︽5 ·1︾ ᠤ ᠠᠮᠠᠷᠠᠯᠳᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ᠂ ᠡᠮ ᠤᠨ ᠵᠦᠢᠯᠡᠰ ᠤᠨ ᠠᠮᠤᠷ ᠲᠦᠪᠰᠢᠨ | ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠵᠠᠷ ᠤᠨ ᠬᠢᠨᠠᠯᠲᠠ ᠬᠠᠮᠢᠶᠠᠷᠤᠯᠲᠠ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠣᠯᠣᠨ ᠬᠡᠷᠡᠭᠯᠡᠭᠡᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ | | | | | ᠢᠳᠡᠭᠡᠨ ᠤ ᠠᠮᠤᠷ ᠲᠦᠪᠰᠢᠨ᠄ ᠢᠳᠡᠭᠡᠨ ᠤᠮᠳᠠᠭᠠᠨ ᠬᠢᠭᠡᠳ ᠭᠦᠢᠯᠭᠡᠭᠡᠨ ᠤ ᠭᠤᠭᠴᠤᠭ᠎ᠠ ᠶᠢ ᠴᠢᠩᠭ᠎ᠠ | ᠬᠠᠮᠢᠶᠠᠷᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ᠂ ᠲᠠᠷᠢᠶᠠᠴᠢᠨ ᠠᠶᠢᠯ ᠤᠨ ᠵᠤᠭᠠᠴᠠᠯ᠂ ᠬᠡᠲᠦ ᠳᠡᠯᠭᠡᠭᠦᠷ ᠵᠡᠷᠭᠡ ᠭᠤᠣᠯᠳᠠᠯᠭ᠎ᠠ ᠲᠠᠢ | ᠣᠷᠣᠨ ᠪᠦᠰᠡ ᠳᠤ᠂ ᠲᠣᠭᠤᠭᠠᠨ ᠭᠡᠷ ᠤᠨ ᠠᠷᠢᠭᠤᠨ ᠴᠡᠪᠡᠷ ᠤᠨ ᠣᠷᠴᠢᠨ ᠲᠣᠭᠤᠷᠢᠨ᠂ ᠢᠳᠡᠭᠡᠨ ᠤ | ᠮᠠᠲ᠋ᠧᠷᠢᠶᠠᠯ ᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠵᠢᠴᠢ ᠬᠠᠳᠠᠭᠠᠯᠠᠬᠤ᠂ ᠠᠵᠢᠯᠯᠠᠵᠤ ᠪᠠᠶᠢᠭ᠎ᠠ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ | ᠵᠢᠴᠢ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠪᠠᠶᠢᠳᠠᠯ ᠢ ᠪᠠᠶᠢᠴᠠᠭᠠᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | | | | | ᠡᠮ ᠤᠨ ᠵᠦᠢᠯ ᠤᠨ ᠠᠮᠤᠷ ᠲᠦᠪᠰᠢᠨ᠄ ᠶᠠᠰᠤ ᠴᠢᠨᠠᠷ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠷᠠᠭᠤᠯᠤᠨ᠎ᠠ᠃ ᠡᠮ ᠤᠨ ᠳᠡᠯᠭᠡᠭᠦᠷ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠡᠵᠡᠩᠨᠡᠯᠲᠡ ᠶᠢᠨ ᠨᠢᠭᠡᠴᠡ ᠳᠤ | ᠪᠥᠬᠦ ᠴᠤᠪᠤᠷᠠᠯ ᠤᠨ ᠪᠠᠶᠢᠴᠠᠭᠠᠯᠲᠠ ᠶᠢ ᠥᠷᠨᠢᠭᠦᠯᠵᠦ᠂ ᠬᠤᠭᠤᠴᠠᠭ᠎ᠠ ᠬᠡᠲᠦᠷᠡᠭᠰᠡᠨ ᠡᠮ ᠤᠨ ᠵᠦᠢᠯ ᠤᠨ ᠭᠦᠢᠯᠭᠡᠭᠡᠨ᠂ | ᠠᠵᠢᠯ ᠡᠷᠭᠢᠯᠡᠬᠦ ᠡᠮ ᠨᠠᠶᠢᠷᠠᠭᠴᠢ ᠶᠢᠨ ᠦᠨᠡᠮᠯᠡᠯ ᠡᠯᠭᠦᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | | | | | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠄ ᠳᠠᠯᠳᠠ ᠬᠡᠮ ᠢ ᠴᠢᠩᠭ᠎ᠠ | ᠪᠠᠶᠢᠴᠠᠭᠠᠬᠤ ᠪᠠ ᠵᠢᠷᠤᠮᠵᠢᠭᠤᠯᠤᠨ ᠠᠵᠢᠯᠯᠠᠭᠤᠯᠤᠨ᠎ᠠ᠃ ᠬᠠᠷᠢᠶᠠᠲᠤ ᠣᠷᠣᠨ ᠤ ᠳᠣᠲᠣᠷᠠᠬᠢ 3 ᠵᠢᠭᠤᠯᠴᠢᠯᠠᠯ ᠤᠨ | ᠦᠵᠡᠮᠵᠢ ᠶᠢᠨ ᠣᠷᠣᠨ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ | ᠲᠤᠬᠠᠢ ᠶᠢᠨ ᠲᠠᠯᠠᠪᠤᠷ ᠲᠤ ᠲᠣᠨᠤᠭ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ | ᠲᠡᠮᠳᠡᠭᠯᠡᠯ᠂ ᠬᠠᠮᠠᠭᠠᠯᠠᠨ ᠠᠷᠠᠴᠢᠯᠠᠭᠰᠠᠨ ᠲᠡᠮᠳᠡᠭᠯᠡᠯ ᠵᠢᠴᠢ ᠠᠵᠢᠯᠯᠠᠭᠴᠢ ᠶᠢᠨ ᠦᠨᠡᠮᠯᠡᠯ ᠲᠠᠢ ᠪᠠᠶᠢᠬᠤ ᠵᠡᠷᠭᠡ | ᠪᠠᠶᠢᠳᠠᠯ ᠢ ᠪᠠᠶᠢᠴᠠᠭᠠᠨ ᠰᠢᠯᠭᠠᠵᠤ᠂ ᠲᠣᠨᠤᠭ ᠲᠥᠬᠦᠭᠡᠷᠦᠮᠵᠢ ᠶᠢᠨ ︽ᠡᠷᠡᠭᠦᠯ ᠢᠶᠠᠷ ᠠᠵᠢᠯ ᠤᠨ ᠪᠠᠶᠢᠷᠢ ᠳᠤ ᠭᠠᠷᠬᠤ︾ | ᠶᠢ ᠦᠨᠡᠨ ᠬᠦ ᠪᠠᠲᠤᠯᠠᠨ᠎ᠠ᠃ | | | | | ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ᠄ ᠬᠤᠳᠠᠯ ᠬᠠᠭᠤᠷᠮᠠᠭ ᠪᠠ ᠬᠠᠤᠯᠢ ᠠᠴᠠ ᠵᠥᠷᠢᠴᠡᠭᠰᠡᠨ | ᠤᠬᠠᠭᠤᠯᠭ᠎ᠠ ᠶᠢ ᠴᠡᠭᠴᠡᠯᠡᠨ ᠵᠠᠰᠠᠨ᠎ᠠ᠃ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠵᠡᠷᠭᠡ | ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ ᠪᠣᠯᠭᠠᠵᠤ᠂ ᠬᠤᠳᠠᠯ ᠬᠠᠭᠤᠷᠮᠠᠭ ᠤᠬᠠᠭᠤᠯᠭ᠎ᠠ | ᠬᠢᠬᠦ᠂ ᠬᠠᠷᠢᠴᠠᠯᠠᠰᠢᠭᠦᠢ ᠬᠡᠯᠡᠯᠭᠡ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠪᠠᠶᠢᠴᠠᠭᠠᠬᠤ ᠶᠢᠨ ᠬᠠᠮᠲᠤ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠠᠷ ᠤᠨ | ᠡᠳᠦᠷ ᠤᠨ ᠪᠣᠷᠤᠯᠠᠭᠤᠯᠭ᠎ᠠ ᠶᠢ ᠠᠬᠢᠭᠤᠯᠬᠤ ᠳᠤᠮᠳᠠᠬᠢ ᠦᠨ᠎ᠡ ᠬᠠᠩᠰᠢ ᠶᠢᠨ ᠮᠡᠬᠡᠯᠡᠯ᠂ ᠦᠨ᠎ᠡ ᠬᠠᠩᠰᠢ ᠶᠢ ᠢᠯᠡ | ᠲᠡᠮᠳᠡᠭᠯᠡᠬᠦ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ | | | | | ᠣᠲᠣ ᠪᠣᠯᠲᠠᠯ᠎ᠠ᠂ ᠡᠯ᠎ᠡ ᠬᠢᠨᠠᠨ ᠬᠠᠮᠢᠶᠠᠷᠬᠤ ᠦᠢᠯᠡᠴᠢᠯᠡᠬᠦ ᠡᠲᠡᠭᠡᠳ ᠢ ᠨᠡᠶᠢᠲᠡ 32 ᠪᠠᠶᠢᠴᠠᠭᠠᠵᠤ᠂ | ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠨᠡᠶᠢᠲᠡ 1 ︵ᠪᠠᠷᠠᠭ᠎ᠠ ᠣᠷᠣᠭᠤᠯᠤᠭᠰᠠᠨ ᠡᠬᠡ ᠲᠠᠩᠰᠠ ᠶᠢᠨ | ᠲᠡᠮᠳᠡᠭᠯᠡᠯ ᠪᠦᠷᠢᠨ ᠪᠤᠰᠤ︶ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠥᠭᠡᠷᠡᠴᠢᠯᠡᠭᠦᠯᠪᠡ᠃ | | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠤᠰ ᠤᠳᠠᠭ᠎ᠠ ᠶᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ︽ᠡᠷᠭᠢᠵᠦ | ᠬᠠᠷᠠᠬᠤ︾ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠴᠢᠨᠠᠭᠰᠢᠳᠠ ᠪᠤᠢ ᠪᠣᠯᠭᠠᠬᠤ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |