᠴᠢᠬᠤᠯᠠ ᠡᠭᠦᠷᠭᠡ ᠪᠠᠶᠢᠵᠤ᠂ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠳᠣᠲᠣᠷ︾ | ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ | ᠪᠣᠬᠢᠷ ᠤᠰᠤ᠂ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠲᠣᠣᠷ ᠢ ᠲᠠᠰ | ᠳᠡᠪᠰᠢᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠠᠮᠤᠷ | ᠲᠦᠪᠰᠢᠨ ᠤ ᠤᠶᠠᠨ ᠬᠠᠲᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠶᠢᠨ ᠤᠰᠤ ᠲᠠᠲᠠᠷᠠᠭᠤᠯᠵᠤ | ᠤᠰᠤᠲᠤᠯ ᠢ ᠰᠡᠷᠭᠡᠶᠢᠯᠡᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠲᠠ ᠪᠠᠯᠭᠠᠰᠤ ᠶᠢᠨ ᠰᠢᠲᠠᠮᠠᠬᠠᠢ | ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠬᠤᠲᠠ ᠶᠢᠨ ᠠᠮᠢ ᠨᠠᠰᠤᠨ ᠤ ᠠᠮᠤᠷ | ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ | ᠶᠠᠪᠤᠳᠠᠯ ᠤᠨ ᠪᠡᠯᠡᠳᠬᠡᠮᠵᠢ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠬᠥᠳᠡᠯᠦᠩᠭᠦᠢ ᠪᠠᠷ ᠤᠷᠢᠳᠴᠢᠯᠠᠨ | ᠰᠡᠷᠡᠮᠵᠢᠯᠡᠭᠦᠯᠵᠦ᠂ ᠪᠦᠲᠦᠮᠵᠢᠲᠡᠶ ᠰᠢᠢᠳᠪᠦᠷᠢᠯᠡᠨ᠂ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠨ᠎ᠠ᠃ | ᠲᠥᠯᠦᠪᠵᠢᠭᠦᠯᠭᠡ ᠶᠢ ᠠᠳᠬᠤᠵᠤ ᠬᠦᠴᠢᠷ ᠠᠰᠠᠭᠤᠳᠠᠯ ᠢ ᠰᠢᠢᠳᠪᠦᠷᠢᠯᠡᠨ᠎ᠡ | ︽ᠰᠠᠨᠠᠯ︾ ᠳᠤ᠂ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠲᠦᠪᠡᠭᠲᠡᠢ ᠠᠰᠠᠭᠤᠳᠠᠯ ᠢ | ᠰᠢᠢᠳᠪᠦᠷᠢᠯᠡᠬᠦ ᠪᠠᠷ ᠭᠤᠣᠯᠯᠠᠭᠤᠯᠤᠨ 6 ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠂ ᠡᠭᠦᠨ ᠳᠤ᠂ | ᠬᠤᠲᠠ ᠶᠢᠨ ᠰᠢᠨᠡᠴᠢᠯᠡᠯᠲᠡ ᠶᠢᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠭᠠᠵᠠᠷ ᠬᠡᠷᠡᠭᠯᠡᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ ᠣᠯᠠᠨ | ᠡᠰᠢᠴᠢᠯᠡᠭᠰᠡᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠢ ᠪᠦᠷᠢᠨᠰᠢᠭᠦᠯᠬᠦ᠂ ᠬᠤᠲᠠ ᠶᠢᠨ | ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠪᠠᠶᠢᠭᠤᠯᠬᠤ᠂ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠬᠦ | ᠵᠡᠷᠭᠡ ᠪᠠᠭᠲᠠᠨ᠎ᠠ᠃ | ᠬᠤᠲᠠ ᠶᠢᠨ ᠰᠢᠨᠡᠴᠢᠯᠡᠯᠲᠡ ᠨᠢ ᠭᠠᠵᠠᠷ ᠰᠢᠷᠣᠢ ᠶᠢᠨ ᠬᠡᠷᠡᠭᠯᠡᠯᠲᠡ ᠪᠠ ᠲᠥᠯᠦᠪᠵᠢᠭᠦᠯᠭᠡ ᠶᠢᠨ | ᠲᠣᠬᠢᠷᠠᠭᠤᠯᠤᠯᠲᠠ ᠲᠠᠢ ᠬᠤᠯᠪᠣᠭᠳᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠶᠡᠷᠦᠩᠬᠡᠢ ᠲᠥᠯᠥᠪᠯᠡᠭᠴᠢ | ᠵᠠᠩ ᠪᠢᠩ ᠲᠠᠨᠢᠯᠴᠠᠭᠤᠯᠬᠤ ᠳᠠᠭᠠᠨ᠂ ᠪᠠᠶᠢᠴᠠᠭᠠᠯᠲᠠ᠂ ᠳᠠᠩᠰᠠᠯᠠᠯᠲᠠ᠂ ᠡᠷᠬᠡ ᠠᠰᠢᠭ᠂ ᠲᠥᠯᠦᠪᠵᠢᠭᠦᠯᠭᠡ᠂ | ᠬᠡᠷᠡᠭᠯᠡᠯᠲᠡ ᠶᠢᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠯᠲᠠ ᠵᠡᠷᠭᠡ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠰᠠᠭᠠᠳ ᠦᠭᠡᠢ | ᠨᠠᠪᠲᠠᠷᠡᠭᠦᠯᠵᠦ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠪᠦᠰᠡ ᠶᠢᠨ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠲᠤᠰᠬᠠᠢ ᠲᠥᠯᠦᠪᠵᠢᠭᠦᠯᠭᠡ ᠶᠢᠨ ᠲᠤᠬᠠᠢ ᠵᠢᠯᠣᠭᠤᠳᠤᠯᠭ᠎ᠠ ᠪᠠ ᠬᠤᠷᠢᠭ᠎ᠠ | ᠱᠤᠭᠤᠮ ᠤᠨ ᠡᠵᠡᠮᠳᠡᠯ ᠢ ᠴᠢᠩᠭᠠᠳᠬᠠᠨ᠎ᠠ᠃ ᠨᠠᠷᠢᠨ ᠨᠢᠭᠲᠠ ᠲᠥᠯᠦᠪᠵᠢᠭᠦᠯᠭᠡ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠠᠳᠠᠭᠠᠯᠠᠯᠳᠠ ᠶᠢᠨ ᠴᠠᠭ ᠦᠶ᠎ᠡ ᠶᠢᠨ ᠬᠤᠳᠠ ᠶᠢᠨ ᠰᠢᠨᠡᠴᠢᠯᠡᠯᠲᠡ ᠶᠢᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ | ᠬᠤᠳᠠ ᠶᠢᠨ ᠰᠢᠨᠡᠴᠢᠯᠡᠯᠲᠡ ᠶᠢᠨ ᠭᠤᠤᠯ ᠴᠣᠭᠴᠠ ᠨᠢ ᠤᠯᠠᠨ ᠡᠰᠢᠳᠦ᠂ ᠬᠦᠰᠡᠯ ᠱᠠᠭᠠᠷᠳᠠᠯᠭ᠎ᠠ ᠨᠢ ᠤᠯᠠᠨ | ᠶᠠᠩᠵᠤ ᠶᠢᠨ ᠪᠠᠶᠢᠳᠠᠭ ᠪᠣᠯᠬᠤᠷ ᠬᠤᠳᠠ ᠶᠢᠨ ᠰᠢᠨᠡᠴᠢᠯᠡᠯᠲᠡ ᠳᠤ ᠵᠣᠬᠢᠴᠠᠭᠰᠠᠨ ᠬᠡᠷᠡᠭᠵᠢᠭᠦᠯᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠶᠤᠮ᠃ ᠴᠢᠨ ᠬᠠᠢ ᠰᠢᠶᠠᠩ ᠤᠨ ᠲᠠᠨᠢᠯᠴᠠᠭᠤᠯᠤᠭᠰᠠᠨ ᠢᠶᠠᠷ᠂ | ᠬᠤᠲᠠ ᠶᠢᠨ ᠰᠢᠨᠡᠴᠢᠯᠡᠯᠳᠡ ᠳᠤ ᠪᠡᠶ᠎ᠡ ᠶᠢᠨ ᠪᠠᠶᠢᠴᠠᠭᠠᠯᠲᠠ ᠶᠢ ᠠᠳᠬᠤᠬᠤ ᠬᠡᠷᠡᠭᠲᠡᠢ᠃ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠪᠡᠶ᠎ᠡ ᠶᠢᠨ ᠪᠠᠶᠢᠴᠠᠭᠠᠯᠲᠠ ᠳᠤ ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠨᠡᠳᠬᠡᠨ ᠰᠢᠢᠳᠪᠦᠷᠢᠯᠡᠬᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ | ᠵᠢᠱᠢᠬᠦ᠂ ᠪᠠᠬᠢᠵᠢᠭᠦᠯᠦᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠪᠢᠲᠡᠭᠦᠦ ᠠᠵᠢᠯ ᠤᠨ ᠲᠣᠭᠲᠠᠴᠠ ᠶᠢ | ᠪᠠᠶᠢᠭᠤᠯᠤᠨ᠎ᠠ᠃ ᠬᠤᠳᠠ ᠶᠢᠨ ᠰᠢᠨᠡᠴᠢᠯᠡᠯᠳᠡ ᠳᠤ ᠲᠥᠯᠦᠪᠵᠢᠭᠦᠯᠭᠡ ᠶᠢ ᠠᠳᠬᠤᠬᠤ ᠬᠡᠷᠡᠭᠲᠡᠢ᠃ ᠲᠤᠰᠬᠠᠢ | ᠲᠥᠯᠦᠪᠵᠢᠭᠦᠯᠭᠡ᠂ ᠬᠡᠰᠡᠭ ᠲᠣᠭᠤᠷᠢᠭ ᠤᠨ ᠤᠬᠠᠭᠠᠯᠠᠭ᠎ᠠ᠂ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠡᠭᠦᠨ ᠤ ᠬᠠᠮᠲᠤ᠂ ᠬᠤᠲᠠ ᠶᠢᠨ ᠵᠢᠷᠤᠭ | ᠲᠥᠯᠥᠪᠯᠡᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠡᠷ ᠪᠠᠶᠢᠰᠢᠩ᠂ ᠤᠷᠤᠨ ᠰᠠᠭᠤᠴᠠ ᠶᠢᠨ | ᠲᠣᠭᠤᠷᠢᠭ᠂ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ ᠵᠡᠷᠭᠡ ᠠᠳᠠᠯᠢ ᠪᠤᠰᠤ ᠵᠢᠷᠤᠭ ᠲᠥᠯᠥᠪᠯᠡᠭᠡ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠬᠤᠳᠠ ᠶᠢᠨ ᠰᠢᠨᠡᠴᠢᠯᠡᠯᠳᠡ ᠳᠤ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠤᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠮᠥᠩᠭᠦ | ᠴᠤᠭᠯᠠᠭᠤᠯᠬᠤ ᠠᠷᠭ᠎ᠠ ᠬᠡᠯᠪᠡᠷᠢ ᠶᠢ ᠪᠦᠷᠢᠨᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠴᠠᠬᠤ ᠶᠢ | ᠬᠥᠲᠥᠯᠥᠨ ᠵᠢᠯᠤᠭᠤᠳᠴᠤ᠂ ᠵᠠᠰᠠᠭ ᠤᠨ ᠣᠷᠳᠣᠨ ᠠᠴᠠ ᠬᠥᠲᠥᠯᠥᠨ ᠳᠠᠭᠠᠭᠤᠯᠤᠭᠰᠠᠨ᠂ ᠵᠠᠬ᠎ᠠ ᠳᠡᠯᠭᠡᠭᠦᠷ ᠢᠶᠠᠷ | ᠠᠵᠢᠯᠯᠠᠭᠤᠯᠤᠭᠰᠠᠨ᠂ ᠤᠯᠠᠨ ᠨᠡᠶᠢᠲᠡ ᠪᠠᠷ ᠢᠶᠠᠨ ᠣᠷᠣᠯᠴᠠᠭᠰᠠᠨ ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ | ᠵᠠᠭᠪᠤᠷ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠪᠦᠬᠦᠨ ᠢ ᠦᠨᠡᠨᠬᠦ ᠪᠣᠳᠠᠲᠠᠢ ᠬᠢᠵᠦ᠂ | ᠰᠠᠶᠢᠲᠤᠷ ᠬᠢᠨ᠎ᠡ᠃ | ᠪᠠᠲᠤᠯᠠᠭ᠎ᠠ ᠶᠢ ᠴᠢᠩᠭᠠᠳᠬᠠᠵᠤ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ | ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠬᠤ ᠪᠣᠯ | ᠬᠤᠳᠠ ᠶᠢᠨ ᠰᠢᠨᠡᠴᠢᠯᠡᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠨᠥᠬᠦᠴᠡᠯ ᠮᠥᠨ᠃ ᠡᠳ᠋ ᠤᠨ ᠵᠠᠰᠠᠭ ᠤᠨ | ᠶᠠᠮᠤᠨ ᠤ ᠠᠵᠤ ᠠᠬᠤᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2024 | ᠣᠨ ᠳᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠣᠬᠢᠷᠠᠭᠤᠯᠵᠤ᠂ ᠣᠷᠳᠣ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠨᠡᠮᠡᠵᠦ ᠲᠠᠷᠬᠠᠭᠠᠭᠰᠠᠨ ᠤᠯᠤᠰ ᠤᠨ ᠵᠢᠭᠡᠯᠡᠯᠭᠡ ᠵᠡᠷᠭᠡ ᠪᠡᠯᠡ | ᠮᠥᠩᠭᠦ ᠶᠢ 4250 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠣᠷᠣᠨ ᠨᠤᠲᠤᠭ ᠤᠨ ᠬᠤᠲᠠ ᠪᠠᠯᠭᠠᠰᠤᠨ ᠤ | ᠰᠢᠲᠠᠮᠠᠬᠠᠢ ᠬᠡᠢ ᠶᠢᠨ ᠬᠤᠭᠤᠯᠠᠢ ᠲᠤᠤᠷ ᠢ ᠰᠢᠨᠡᠳᠬᠡᠨ ᠥᠭᠡᠷᠡᠴᠢᠯᠡᠬᠦ᠂ ᠬᠤᠲᠠ ᠶᠢᠨ ᠤᠰᠤ ᠲᠠᠲᠠᠷᠠᠭᠤᠯᠵᠤ | ᠤᠰᠤᠲᠤᠯ ᠢ ᠰᠡᠷᠭᠡᠶᠢᠯᠡᠬᠦ ᠢᠨᠵᠧᠨᠧᠷᠢᠩ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠥᠷᠨᠢᠭᠦᠯᠬᠦ ᠶᠢ ᠲᠡᠮᠵᠢᠨ᠎ᠡ᠃ | ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢᠨ ᠵᠡᠷᠭᠡᠴᠡᠭᠡᠪᠡᠷ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠎ᠠ᠂ ᠵᠢᠱᠢᠶᠡᠯᠡᠪᠡᠯ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ︽ᠭᠤᠷᠪᠠ ᠶᠢ ᠬᠡᠯᠲᠦᠷᠢᠭᠦᠯᠵᠦ ᠭᠤᠷᠪᠠ ᠶᠢ ᠬᠠᠭᠠᠰ ᠢᠶᠠᠷ ᠬᠠᠰᠤᠬᠤ︾᠂ ᠬᠤᠳᠠ | ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠢᠵᠢ | ᠪᠦᠷᠢᠳᠦᠭᠦᠯᠬᠦ ᠵᠠᠷᠤᠳᠠᠯ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠬᠠᠰᠤᠵᠤ ᠬᠡᠯᠲᠦᠷᠢᠭᠦᠯᠬᠦ ᠵᠡᠷᠭᠡ | ᠪᠣᠯᠣᠨ᠎ᠠ᠃ | ᠡᠳ᠋ ᠤᠨ ᠵᠠᠰᠠᠭ ᠤᠨ ᠶᠠᠮᠤᠨ ᠠᠴᠠ ᠪᠠᠰᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ | ᠬᠠᠮᠵᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠡᠰᠢᠴᠢᠯᠡᠭᠰᠡᠨ ᠪᠡᠯᠡ ᠲᠤᠬᠢᠷᠠᠭᠤᠯᠭ᠎ᠠ ᠶᠢᠨ | ᠲᠤᠭᠳᠠᠴᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯᠡᠰ ᠤᠨ ᠵᠢᠭᠡᠯᠡᠯᠭᠡ ᠶᠢᠨ ᠣᠷᠣᠭᠤᠯᠤᠯᠲᠠ ᠶᠢᠨ ᠬᠠᠨᠳᠤᠰᠢ ᠶᠢᠨ ᠬᠦᠷᠢᠶ᠎ᠡ ᠪᠠ ᠵᠦᠢᠯᠡᠰ ᠲᠤ ᠬᠡᠷᠡᠭᠯᠡᠬᠦ ᠬᠥᠷᠥᠩᠭᠡ | ᠮᠥᠩᠭᠦ ᠶᠢᠨ ᠬᠡᠪᠴᠢᠶ᠎ᠡ ᠶᠢ ᠥᠷᠭᠡᠳᠬᠡᠵᠦ᠂ ᠬᠤᠳᠠ ᠶᠢᠨ ᠰᠢᠨᠡᠴᠢᠯᠡᠯᠳᠡ ᠶᠢᠨ ᠬᠤᠯᠪᠣᠭᠳᠠᠯ ᠪᠦᠬᠦᠢ ᠵᠦᠢᠯᠡᠰ ᠲᠤ | ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ | ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠲᠦᠭᠰᠢᠭᠦᠷᠢ ᠶᠢ ᠡᠵᠡᠮᠳᠡᠵᠦ ᠪᠣᠯᠬᠤ᠂ ᠡᠳ᠋ ᠤᠨ ᠶᠠᠪᠤᠳᠠᠯ ᠢ | ᠦᠷᠭᠦᠯᠵᠢᠯᠡᠭᠦᠯᠵᠦ ᠪᠣᠯᠬᠤ ᠤᠷᠢᠲᠠᠯ ᠳᠣᠣᠷ᠎ᠠ᠂ ᠨᠥᠬᠦᠴᠡᠯ ᠳᠤ ᠨᠡᠶᠢᠴᠡᠬᠦ ᠬᠤᠲᠠ ᠶᠢᠨ ᠰᠢᠨᠡᠴᠢᠯᠡᠯᠳᠡ ᠶᠢᠨ | ᠲᠥᠷᠥᠯ ᠵᠦᠢᠯ ᠳᠤ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠥᠨ | ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ | ᠦᠷᠭᠦᠯᠵᠢᠯᠡᠬᠦᠶᠢᠴᠡ ᠬᠤᠲᠠ ᠶᠢᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠵᠠᠭᠪᠤᠷ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠷᠢ | ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠲᠠᠢ ᠡᠵᠡᠩᠨᠡᠯᠲᠡ ᠳᠤ | ᠣᠷᠣᠯᠴᠠᠬᠤ ᠶᠢ ᠵᠣᠷᠢᠭᠵᠢᠭᠤᠯᠤᠨ᠂ ᠨᠡᠶᠢᠭᠡᠮ ᠤᠨ ᠬᠥᠷᠥᠩᠭᠡ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠵᠡᠷᠭᠡ | ᠡᠯ᠎ᠡ ᠲᠠᠯ᠎ᠠ ᠶᠢᠨ ᠬᠢᠨ ᠢ ᠲᠡᠳᠡᠨ ᠠᠪᠴᠢᠷᠠᠵᠤ ᠬᠤᠲᠠ ᠶᠢᠨ ᠰᠢᠨᠡᠴᠢᠯᠡᠯᠲᠡ ᠶᠢᠨ ᠠᠵᠢᠯ ᠳᠤ ᠢᠳᠡᠪᠬᠢᠲᠡᠢ | ᠣᠷᠣᠯᠴᠠᠭᠤᠯᠤᠨ᠎ᠠ᠃ | ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠳᠤ ᠯᠤᠲᠤ ᠶᠡᠭᠡ ᠨᠡᠮᠡᠭᠳᠡᠯ ᠤᠨ ᠲᠠᠯᠳᠠ ᠬᠦᠴᠦᠨ ᠪᠠ | ᠬᠥᠭᠵᠢᠯᠲᠡ ᠶᠢᠨ ᠠᠵᠠ ᠲᠣᠬᠢᠶᠠᠯ ᠠᠭᠤᠯᠤᠭᠳᠠᠵᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠯᠢᠶᠣᠤ ᠶᠤᠸᠠᠨ ᠶᠤᠸᠠᠨ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠶᠡᠬᠡᠪᠡᠷ ᠳᠡᠮᠵᠢᠵᠦ | ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠬᠤ ᠶᠢ ᠠᠬᠢᠭᠤᠯᠵᠤ᠂ ᠨᠡᠩ ᠤᠯᠠᠨ ᠪᠣᠳᠠᠲᠤ ᠠᠵᠢᠯ ᠢ | ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠠᠭᠤᠷᠢ ᠪᠡᠯᠡᠳᠬᠡᠮᠵᠢ ᠪᠠ ᠴᠢᠬᠤᠯᠠ | ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠤᠰᠤ ᠴᠠᠬᠢᠯᠭᠠᠨ ᠬᠡᠢ | ᠳᠤᠯᠠᠭᠠᠯᠠᠭ᠎ᠠ᠂ ᠵᠠᠮ ᠬᠠᠷᠢᠯᠴᠠᠭᠠᠨ ᠤ ᠬᠥᠮᠥᠷᠭᠡᠯᠡᠯᠲᠡ᠂ ᠴᠢᠮᠡᠭᠡ ᠬᠤᠯᠪᠣᠭ᠎ᠠ᠂ ᠬᠤᠲᠠ ᠶᠢᠨ ᠬᠤᠭᠤᠯᠠᠢ ᠲᠣᠣᠷ ᠪᠠ | ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ ᠤᠨ ᠥᠭᠡᠷᠡᠴᠢᠯᠡᠯᠲᠡ ᠵᠡᠷᠭᠡ ᠬᠦᠷᠢᠶ᠎ᠡ ᠴᠠᠷᠠᠭ᠎ᠠ ᠶᠢᠨ ᠵᠦᠢ | ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠡᠭᠦᠨ ᠠᠴᠠ ᠭᠠᠳᠠᠨ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠳᠠᠯᠢ | ᠪᠤᠰᠤ ᠮᠥᠩᠭᠦᠨ ᠭᠦᠢᠯᠭᠡᠭᠡᠨ ᠤ ᠪᠠᠭᠠᠵᠢ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ | ᠳᠠᠭᠠᠳᠬᠠᠯ᠂ ᠢᠲᠡᠭᠡᠮᠵᠢᠲᠦ ᠨᠠᠶᠢᠳᠠᠯᠭ᠎ᠠ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠳᠠ ᠶᠢᠨ | ᠰᠢᠨᠡᠴᠢᠯᠡᠯᠲᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠠᠪᠴᠠᠭᠠᠨ ᠤ ᠡᠷᠬᠡ ᠶᠢᠨ ᠪᠡᠯᠡ | ᠣᠷᠣᠭᠤᠯᠤᠯᠲᠠ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠪᠣᠳᠠᠰ ᠤᠨ ᠡᠷᠬᠡ ᠶᠢᠨ ᠪᠡᠯᠡ ᠣᠷᠣᠭᠤᠯᠤᠯᠲᠠ | ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ | ᠲᠤᠰᠬᠠᠢ ᠬᠤᠲᠠ ᠶᠢᠨ ᠰᠢᠨᠡᠴᠢᠯᠡᠯᠳᠡ ᠶᠢᠨ ᠲᠦᠷᠦᠯ ᠵᠦᠢᠯ ᠤᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ ᠶᠢ | ᠰᠤᠳᠤᠯᠤᠨ ᠨᠡᠶᠢᠲᠡᠯᠡᠵᠦ᠂ ᠵᠢᠭᠡᠯᠡᠯᠭᠡ ᠶᠢᠨ ᠨᠥᠬᠦᠴᠡᠯ ᠤᠨ ᠪᠠᠷᠢᠮᠵᠢᠶ᠎ᠠ ᠶᠢ ᠲᠣᠳᠣᠷᠬᠠᠶᠢᠯᠠᠨ᠂ ᠬᠤᠲᠠ ᠶᠢᠨ | ᠰᠢᠨᠡᠴᠢᠯᠡᠯᠳᠡ ᠶᠢᠨ ᠠᠵᠢᠯᠯᠠᠭ᠎ᠠ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢᠨ ᠴᠠᠭ ᠲᠤᠬᠠᠶᠢᠴᠢ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠣᠨᠢᠨ |