ᠣᠶᠢᠷ᠎ᠠ ᠳᠤ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ ᠠᠬᠤᠢ ᠶᠢᠨ ᠶᠠᠮᠤᠨ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠬᠠᠮᠲᠤᠷᠠᠨ︽2025 ᠣᠨ ᠤ | ᠲᠣᠭᠠᠴᠢᠯᠠᠭᠰᠠᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠬᠠᠮᠵᠢᠯᠴᠠᠭᠤᠯᠤᠨ ᠬᠥᠭᠵᠢᠭᠦᠯᠬᠦ ᠠᠵᠢᠯ ᠤᠨ | ᠭᠤᠣᠯᠳᠠᠯᠭ᠎ᠠ︾ ︵ᠳᠣᠷᠣᠭᠰᠢ ︽ᠠᠵᠢᠯ ᠤᠨ ᠭᠤᠣᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ | ᠃ | ︽ᠠᠵᠢᠯ ᠤᠨ ᠭᠤᠣᠯᠳᠠᠯᠭ᠎ᠠ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠴᠠᠭᠠᠶᠢᠯᠠᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ | ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ | ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠶᠢᠨ ᠬᠡᠯᠪᠡᠷᠢ ᠬᠤᠪᠢᠷᠠᠭᠤᠯᠤᠨ ᠳᠡᠰ ᠳᠡᠪᠰᠢᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ | ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠬᠠᠮᠵᠢᠯᠴᠠᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠴᠢᠳᠠᠪᠬᠢ ᠦᠷ᠎ᠡ ᠠᠰᠢᠭ ᠢ ᠳᠡᠭᠡᠭᠰᠢᠯᠡᠭᠦᠯᠬᠦ ᠶᠢ | ᠠᠬᠢᠭᠤᠯᠵᠤ᠂ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠢᠳᠡᠪᠬᠢᠲᠡᠢ ᠬᠡᠷᠡᠭᠯᠡᠨ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠪᠣᠯᠭᠠᠬᠤ ᠬᠡᠯᠪᠡᠷᠢ ᠬᠤᠪᠢᠷᠠᠭᠤᠯᠬᠤ ᠶᠢᠨ | ᠲᠣᠭᠠᠴᠢᠯᠠᠭᠰᠠᠨ ᠠᠵᠤ ᠦᠢᠯᠡᠰ ᠲᠤ ᠦᠵᠡᠭᠦᠯᠬᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠤ | ᠬᠦᠴᠦᠷᠬᠡᠭ ᠤᠯᠤᠰ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ | ᠪᠠᠲᠤ ᠪᠠᠬᠢ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠵᠦ ᠱᠠᠭᠠᠷᠳᠠᠪᠠ᠃ | ︽ᠠᠵᠢᠯ ᠤᠨ ᠭᠤᠣᠯᠳᠠᠯᠭ᠎ᠠ︾ ᠳᠤ 4 ᠲᠠᠯ᠎ᠠ ᠶᠢᠨ 22 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠃ ᠨᠢᠭᠡ ᠳᠤ᠂ ᠲᠣᠭᠠᠴᠢᠯᠠᠭᠰᠠᠨ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠶᠢ ᠠᠬᠢᠭᠤᠯᠤᠨ᠎ᠠ᠃ ᠡᠭᠦᠨ ᠳᠤ ᠲᠤᠭ᠎ᠠ ᠪᠠᠷᠢᠮᠲᠠ ᠶᠢᠨ ᠲᠥᠪ ᠤᠨ ᠪᠣᠬᠢᠷᠲᠤᠯ ᠦᠭᠡᠢ ᠬᠡᠯᠪᠡᠷᠢ | ᠬᠤᠪᠢᠷᠠᠭᠤᠯᠬᠤ ᠂ ᠰᠠᠭᠤᠷᠢ ᠥᠷᠲᠡᠭᠡ ᠶᠢᠨ ᠪᠣᠬᠢᠷᠲᠤᠯ ᠦᠭᠡᠢ ᠪᠠᠷ ᠠᠵᠢᠯᠯᠠᠬᠤ ᠂ ᠡᠯᠧᠺᠲᠷᠣᠨ ᠮᠡᠳᠡᠭᠡ ᠵᠠᠩᠭᠢ ᠶᠢᠨ | ᠦᠢᠯᠡᠳᠬᠦᠨ ᠤ ᠪᠣᠬᠢᠷᠲᠤᠯ ᠦᠭᠡᠢ ᠦᠢᠯᠡᠳᠬᠦ ᠪᠠ ᠬᠡᠷᠡᠭᠯᠡᠬᠦ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠲᠡᠷᠢᠭᠦᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠦᠭᠡᠢ | ᠬᠥᠭᠵᠢᠯᠲᠡ ᠶᠢ ᠬᠥᠲᠥᠯᠥᠨ ᠵᠢᠯᠤᠭᠤᠳᠤᠨ᠎ᠠ᠃ ᠬᠤᠶᠠᠷ ᠲᠤ᠂ ᠲᠣᠭᠠᠴᠢᠯᠠᠭᠰᠠᠨ ᠮᠡᠷᠭᠡᠵᠢᠯ ᠤᠨ ᠡᠨᠧᠷᠭᠢ ᠤᠯᠭᠤᠵᠤ | ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠨ᠎ᠡ᠃ ᠡᠭᠦᠨ ᠳᠤ ᠴᠠᠬᠢᠯᠭᠠᠨ ᠬᠦᠴᠦᠨ᠂ ᠠᠭᠤᠷᠬᠠᠢ | ᠮᠠᠯᠲᠠᠬᠤ᠂ ᠲᠡᠮᠦᠷᠯᠢᠭ ᠬᠠᠶᠢᠯᠤᠭᠤᠯᠬᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ᠂ ᠪᠠᠷᠢᠯᠭ᠎ᠠ᠂ ᠬᠤᠳᠠ ᠶᠢᠨ ᠠᠵᠢᠯᠯᠠᠭ᠎ᠠ᠂ ᠤᠳᠤ ᠦᠶ᠎ᠡ ᠶᠢᠨ ᠲᠠᠷᠢᠶᠠᠯᠠᠩ ᠵᠡᠷᠭᠡ 8 | ᠬᠦᠷᠢᠶᠡᠨ ᠤ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠵᠢᠴᠢ ᠲᠣᠭᠠᠴᠢᠯᠠᠭᠰᠠᠨ ᠮᠡᠷᠭᠡᠵᠢᠯ ᠤᠨ ᠡᠨᠧᠷᠭᠢ ᠣᠯᠭᠤᠬᠤ | ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠲᠣᠭᠠᠴᠢᠯᠠᠭᠰᠠᠨ ᠪᠣᠬᠢᠷᠲᠤᠯ ᠦᠭᠡᠢ ᠬᠡᠯᠪᠡᠷᠢ | ᠬᠤᠪᠢᠷᠠᠭᠤᠯᠬᠤ ᠶᠢ ᠬᠠᠮᠵᠢᠯᠴᠠᠭᠤᠯᠤᠨ ᠬᠦᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠪᠠᠭᠲᠠᠭᠠᠨ᠎ᠠ᠃ | ᠭᠤᠷᠪᠠ ᠳᠤ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠯᠲᠠ ᠶᠢᠨ ᠲᠣᠭᠠᠴᠢᠯᠠᠭᠰᠠᠨ ᠠᠵᠤ ᠦᠢᠯᠡᠰ ᠲᠤ ᠦᠵᠡᠭᠦᠯᠬᠦ | ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠭᠦᠨ ᠳᠤ ᠲᠣᠭᠠᠴᠢᠯᠠᠭᠰᠠᠨ ᠪᠣᠬᠢᠷᠲᠤᠯ ᠦᠭᠡᠢ ᠰᠠᠭᠤᠷᠢ | ᠲᠥᠬᠦᠭᠡᠷᠦᠮᠵᠢ ᠶᠢ ᠲᠡᠰ ᠳᠡᠪᠰᠢᠭᠦᠯᠬᠦ᠂ ᠲᠣᠭᠠᠴᠢᠯᠠᠭᠰᠠᠨ ᠪᠣᠬᠢᠷᠲᠤᠯ ᠦᠭᠡᠢ ᠠᠭᠤᠰᠤᠯᠴᠠᠯ ᠤᠨ ᠰᠢᠨ᠎ᠡ ᠶᠢ | ᠡᠭᠦᠳᠬᠦ ᠶᠢ ᠲᠦᠷᠭᠡᠳᠬᠡᠬᠦ᠂ ᠲᠣᠭᠠᠴᠢᠯᠠᠭᠰᠠᠨ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ | ᠲᠣᠭᠠᠴᠢᠯᠠᠭᠰᠠᠨ ᠪᠣᠬᠢᠷᠲᠤᠯ ᠦᠭᠡᠢ ᠬᠠᠮ ᠴᠢᠳᠠᠪᠤᠷᠢᠲᠠᠨ ᠢ ᠬᠥᠮᠥᠵᠢᠭᠦᠯᠬᠦ ᠶᠢ ᠪᠠᠭᠲᠠᠭᠠᠨ᠎ᠠ᠃ ᠳᠥᠷᠪᠡ ᠳᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠪᠦᠬᠦᠯᠢ ᠴᠣᠭᠴᠠ ᠪᠠᠷ ᠠᠬᠢᠭᠤᠯᠬᠤ ᠶᠢ ᠴᠢᠩᠭᠠᠳᠬᠠᠨ᠎ᠠ᠃ | ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠠᠤᠯᠢ ᠲᠣᠭᠲᠠᠭᠠᠯ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠬᠠᠭᠤᠯᠭ᠎ᠠ | ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ | ᠢᠷᠡᠯᠲᠡ᠄ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠳᠤᠮᠳᠠᠳᠤ ᠤᠯᠤᠰ ᠤᠨ ᠨᠡᠶᠢᠲᠡ ᠶᠢᠨ ᠳ᠋ᠤᠭᠠᠷ |