︽ᠰᠠᠶᠢᠨ ᠭᠡᠷ ᠪᠠᠶᠢᠰᠢᠩ︾ ᠢ ᠬᠡᠷᠬᠢᠨ ᠰᠠᠶᠢᠲᠤᠷ ᠪᠦᠲᠦᠭᠡᠨ ᠪᠠᠶᠢᠭᠤᠯᠬᠤ ᠪᠤᠢ︖
ᠨᠡᠶᠢᠲᠡᠯᠡᠭᠰᠡᠨ ᠴᠠᠭ᠄
2025/5/30
      ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠡᠨᠡ ᠵᠢᠯ ᠠᠩᠬ᠎ᠠ ᠤᠳᠠᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠵᠦ ᠣᠷᠣᠭᠤᠯᠪᠠ᠄ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠬᠤ ᠪᠣᠯ ᠲᠥᠷᠥ ᠶᠢᠨ ᠪᠣᠳᠣᠯᠭ᠎ᠠ ᠶᠢᠨ ᠲᠠᠪᠬᠤᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠦᠨ᠂ ᠪᠠᠰᠠ ᠴᠤ ᠠᠷᠠᠳ ᠣᠯᠠᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠪᠤᠯᠬᠤ ᠶᠤᠮ᠃      ᠠᠷᠠᠳ ᠣᠯᠠᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠨᠢ ᠨᠡᠩ ᠴᠤ ᠠᠵᠤ ᠠᠬᠤᠶᠢᠯᠠᠯ ᠤᠨ ᠰᠠᠨᠠᠭᠠᠴᠢᠯᠠᠭᠠᠲᠤ ᠰᠣᠩᠭᠤᠯᠲᠠ ᠪᠣᠯᠬᠤ ᠶᠣᠰᠣᠲᠠᠢ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠪᠣᠯ ᠨᠢᠭᠡ ᠤᠷᠢᠶ᠎ᠠ ᠪᠢᠰᠢ᠂ ᠰᠢᠰᠲ᠋ᠧᠮ ᠲᠠᠢ ᠠᠵᠢᠯᠯᠠᠭᠠᠨ ᠤ ᠲᠥᠰᠥᠯ ᠲᠥᠯᠦᠪᠵᠢᠭᠦᠯᠭᠡ ᠳᠤᠮᠳᠠ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠂ ᠢᠩᠭᠢᠪᠡᠯ ᠪᠢᠳᠡ ᠰᠠᠶ᠋ᠢ ᠰᠠᠶᠢᠨ ᠰᠠᠶᠢᠬᠠᠨ ᠣᠷᠣᠨ ᠰᠠᠭᠤᠴᠠ ᠶᠢᠨ ᠠᠮᠢᠳᠤᠷᠠᠯ ᠠᠴᠠ ᠤᠯᠠᠮ ᠣᠶᠢᠷᠠᠬᠠᠨ ᠪᠣᠯᠵᠤ ᠴᠢᠳᠠᠨ᠎ᠠ᠃       ᠰᠠᠶᠢᠨ ᠭᠡᠷ ᠪᠠᠶᠢᠰᠢᠩ ᠢ ᠪᠠᠶᠢᠭᠤᠯᠬᠤ ᠳᠤ ᠡᠷᠬᠡᠪᠰᠢ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠳᠡᠮᠵᠢᠬᠦ ᠳᠦᠷᠢᠮ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠤᠬᠢᠶᠠᠨ ᠪᠠᠶᠢᠭᠤᠯᠤᠨ ᠣᠳᠣ ᠶᠠᠭ ︽ᠰᠠᠶᠢᠨ ᠭᠡᠷ ᠪᠠᠶᠢᠰᠢᠩ ︾ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠪᠠᠶᠢᠨ᠎ᠠ᠃ ᠪᠥᠬᠦ ᠤᠯᠤᠰ ᠤᠨ ︽ᠰᠠᠶᠢᠨ ᠭᠡᠷ ᠪᠠᠶᠢᠰᠢᠩ︾ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠶᠠᠭ ᠶᠠᠪᠤᠭᠳᠠᠬᠤ ᠭᠡᠵᠦ ᠪᠠᠶᠢᠨ᠎ᠠ᠂ ᠵᠢᠷᠤᠭ ᠲᠥᠯᠥᠪᠯᠡᠭᠴᠢ ᠶᠢ ᠬᠦᠳᠦᠯᠦᠨ ᠵᠢᠯᠤᠭᠤᠳᠴᠦ ᠣᠯᠠᠨ ᠶᠠᠩᠵᠤ ᠶᠢᠨ ᠤᠷᠤᠨ ᠰᠠᠭᠤᠴᠠ ᠶᠢᠨ ᠬᠡᠷᠡᠭᠴᠡᠭᠡᠨ ᠳᠤ ᠴᠢᠭᠯᠡᠭᠦᠯᠦᠨ ᠠᠳᠠᠯᠢ ᠪᠤᠰᠤ ᠭᠡᠷ ᠪᠠᠶᠢᠰᠢᠩ ᠤᠨ ᠬᠡᠯᠪᠡᠷᠢ᠂ ᠠᠳᠠᠯᠢ ᠪᠤᠰᠤ ᠲᠠᠯᠠᠪᠠᠶ ᠲᠠᠢ ︽ᠰᠠᠶᠢᠨ ᠭᠡᠷ ᠪᠠᠶᠢᠰᠢᠩ︾ ᠢ ᠨᠠᠷᠢᠯᠢᠭ ᠤᠨᠤᠴᠠᠳᠠᠢ ᠲᠦᠯᠦᠪᠵᠢᠭᠦᠯᠵᠦ ᠪᠦᠳᠦᠭᠡᠨ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃      ᠰᠠᠶᠢᠨ ᠭᠡᠷ ᠪᠠᠶᠢᠰᠢᠩ ᠢ ᠪᠦᠲᠦᠭᠡᠨ ᠪᠠᠶᠢᠭᠤᠯᠬᠤ ᠳᠤ ᠣᠷᠣᠨ ᠨᠤᠲᠤᠭ ᠤᠨ ᠨᠢᠭᠡᠳᠦᠯᠲᠡᠢ ᠲᠥᠯᠥᠪᠯᠡᠨ ᠠᠬᠢᠭᠤᠯᠬᠤ ᠠᠴᠠ ᠰᠠᠯᠵᠤ ᠴᠢᠳᠠᠬᠤ ᠦᠭᠡᠢ᠂ ᠡᠯ᠎ᠡ ᠭᠠᠵᠠᠷ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠂ ᠱᠠᠨᠳᠦ᠋ᠩ᠂ ᠱᠠᠨ ᠰᠢ᠂ ᠵᠢᠶᠠᠩᠰᠤ᠂ ᠬᠤᠪᠧᠢ᠂ ᠰᠧᠴᠤᠸᠠᠨ᠂ ᠨᠢᠩᠰᠢᠶᠠ᠂ ᠵᠢᠶᠠᠩᠰᠢ᠂ ᠬᠠᠶᠢᠨᠠᠨ᠂ ᠱᠠᠨᠰᠢ ᠵᠡᠷᠭᠡ ᠮᠤᠵᠢ ᠲᠤᠰᠬᠠᠢ ᠵᠢᠯᠤᠭᠤᠳᠬᠤ ᠰᠠᠨᠠᠯ ᠂ ᠬᠡᠷᠡᠭᠵᠢᠭᠦᠯᠬᠦ ᠲᠥᠰᠥᠯ᠂ ᠠᠵᠢᠯ ᠤᠨ ᠲᠥᠰᠥᠯ ᠵᠡᠷᠭᠡ ᠶᠢ ᠨᠡᠶᠢᠲᠡᠯᠡᠵᠦ᠂ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠪᠠ ᠠᠬᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠵᠢᠱᠢᠶᠡᠯᠡᠪᠡᠯ ᠱᠠᠨᠳᠦ᠋ᠩ ᠮᠤᠵᠢ ᠶᠢᠨ ᠬᠢᠨ ᠤᠷᠢᠳ ᠬᠤᠵᠢᠳ ︽ᠱᠠᠨᠳᠦ᠋ᠩ ᠮᠤᠵᠢ ᠶᠢᠨ ᠴᠢᠨᠠᠷ ᠰᠠᠶᠢᠲᠠᠢ ᠣᠷᠣᠨ ᠰᠠᠭᠤᠴᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠵᠢᠯᠤᠭᠤᠳᠬᠤ ᠰᠠᠨᠠᠯ︾ ︽︿ᠰᠠᠶᠢᠨ ᠭᠡᠷ ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠴᠢᠨᠠᠷ ᠰᠠᠶᠢᠲᠠᠢ ᠣᠷᠣᠨ ᠰᠠᠭᠤᠴᠠ ᠶᠢᠨ ᠤᠬᠠᠭᠳᠠᠬᠤᠨ ᠪᠠ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶᠢᠯᠠᠭᠰᠠᠨ ᠪᠠᠶᠢᠨ᠎ᠠ᠃      ᠰᠠᠶᠢᠨ ᠭᠡᠷ ᠪᠠᠶᠢᠰᠢᠩ ᠢ ᠪᠦᠲᠦᠭᠡᠨ ᠪᠠᠶᠢᠭᠤᠯᠬᠤ ᠳᠤ ᠪᠠᠷᠢᠮᠵᠢᠶ᠎ᠠ ᠶᠢ ᠤᠷᠢᠳᠠᠪᠠᠷ ᠬᠡᠷᠡᠭᠵᠢᠭᠦᠯᠬᠦ ᠬᠡᠷᠡᠭᠲᠡᠢ᠃ ᠡᠨᠡ ᠵᠢᠯ ᠤᠨ 5 ᠳ᠋ᠤᠭᠠᠷ ᠰᠠᠷ᠎ᠠ ᠳᠤ᠂ ᠤᠯᠤᠰ ᠤᠨ ᠪᠠᠷᠢᠮᠵᠢᠶ᠎ᠠ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠢ ᠡᠬᠢᠯᠡᠨ ᠬᠡᠷᠡᠭᠵᠢᠭᠦᠯᠪᠡ᠃ ᠬᠠᠭᠤᠴᠢᠨ ᠪᠠᠷᠢᠮᠵᠢᠶ᠎ᠠ ᠲᠠᠢ ᠬᠠᠷᠢᠴᠠᠭᠤᠯᠪᠠᠯ᠂ ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠨᠢ ᠲᠠᠪᠬᠤᠷᠯᠢᠭ ᠤᠨ ᠥᠨᠳᠥᠷ᠂ ᠴᠠᠬᠢᠯᠭᠠᠨ ᠱᠠᠲᠤ ᠶᠢᠨ ᠢᠵᠢ ᠪᠦᠷᠢᠳᠦᠭᠦᠯᠬᠦ᠂ ᠲᠠᠭᠤ ᠬᠥᠨᠳᠡᠶᠢᠷᠡᠭᠦᠯᠦᠨ ᠲᠠᠭᠤᠨ ᠢ ᠪᠠᠭᠤᠷᠠᠭᠤᠯᠬᠤ᠂ ᠬᠠᠷᠰᠢ ᠰᠠᠭᠠᠳ ᠦᠭᠡᠢ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ᠂ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠢᠯᠡᠳᠲᠡ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠪᠣᠯᠣᠨ᠎ᠠ᠃ ᠣᠯᠠᠨ ᠭᠠᠵᠠᠷ ᠤᠨ ᠬᠢᠨ ᠣᠷᠣᠨ ᠨᠤᠲᠤᠭ ᠤᠨ ᠴᠢᠨᠠᠷᠲᠠᠢ ︽ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠶᠢ ᠨᠡᠶᠢᠲᠡᠯᠡᠵᠦ᠂ ᠭᠦᠢᠵᠧᠦ᠂ ᠰᠧᠴᠤᠸᠠᠨ᠂ ᠱᠠᠨᠳᠦ᠋ᠩ ᠵᠡᠷᠭᠡ ᠭᠠᠵᠠᠷ ᠤᠨ ᠨᠡᠶᠢᠲᠡᠯᠡᠭᠰᠡᠨ ︽ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠨᠢ ᠨᠢᠭᠡᠴᠢ ᠶᠢᠨ ᠵᠢᠷᠤᠭ ᠲᠥᠯᠥᠪᠯᠡᠭᠡ᠂ ᠣᠷᠣᠨ ᠰᠠᠭᠤᠴᠠ ᠶᠢᠨ ᠵᠠᠭᠪᠤᠷ ᠤᠨ ᠵᠢᠷᠤᠭ ᠲᠥᠯᠥᠪᠯᠡᠭᠡ ᠵᠡᠷᠭᠡ ᠲᠠᠯ᠎ᠠ ᠳᠤ ᠴᠢᠭᠯᠡᠭᠦᠯᠦᠨ ᠪᠣᠳᠠᠲᠠᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤᠷᠠᠳᠴᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠨᠠᠩ ᠣᠶᠢᠷᠠᠲᠤᠭᠤᠯᠵᠠᠢ᠃ ᠡᠭᠦᠨ ᠠᠴᠠ ᠦᠵᠡᠬᠦ ᠳᠤ᠂ ᠵᠠᠷᠢᠮ ᠭᠠᠵᠠᠷ ᠤᠨ ᠬᠢᠨ ᠰᠠᠭᠤᠭᠠᠯᠢ ᠠᠷᠠᠳ ᠤᠨ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠨᠠᠩ ᠶᠡᠭᠡ ᠴᠢᠷᠮᠠᠶᠢᠯᠭ᠎ᠠ ᠪᠠ ᠬᠠᠶᠢᠨ ᠰᠦᠪᠡᠭᠴᠢᠯᠡᠯᠲᠡ ᠬᠢᠵᠦ ᠂ ᠨᠠᠩ ᠣᠯᠠᠨ ︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠬᠤ ᠢᠲᠡᠭᠡᠯ ᠪᠠ ᠵᠣᠷᠢᠭ ᠢ ᠢᠯᠡᠷᠡᠭᠦᠯᠵᠦ ᠪᠠᠶᠢᠨ᠎ᠠ᠃      ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠭᠦᠢᠴᠡᠳ ᠲᠦᠰᠢᠭᠯᠡᠬᠦ ᠬᠡᠷᠡᠭᠲᠡᠢ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠠᠴᠠ ᠰᠠᠯᠵᠤ ᠴᠢᠳᠠᠬᠤ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠨᠢ ︽ᠰᠠᠶᠢᠨ ᠭᠡᠷ ᠪᠠᠶᠢᠰᠢᠩ︾ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ  ᠲᠤᠭᠤᠰᠢᠯᠠᠭᠳᠠᠬᠤ ᠬᠡᠷᠡᠭᠳᠡᠢ᠃ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠨᠢ ᠠᠷᠠᠳ ᠤᠯᠠᠨ ᠤ ᠲᠤᠰᠬᠠᠯ ᠶᠡᠬᠡᠲᠡᠢ ᠠᠰᠠᠭᠤᠳᠠᠯ ᠳᠤ ᠨᠡᠩ ᠢᠯᠡᠭᠦᠦ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠂ ᠵᠢᠱᠢᠶᠡᠯᠡᠪᠡᠯ ᠠᠰᠠᠷ ᠤᠨ ᠬᠠᠪᠲᠠᠰᠤᠨ ᠤ ᠳᠠᠭᠤ ᠬᠥᠨᠳᠡᠶᠢᠷᠡᠭᠦᠯᠬᠦ᠂ ᠬᠡᠷᠡᠮ ᠤᠨ ᠳᠠᠭᠤ ᠬᠥᠨᠳᠡᠶᠢᠷᠡᠭᠦᠯᠬᠦ᠂ ᠠᠷᠢᠭᠤᠨ ᠴᠡᠪᠡᠷ ᠤᠨ ᠲᠠᠰᠤᠯᠭ᠎ᠠ ᠶᠢᠨ ᠤᠰᠤ ᠭᠤᠭᠤᠵᠢᠬᠤ ᠵᠢᠴᠢ ᠦᠮᠡᠭᠡᠢ ᠦᠨᠦᠷ ᠭᠠᠷᠬᠤ᠂ ᠭᠡᠷ ᠤᠨ ᠭᠠᠳᠠᠷᠭᠤ ᠶᠢᠨ ᠤᠰᠤ ᠭᠤᠭᠤᠵᠢᠬᠤ᠂ ᠤᠰᠤ ᠭᠠᠳᠠᠭᠰᠢᠯᠠᠭᠤᠯᠬᠤ ᠬᠤᠭᠤᠯᠠᠢ ᠠᠴᠠ ᠤᠰᠤ ᠭᠤᠭᠤᠵᠢᠬᠤ᠂ ᠭᠠᠳᠠᠷ ᠬᠡᠷᠡᠮ ᠬᠠᠭᠠᠷᠠᠬᠤ᠂ ᠨᠢᠭᠤᠷ ᠳᠠᠪᠬᠤᠷᠭ᠎ᠠ ᠨᠢ ᠬᠤᠭᠵᠢᠷᠠᠬᠤ ᠵᠡᠷᠭᠡ ᠪᠣᠯᠣᠨ᠎ᠠ᠃ ᠲᠣᠭᠠᠴᠢᠯᠠᠭᠰᠠᠨ ᠭᠡᠷ ᠪᠦᠯᠢ ᠶᠢᠨ ᠰᠠᠭᠤᠷᠢ ᠲᠠᠪᠴᠠᠩ᠂ ᠣᠶᠤᠨᠲᠤ ᠭᠡᠷᠡᠯᠲᠦᠭᠦᠯᠭᠡ᠂ ᠣᠶᠤᠨᠲᠤ ᠠᠮᠤᠷ ᠲᠦᠪᠰᠢᠨ ᠤ ᠰᠡᠷᠭᠡᠶᠢᠯᠡᠯᠲᠡ᠂ ᠣᠶᠤᠨᠲᠤ ᠣᠷᠴᠢᠨ ᠲᠣᠭᠤᠷᠢᠨ ᠤ ᠡᠵᠡᠮᠳᠡᠯ᠂ ᠣᠶᠤᠨᠲᠤ ᠨᠠᠰᠤᠵᠢᠯ ᠤᠨ ᠠᠰᠠᠷᠠᠮᠵᠢ ᠵᠡᠷᠭᠡ ᠲᠣᠭᠠᠴᠢᠯᠠᠭᠰᠠᠨ ᠭᠡᠷ ᠪᠦᠯᠢ ᠶᠢᠨ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢ ᠢᠳᠡᠪᠬᠢᠲᠡᠢ ᠳᠡᠯᠭᠡᠷᠡᠭᠦᠯᠪᠡᠯ ᠵᠣᠬᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠨᠢ ᠣᠷᠣᠨ ᠰᠠᠭᠤᠴᠠ ᠶᠢᠨ ᠶᠠᠰᠤ ᠴᠢᠨᠠᠷ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠳᠠᠨ᠎ᠠ᠃ ᠡᠭᠦᠨ ᠤ ᠵᠡᠷᠭᠡ ᠳᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠦᠢᠯᠡᠳᠬᠦ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠬᠥᠲᠥᠯᠥᠨ ᠳᠠᠭᠠᠭᠤᠯᠵᠤ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠤ ᠬᠡᠪᠴᠢᠶᠡᠵᠢᠭᠰᠡᠨ ᠦᠢᠯᠡᠳᠪᠦᠷᠢᠯᠡᠯ ᠢ ᠳᠠᠶᠢᠴᠢᠯᠠᠨ᠂ ᠨᠠᠩ ᠰᠠᠶᠢᠨ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠬᠦ ᠪᠣᠯᠣᠮᠵᠢ ᠲᠠᠢ ᠪᠠᠶᠢᠨ᠎ᠠ᠃      ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠶᠢᠯᠠᠯ ᠤᠨ ᠰᠠᠨᠠᠭᠠᠴᠢᠯᠠᠭᠠᠲᠤ ᠰᠣᠩᠭᠤᠯᠲᠠ ᠪᠣᠯᠭᠠᠬᠤ ᠬᠡᠷᠡᠭᠲᠡᠢ᠃ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ  ᠨᠢ ᠬᠤᠳᠠᠯᠳᠤᠭᠴᠢ ᠶᠢᠨ ᠵᠠᠬ᠎ᠠ ᠳᠡᠯᠭᠡᠭᠦᠷ ᠠᠴᠠ ᠠᠯᠬᠤᠮ ᠠᠯᠬᠤᠮ ᠢᠶᠠᠷ ᠬᠤᠳᠠᠯᠳᠤᠨ ᠠᠪᠤᠭᠴᠢ ᠶᠢᠨ ᠵᠠᠬ᠎ᠠ ᠳᠡᠯᠭᠡᠭᠦᠷ ᠲᠤ ᠰᠢᠯᠵᠢᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠤᠮᠳᠠ᠂ ᠭᠡᠷ ᠪᠠᠶᠢᠰᠢᠩ ᠤᠨ ᠠᠵᠤ ᠠᠬᠤᠶᠢᠯᠠᠯ ᠰᠢᠯᠢᠳᠡᠭ ᠠᠴᠠ ᠰᠢᠯᠢᠳᠡᠭ ︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠵᠤ ᠲᠡᠶᠢᠯᠬᠦ ᠦᠭᠡᠢ ᠪᠤᠯ ᠢᠷᠡᠭᠡᠳᠦᠢ ᠳᠤ ᠶᠠᠪᠤᠬᠤ ᠲᠤᠲᠤᠮ ᠢᠪᠴᠤᠷᠠᠬᠤ ᠪᠣᠯᠣᠨ᠎ᠠ᠃ ᠣᠳᠣᠬᠠᠨ ᠳᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠭᠡᠷ ᠪᠠᠶᠢᠰᠢᠩ ᠤᠨ ᠠᠵᠤ ᠠᠬᠤᠶᠢᠯᠠᠯ ᠢᠯᠠᠩᠭᠤᠶ᠎ᠠ ᠲᠣᠮᠣ ᠬᠡᠯᠪᠡᠷᠢ ᠶᠢᠨ ᠭᠡᠷ ᠪᠠᠶᠢᠰᠢᠩ ᠤᠨ ᠠᠵᠤ ᠠᠬᠤᠶᠢᠯᠠᠯ ᠤᠨ ᠢᠳᠡᠪᠬᠢᠵᠢᠯ ᠢ ᠳᠠᠶᠢᠴᠢᠯᠠᠵᠤ᠂ ᠲᠡᠳᠡᠨ ᠤ ᠨᠢᠭᠡ ᠪᠦᠯᠦᠭ ᠲᠥᠷᠥᠯ ᠵᠦᠢᠯ ᠢ ᠰᠣᠩᠭᠤᠵᠤ ︽ᠰᠠᠶᠢᠨ ᠭᠡᠷ ᠪᠠᠶᠢᠰᠢᠩ︾ ᠤᠨ ᠥᠯᠢᠭᠡᠷ ᠳᠠᠭᠤᠷᠢᠶᠠᠯ ᠡᠭᠦᠳᠬᠦ ᠶᠢ ᠳᠡᠮᠵᠢᠬᠦ ᠬᠡᠷᠡᠭᠲᠡᠢ᠃ ᠦᠢ ᠣᠯᠠᠨ ᠠᠵᠤ ᠠᠬᠤᠶᠢᠯᠠᠯ ᠬᠡᠯᠪᠡᠷᠢ ᠬᠤᠪᠢᠷᠠᠭᠤᠯᠤᠨ ᠬᠥᠭᠵᠢᠬᠦ ᠰᠢᠪᠲᠤᠯᠤᠯᠲᠠ ᠶᠢᠨ ᠴᠡᠭ ᠢᠶᠠᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠴᠢᠭᠯᠡᠭᠦᠯᠬᠦ ᠬᠡᠷᠡᠭᠳᠡᠢ ᠪᠤᠯᠵᠠᠢ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠣᠶᠢᠷ᠎ᠠ ᠳᠤ ︽ᠰᠠᠶᠢᠨ ᠭᠡᠷ ᠪᠠᠶᠢᠰᠢᠩ︾ ᠪᠠᠶᠢᠭᠤᠯᠬᠤ ᠰᠢᠰᠲ᠋ᠧᠮ ᠢ ᠨᠡᠶᠢᠲᠡᠯᠡᠵᠦ᠂ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠣᠷᠣ ᠲᠥᠯᠥᠪ ᠢ ᠬᠤᠷᠢᠶᠠᠩᠭᠤᠶᠢᠯᠠᠨ ᠳ᠋ᠦᠩᠨᠡᠵᠦ᠂ ᠰᠠᠶᠢᠨ ᠪᠠᠷᠢᠮᠵᠢᠶ᠎ᠠ᠂ ᠰᠠᠶᠢᠨ ᠵᠢᠷᠤᠭ ᠲᠥᠯᠥᠪᠯᠡᠭᠡ᠂ ᠰᠠᠶᠢᠨ ᠮᠠᠲ᠋ᠧᠷᠢᠶᠠᠯ᠂ ᠰᠠᠶᠢᠨ ᠪᠠᠷᠢᠯᠭ᠎ᠠ᠂ ᠰᠠᠶᠢᠨ ᠠᠷᠠᠴᠢᠯᠠᠯᠳᠠ ᠬᠠᠮᠠᠭᠠᠯᠠᠯᠳᠠ ᠵᠡᠷᠭᠡ ᠲᠠᠯ᠎ᠠ ᠪᠠᠷ ᠪᠣᠳᠠᠲᠠᠢ ᠰᠢᠢᠳᠪᠦᠷᠢᠯᠡᠬᠦ ᠠᠷᠭ᠎ᠠ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠪᠠᠷᠢᠯᠭ᠎ᠠ ᠶᠢᠨ ᠠᠵᠢᠯ ᠲᠥᠷᠥᠯ ᠤᠨ ᠪᠥᠬᠦ ᠠᠵᠤ ᠦᠢᠯᠡᠰ ᠤᠨ ᠬᠡᠯᠬᠢᠶ᠎ᠡ ᠪᠠᠷ ︽ᠰᠠᠶᠢᠨ ᠭᠡᠷ ᠪᠠᠶᠢᠰᠢᠩ︾ ᠪᠠᠶᠢᠭᠤᠯᠬᠤ ᠳᠤ ᠪᠣᠯᠣᠮᠵᠢᠲᠠᠢ ᠠᠷᠭ᠎ᠠ ᠵᠠᠮ ᠢ ᠳᠤᠷᠠᠳᠤᠨ ᠭᠠᠷᠭᠠᠵᠠᠢ᠃ ᠵᠦᠩ ᠯᠢᠶᠠᠩ ᠳ᠋ᠠ ᠶᠦᠸᠧ ᠴᠧᠩ ᠤᠨ ᠬᠢᠨ ᠣᠷᠣᠨ ᠰᠠᠭᠤᠴᠠ ᠶᠢᠨ ᠭᠡᠷ ᠳᠣᠲᠣᠷᠠᠬᠢ ᠦᠵᠡᠮᠵᠢ ᠪᠠᠶᠢᠳᠠᠯ ᠪᠠ ᠨᠡᠶᠢᠲᠡ ᠶᠢᠨ ᠲᠣᠭᠤᠷᠢᠭ ᠤᠨ ᠠᠬᠤᠢ ᠪᠠᠶᠢᠳᠠᠯ ᠤᠨ ᠲᠠᠰ ᠳᠡᠪᠰᠢᠬᠦ ᠴᠢᠭᠯᠡᠯ ᠢ ᠭᠦᠨᠵᠡᠭᠡᠢ ᠰᠤᠳᠤᠯᠵᠤ᠂ ᠪᠣᠬᠢᠷᠲᠤᠯ ᠦᠭᠡᠢ᠂ ᠡᠷᠡᠭᠦᠯ ᠴᠢᠭᠢᠷᠠᠭ᠂ ᠣᠶᠤᠨᠴᠢᠯᠠᠭᠰᠠᠨ ᠬᠠᠷᠠᠯᠲᠠ ᠲᠠᠢ ᠤᠶᠠᠯᠳᠤᠭᠤᠯᠤᠨ ︽ᠵᠦᠩ ᠯᠢᠶᠠᠩ ᠰᠠᠶᠢᠨ ᠭᠡᠷ ᠪᠠᠶᠢᠰᠢᠩ ᠤᠨ ᠲᠤᠷᠰᠢᠯᠲᠠ ᠶᠢᠨ ᠲᠠᠰᠤᠭ︾ ᠢ ᠲᠤᠬᠠᠢ ᠶᠢᠨ ᠭᠠᠵᠠᠷ ᠲᠤᠨᠢ ᠪᠠᠶᠢᠭᠤᠯᠵᠤ᠂ ᠥᠪᠡᠷᠮᠢᠴᠡ ᠣᠨᠴᠠᠯᠢᠭ ᠲᠠᠢ ᠪᠦᠲᠦᠭᠡᠭᠳᠡᠬᠦᠨ ᠢ ᠪᠣᠶ ᠪᠤᠯᠭᠠᠪᠠ᠃       ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠳᠤ ᠥᠷᠭᠡᠨ ᠳᠡᠯᠭᠡᠷ ᠬᠡᠷᠡᠭᠯᠡᠭᠡᠨ ᠤ ᠣᠷᠣᠨ ᠵᠠᠢ ᠬᠠᠩᠭᠠᠭᠰᠠᠨ ᠢᠶᠠᠷ ᠪᠠᠷᠠᠬᠤ ᠦᠭᠡᠢ᠂ ᠯᠤᠲᠤ ᠶᠡᠭᠡ ᠳᠣᠲᠣᠭᠠᠳᠤ ᠬᠡᠷᠡᠭᠴᠡᠭᠡ ᠪᠠ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ ᠴᠢᠳᠠᠬᠤ ᠶᠤᠮ᠃ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠪᠣᠯ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠬᠥᠭᠵᠢᠬᠦ ᠰᠢᠨ᠎ᠡ ᠦᠷᠢᠰᠦᠯᠳᠦᠭᠡᠨ ᠮᠥᠨ᠂ ᠬᠡᠨ ᠬᠥᠮᠥᠨ ᠡᠨᠡ ᠬᠦ ᠰᠠᠶᠢᠨ ᠲᠣᠬᠢᠶᠠᠯ ᠢ ᠠᠮᠵᠢᠨ ᠣᠯᠠᠨ ᠲᠦᠮᠡᠨ ᠳᠤ ︽ᠰᠠᠶᠢᠨ ᠭᠡᠷ ᠪᠠᠶᠢᠰᠢᠩ︾ ᠪᠠᠶᠢᠭᠤᠯᠤᠨ ᠥᠭᠴᠦ᠂ ᠰᠠᠶᠢᠨ ᠦᠢᠯᠡᠴᠢᠯᠡᠭᠡ ᠬᠠᠩᠭᠠᠪᠠᠯ᠂ ᠲᠡᠷᠡ ᠳᠠᠷᠤᠢ ᠵᠠᠬ᠎ᠠ ᠳᠡᠯᠭᠡᠭᠦᠷ ᠲᠠᠢ᠂ ᠬᠦᠭᠵᠢᠯᠳᠡ ᠲᠠᠢ᠂ ᠢᠷᠡᠭᠡᠳᠦᠢ ᠲᠠᠢ ᠪᠣᠯᠵᠤ ᠴᠢᠳᠠᠨ᠎ᠠ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1