ᠣᠶᠤᠨᠲᠤ ᠬᠤᠲᠠ ᠶᠢ ᠪᠦᠳᠦᠭᠡᠨ ᠪᠠᠶᠢᠭᠤᠯᠬᠤ ᠠᠵᠤ ᠦᠢᠯᠡᠰ ᠤᠨ ᠬᠥᠭᠵᠢᠯᠲᠡ ᠨᠢ ᠰᠢᠨ᠎ᠡ ᠤᠷᠤᠨ ᠵᠠᠢ ᠲᠠᠢ
ᠨᠡᠶᠢᠲᠡᠯᠡᠭᠰᠡᠨ ᠴᠠᠭ᠄
2025/5/7
      ᠣᠶᠢᠷ᠎ᠠ ᠶᠢᠨ ᠵᠢᠯ ᠤᠳ ᠲᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠨᠢ ᠡᠳᠦᠷ ᠢᠷᠡᠬᠦᠶ᠎ᠡ ᠬᠤᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠠᠵᠢᠯ ᠤᠨ ᠢᠯᠡᠳᠬᠡᠯ ᠳᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠤᠶᠤᠨᠴᠢ ᠬᠤᠳᠠ ᠶᠢ ᠪᠦᠲᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ ᠬᠤᠳᠠ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠪᠣᠯ ᠰᠢᠰᠲ᠋ᠧᠮᠲᠦ ᠢᠨᠵᠧᠨᠧᠷᠢᠩ ᠪᠣᠯᠣᠨ᠎ᠠ᠂ ᠵᠠᠩᠭᠢᠯᠠᠭ᠎ᠠ ᠨᠢ ᠲᠣᠭᠠᠴᠢᠯᠠᠭᠰᠠᠨ ᠮᠡᠷᠭᠡᠵᠢᠯ ᠢ ᠬᠤᠳᠠ ᠶᠢᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠲᠠᠢ ᠭᠦᠨᠵᠡᠭᠡᠢ ᠠᠭᠤᠰᠤᠯᠴᠠᠭᠤᠯᠬᠤ ᠳᠤ ᠪᠤᠢ︔ ᠣᠳᠣᠬᠠᠨ ᠤ ᠪᠠᠴᠢᠮ ᠡᠭᠦᠷᠭᠡ ᠪᠣᠯ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠰᠢᠰᠲ᠋ᠧᠮ ᠢ ᠪᠠᠶᠢᠭᠤᠯᠵᠤ᠂ ᠬᠤᠲᠠ ᠶᠢᠨ ᠣᠶᠤᠨᠴᠢᠯᠠᠯᠲᠠ᠂ ᠲᠣᠭᠠᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠠᠭᠤᠷᠢ ᠲᠠᠯᠪᠢᠬᠤ ᠶᠠᠪᠤᠳᠠᠯ ᠪᠣᠯᠣᠨ᠎ᠠ᠃        ᠬᠡᠰᠡᠭ ᠬᠤᠭᠤᠴᠠᠭᠠᠨ ᠤ ᠲᠤᠷᠰᠢ᠂ ᠣᠯᠠᠨ ᠭᠠᠵᠠᠷ ᠤᠨ ᠬᠢᠨ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠵᠢᠱᠢᠶᠡᠯᠡᠪᠡᠯ᠂ ︽ᠪᠡᠭᠡᠵᠢᠩ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠶᠤᠨᠲᠤ ᠬᠤᠲᠠ ᠶᠢᠨ ᠬᠥᠭᠵᠢᠯᠲᠡ ᠶᠢᠨ ᠠᠵᠢᠯᠯᠠᠭᠠᠨ ᠤ ᠬᠥᠲᠥᠯᠪᠦᠷᠢ︾ ᠳᠤ᠂ 2025 ᠣᠨ ᠪᠤᠯᠳᠠᠯ᠎ᠠ᠂ ᠪᠡᠭᠡᠵᠢᠩ ᠢ ᠪᠥᠬᠦ ᠳᠡᠯᠡᠬᠡᠢ ᠶᠢᠨ ᠰᠢᠨ᠎ᠡ ᠮᠠᠶ᠋ᠢᠭ ᠤᠨ ᠣᠶᠤᠨᠲᠤ ᠬᠤᠲᠠ ᠶᠢᠨ ᠳᠠᠭᠤᠷᠢᠶᠠᠯ ᠬᠤᠲᠠ ᠪᠣᠯᠭᠠᠨ ᠪᠦᠲᠦᠭᠡᠨ ᠪᠠᠶᠢᠭᠤᠯᠤᠨ᠎ᠠ︔ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ︽ᠱᠧᠨᠵᠧᠨ ᠬᠤᠳᠠ ᠶᠢᠨ ᠤᠶᠤᠨᠴᠢ ᠲᠡᠷᠢᠭᠦᠨ ᠤ ᠬᠤᠳᠠ ᠶᠢ ᠲᠦᠷᠭᠡᠳᠭᠡᠨ ᠪᠠᠶᠢᠭᠤᠯᠬᠤ ᠠᠵᠢᠯᠯᠠᠭ᠎ᠠ ᠶᠢᠨ ᠲᠥᠯᠥᠪᠯᠡᠭᠡ ︵2025 — 2026 ᠣᠨ︶︾ ᠳᠤ᠂ ᠪᠦᠬᠦ ᠴᠠᠷᠠᠭ᠎ᠠ ᠪᠦᠬᠦ ᠴᠠᠭ ᠪᠦᠬᠦ ᠲᠠᠯ᠎ᠠ ᠶᠢᠨ ᠬᠡᠷᠡᠭᠯᠡᠭᠡᠨ ᠳᠤ ᠱᠧᠨᠵᠧᠨ ᠤ ᠦᠯᠢᠭᠡᠷ ᠳᠠᠭᠤᠷᠢᠶᠠᠯ ᠢ ᠲᠦᠷᠭᠡᠨ ᠪᠦᠷᠢᠯᠳᠦᠭᠦᠯᠵᠦ᠂ ᠳᠡᠯᠡᠬᠡᠢ ᠳᠤ ᠥᠷᠢᠰᠦᠯᠳᠦᠬᠦ ᠬᠦᠴᠦᠨ ᠲᠠᠢ ᠣᠶᠤᠨᠲᠤ ᠬᠠᠲᠠᠭᠤ ᠬᠡᠷᠡᠭᠰᠡᠯ ᠤᠨ ᠦᠢᠯᠡᠳᠬᠦᠨ ᠤ ᠪᠦᠯᠦᠭᠵᠢᠯ ᠢ ᠪᠠᠶᠢᠭᠤᠯᠵᠤ᠂ ᠲᠠᠲᠠᠬᠤ ᠬᠦᠴᠦᠨ ᠢᠶᠠᠷ ᠪᠢᠯᠬᠠᠮ᠎ᠠ ᠵᠣᠬᠢᠶᠠᠮᠠᠯ ᠤᠶᠤᠨ ᠤ ᠴᠢᠳᠠᠪᠤᠷᠢᠲᠠᠨ ᠴᠤᠭᠯᠠᠷᠠᠭᠰᠠᠨ ᠭᠠᠵᠠᠷ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠲᠥᠯᠦᠪᠵᠢᠭᠦᠯᠭᠡ  ᠨᠢ ᠬᠤᠳᠠ ᠶᠢᠨ ᠣᠶᠤᠨᠴᠢᠯᠠᠯᠲᠠ ᠲᠡᠰ ᠳᠡᠪᠰᠢᠭᠦᠯᠬᠦ ᠳᠤ ᠵᠠᠮ ᠵᠢᠭᠠᠵᠤ ᠥᠭᠴᠡᠢ᠃         ᠣᠶᠤᠨᠲᠤ ᠬᠤᠳᠠ ᠨᠢ ᠲᠣᠮᠣ ᠳ᠋ᠠᠶᠢᠲ᠋ᠠ᠂ ᠵᠣᠬᠢᠶᠠᠮᠠᠯ ᠤᠶᠤᠨ᠂ ᠡᠭᠦᠯᠡᠨ ᠪᠣᠳᠣᠯᠲᠠ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠬᠤᠰᠢᠭᠤᠷᠠᠯ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠳ᠋ᠠᠶᠢᠲ᠋ᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠵᠡᠷᠭᠡᠴᠡᠭᠡᠪᠡᠷ ᠠᠵᠤ ᠦᠢᠯᠡᠰ ᠤᠨ ᠲᠡᠰ ᠳᠡᠪᠰᠢᠬᠦ ᠪᠠ ᠪᠦᠲᠦᠴᠡ ᠶᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠬᠠᠩᠭᠠᠵᠠᠢ᠃ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠳᠤ ᠣᠶᠤᠨᠲᠤ ᠲᠥᠬᠦᠭᠡᠷᠦᠮᠵᠢ᠂ ᠵᠥᠭᠡᠯᠡᠨ ᠲᠤᠨᠤᠭ ᠤᠨ ᠬᠡᠷᠡᠭᠯᠡᠯᠲᠡ᠂ ᠰᠢᠰᠲ᠋ᠧᠮ ᠤᠨ ᠴᠤᠭᠯᠠᠷᠠᠯ ᠤᠨ ᠲᠠᠯ᠎ᠠ ᠪᠠᠷ ᠬᠢ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠵᠣᠬᠢᠶᠠᠮᠠᠯ ᠤᠶᠤᠨ᠂ ᠲᠣᠮᠣ ᠳ᠋ᠠᠶᠢᠲ᠋ᠠ ᠵᠡᠷᠭᠡ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠰᠢᠨ᠎ᠡ ᠡᠨᠧᠷᠭᠢ᠂ ᠳᠡᠭᠡᠳᠦ ᠲᠡᠰ ᠤᠨ ᠲᠣᠨᠣᠭᠯᠠᠯ᠂ ᠠᠭᠠᠷ ᠠᠶᠠᠯᠠᠯ ᠰᠠᠨᠰᠠᠷ ᠠᠶᠠᠯᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠭᠤᠯᠳᠤ ᠴᠢᠭᠯᠡᠯ ᠢᠶᠠᠷ ᠨᠢᠭᠡ ᠴᠣᠭᠴᠠᠵᠢᠭᠤᠯᠬᠤ ᠪᠠ ᠬᠥᠨᠳᠡᠯᠡᠨ ᠴᠢᠭᠯᠡᠯ ᠢᠶᠠᠷ ᠨᠢᠭᠡ ᠴᠣᠭᠴᠠᠵᠢᠭᠤᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠬᠦ ᠮᠡᠷᠭᠡᠵᠢᠯ ᠢ ᠠᠰᠢᠭᠯᠠᠨ ᠪᠥᠬᠦ ᠬᠡᠯᠬᠢᠶ᠎ᠡ ᠶᠢᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠂ ᠠᠳᠠᠯᠢ ᠪᠤᠰᠤ ᠠᠵᠤ ᠦᠢᠯᠡᠰ ᠤᠨ ᠬᠤᠭᠤᠷᠣᠨᠳᠣᠬᠢ ᠵᠠᠭᠠᠭ ᠠᠯᠤᠰᠯᠠᠨ ᠠᠭᠤᠰᠤᠯᠴᠠᠬᠤ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠨᠠᠩ ᠨᠢᠭᠲᠠ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠣᠶ ᠪᠣᠯᠭᠠᠵᠤ᠂ ᠰᠢᠨ᠎ᠡ ᠶᠢ ᠡᠭᠦᠳᠬᠦ ᠬᠦᠴᠦᠨ ᠵᠦᠢᠯ ᠢ ᠤᠯᠠᠮ ᠨᠢᠭᠡ ᠠᠯᠬᠤᠮ ᠬᠤᠷᠠᠮᠳᠤᠭᠤᠯᠤᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠡᠬᠢ ᠰᠤᠷᠪᠤᠯᠵᠢ ᠶᠢ ᠰᠦᠪᠡᠭᠴᠢᠯᠡᠵᠦ ᠪᠣᠯᠣᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠣᠷᠣᠨ ᠵᠠᠢ ᠶᠢ ᠬᠠᠷᠠᠭᠠᠯᠠᠭᠰᠠᠨ ᠡᠳᠡᠭᠡᠷ ᠮᠡᠷᠭᠡᠵᠢᠯ ᠤᠨ ᠰᠢᠨ᠎ᠡ ᠡᠭᠦᠳᠦᠯᠲᠡ ᠨᠢ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠳᠠᠷᠠᠭᠠᠴᠢ ᠶᠢᠨ ᠱᠠᠲᠤᠨ ᠤ ᠬᠤᠳᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠭᠤᠣᠯᠳᠠᠯᠭ᠎ᠠ ᠪᠣᠯᠤᠭᠰᠠᠨ ᠪᠠᠶᠢᠨ᠎ᠠ᠃        ᠬᠤᠳᠠ ᠶᠢᠨ ᠪᠦᠬᠦ ᠣᠷᠣᠨ ᠪᠦᠰᠡ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠬᠤ ᠳᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠣᠯ ᠴᠢᠬᠤᠯᠠ ᠭᠠᠷᠳᠠᠴᠠ ᠪᠣᠯᠣᠨ᠎ᠠ᠂ ᠡᠨᠡ ᠨᠢ ᠤᠯᠠᠮᠵᠢᠯᠠᠯᠲᠤ ᠠᠵᠤ ᠦᠢᠯᠡᠰ ᠤᠨ ︽ᠤᠶᠤᠨᠴᠢᠯᠠᠯᠳᠠ ᠲᠤᠭᠠᠴᠢᠯᠠᠯᠳᠠ︾ ᠶᠢ ᠠᠬᠢᠭᠤᠯᠵᠤ ᠪᠣᠯᠣᠨ᠎ᠠ᠃ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠨᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠳᠤ ᠬᠡᠷᠡᠭᠯᠡᠭᠡ ᠪᠣᠯᠣᠨ ᠬᠡᠷᠡᠭᠴᠡᠭᠡ ᠶᠢᠨ ᠬᠥᠳᠡᠯᠭᠡᠭᠦᠷ ᠬᠠᠩᠭᠠᠭᠰᠠᠨ ᠪᠠᠶᠢᠨ᠎ᠠ᠂ ᠡᠨᠡ ᠨᠢ ᠤᠯᠠᠮ ᠨᠢᠭᠡ ᠠᠯᠬᠤᠮ ᠰᠠᠭᠤᠷᠢ ᠰᠤᠳᠤᠯᠭᠠᠨ᠂ ᠵᠠᠩᠭᠢᠯᠠᠭ᠎ᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠴᠢᠫ ᠵᠡᠷᠭᠡ ᠬᠦᠷᠢᠶᠡᠨ ᠳᠤ ᠰᠢᠪᠲᠤᠯᠤᠯᠲᠠ ᠶᠢ ᠪᠡᠶᠡᠯᠡᠭᠦᠯᠵᠦ᠂ ᠲᠤᠭᠠᠴᠢᠯᠠᠯᠳᠠ ᠪᠠᠷ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠲᠦᠷᠭᠡᠨ ᠪᠡᠶᠡᠯᠡᠭᠦᠯᠵᠦ᠂ ᠤᠯᠠᠮᠵᠢᠯᠠᠯᠲᠤ ᠠᠵᠤ ᠦᠢᠯᠡᠰ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢ ᠱᠠᠭᠠᠷᠳᠠᠵᠤ ᠪᠠᠶᠢᠨ᠎ᠠ᠃ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠣᠶᠤᠨᠴᠢᠯᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠳᠤ ᠠᠯᠬᠤᠮ ᠠᠯᠬᠤᠮ ᠢᠶᠠᠷ ᠬᠡᠰᠡᠭ ᠲᠠᠯ᠎ᠠ ᠶᠢᠨ ᠰᠢᠯᠢᠳᠡᠭᠵᠢᠭᠦᠯᠦᠯᠲᠡ᠂ ᠲᠠᠩ ᠭᠠᠭᠴᠠ ᠬᠡᠷᠡᠭᠯᠡᠭᠡ ᠠᠴᠠ ᠲᠤᠬᠠᠶᠢᠯᠠᠭᠰᠠᠨ ᠠᠵᠢᠯ ᠤᠨ ᠨᠡᠪᠲᠡᠷᠡᠯᠴᠡᠭᠡ ᠪᠠ ᠬᠠᠮᠵᠢᠯᠴᠠᠨ ᠬᠥᠭᠵᠢᠬᠦ ᠶᠢᠨ ᠣᠶᠤᠨᠴᠢᠯᠠᠯᠲᠠ ᠶᠢᠨ ᠳᠡᠰ ᠳᠡᠪᠰᠢᠬᠦ ᠳᠤ ᠰᠢᠯᠵᠢᠬᠦ ᠴᠢᠬᠤᠯᠠᠲᠠᠢ᠃ ᠠᠵᠤ ᠦᠢᠯᠡᠳᠪᠦᠷᠢ ᠶᠢᠨ ᠲᠤᠭ᠎ᠠ ᠪᠠᠷᠢᠮᠲᠠ ᠶᠢ ᠥᠨᠳᠥᠷ ᠦᠷ᠎ᠡ ᠪᠦᠲᠦᠮᠵᠢᠲᠡᠶ ᠪᠠᠷ ᠴᠤᠭᠯᠠᠭᠤᠯᠬᠤ᠂ ᠠᠭᠤᠰᠤᠯᠴᠠᠭᠤᠯᠤᠨ ᠨᠡᠪᠲᠡᠷᠡᠭᠦᠯᠬᠦ᠂ ᠥᠷᠲᠡᠭ ᠢ ᠠᠭᠤᠳᠠᠯᠬᠤ ᠪᠠ ᠬᠠᠤᠯᠢ ᠶᠣᠰᠣᠨ ᠳᠤ ᠨᠡᠶᠢᠴᠡᠬᠦ᠂ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠲᠤᠭ᠎ᠠ ᠪᠠᠷᠢᠮᠲᠠ ᠶᠢ ᠥᠷᠲᠡᠭᠵᠢᠭᠦᠯᠬᠦ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠵᠥᠭᠡᠯᠡᠨ ᠲᠣᠨᠤᠭ ᠢ ᠲᠤᠭᠠᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠪᠣᠱᠤᠭ᠎ᠠ ᠥᠨᠳᠥᠷ᠂ ᠦᠶᠡᠯᠡᠬᠦ ᠬᠤᠭᠤᠴᠠᠭ᠎ᠠ ᠣᠷᠳᠣ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠠᠵᠤ ᠦᠢᠯᠡᠳᠪᠦᠷᠢ ᠳᠤ ᠢᠨᠲ᠋ᠧᠷ ᠰᠦᠯᠵᠢᠶ᠎ᠡ ᠶᠢ ᠲᠠᠰᠤᠷᠠᠯᠲᠠ ᠦᠭᠡᠢ ᠠᠰᠢᠭᠯᠠᠨ᠂ ᠮᠡᠷᠭᠡᠵᠢᠯ ᠤᠨ ᠬᠦᠴᠦᠨ ᠵᠦᠢᠯ ᠪᠠ ᠦᠢᠯᠡᠳᠪᠦᠷᠢᠯᠡᠯ ᠤᠨ ᠬᠦᠴᠦᠨ ᠵᠦᠢᠯ ᠤᠨ ᠪᠥᠬᠦ ᠲᠠᠯ᠎ᠠ ᠶᠢᠨ ᠬᠤᠯᠪᠣᠯᠳᠤᠯ ᠢ ᠪᠣᠶ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠣᠭᠠᠴᠢᠯᠠᠯᠲᠠ᠂ ᠰᠦᠯᠵᠢᠶᠡᠵᠢᠯᠲᠡ᠂ ᠠᠦ᠋ᠲ᠋ᠣᠴᠢᠯᠠᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃         ᠲᠤᠭ᠎ᠠ ᠪᠠᠷᠢᠮᠲᠠ ᠶᠢᠨ ᠡᠯᠧᠮᠧᠨ᠋ᠲ ᠨᠢ ︽ᠲᠣᠭᠠᠴᠢᠯᠠᠭᠰᠠᠨ ᠲᠦᠭᠦᠬᠡᠢ  ᠡᠳ᠋︾ ᠰᠢᠭ᠋ ᠢᠶᠠᠷ ᠠᠵᠤ ᠦᠢᠯᠡᠰ ᠤᠨ ᠰᠢᠨ᠎ᠡ ᠶᠢ ᠡᠭᠦᠳᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠣᠶᠤᠨᠲᠤ ᠬᠤᠲᠠ ᠶᠢ ᠪᠦᠲᠦᠭᠡᠨ ᠪᠠᠶᠢᠭᠤᠯᠬᠤ ᠶᠠᠪᠤᠴᠠ ᠳᠤ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠪᠣᠶ ᠪᠣᠯᠭᠠᠵᠤ᠂ ᠡᠲᠡᠭᠡᠷ ᠲᠤᠭ᠎ᠠ ᠪᠠᠷᠢᠮᠲᠠ ᠶᠢ ᠭᠦᠨᠵᠡᠭᠡᠢ ᠠᠭᠤᠳᠠᠯᠤᠨ ᠵᠠᠳᠠᠯᠬᠤ ᠪᠠᠷ ᠳᠡᠮᠵᠢᠨ᠂ ᠬᠤᠲᠠ ᠶᠢᠨ ᠬᠥᠭᠵᠢᠯᠲᠡ ᠶᠢᠨ ᠳᠠᠯᠳᠠ ᠵᠢᠮ᠎ᠡ ᠶᠣᠰᠣ ᠪᠠ ᠬᠠᠨᠳᠤᠰᠢ ᠶᠢ ᠪᠣᠯᠪᠠᠰᠤᠷᠠᠭᠤᠯᠵᠤ ᠪᠣᠯᠣᠨ᠎ᠠ᠃ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠪᠦᠷᠢᠯᠳᠦᠯ ᠨᠢ ᠨᠡᠩ ᠤᠯᠠᠨ ᠰᠢᠨ᠎ᠡ ᠶᠢ ᠡᠭᠦᠳᠬᠦ ᠡᠬᠢ ᠪᠠᠶᠠᠯᠢᠭ ᠪᠠ ᠴᠢᠳᠠᠪᠤᠷᠢᠲᠠᠨ ᠤ ᠴᠤᠭᠯᠠᠷᠠᠯ ᠢ ᠲᠠᠲᠠᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ ᠲᠤᠭ᠎ᠠ ᠪᠠᠷᠢᠮᠲᠠ ᠶᠢ ᠬᠠᠳᠠᠭᠠᠯᠠᠬᠤ᠂ ᠪᠣᠯᠪᠠᠰᠤᠷᠠᠭᠤᠯᠬᠤ᠂ ᠨᠡᠭᠡᠭᠡᠨ ᠠᠰᠢᠭᠯᠠᠬᠤ ᠠᠴᠠ ᠣᠶᠤᠨᠴᠢᠯᠠᠨ ᠬᠡᠷᠡᠭᠯᠡᠬᠦ ᠬᠦᠷᠲᠡᠯᠡᠬᠢ ᠪᠦᠬᠦ ᠴᠥᠷᠬᠡᠯᠡᠭᠡ ᠵᠠᠮ ᠢ ᠨᠡᠩ ᠰᠠᠶᠢᠲᠤᠷ ᠪᠡᠶᠡᠯᠡᠭᠦᠯᠬᠦ ᠳᠤ᠂ ᠬᠤᠳᠠ ᠪᠤᠶᠤ ᠣᠷᠣᠨ ᠪᠦᠰᠡ ᠶᠢᠨ ᠲᠤᠭ᠎ᠠ ᠪᠠᠷᠢᠮᠲᠠ ᠶᠢᠨ ᠰᠠᠭᠤᠷᠢ ᠲᠥᠬᠦᠭᠡᠷᠦᠮᠵᠢ ᠶᠢᠨ ︽ᠡᠭᠦᠯᠡᠨ ᠲᠠᠪᠴᠠᠩ︾ ᠢ ᠪᠠᠶᠢᠭᠤᠯᠬᠤ ᠴᠢᠬᠤᠯᠠᠲᠠᠢ᠃ ᠵᠢᠱᠢᠶᠡᠯᠡᠪᠡᠯ᠂ ᠨᠠᠨᠵᠢᠩ ᠤᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠡᠷᠦᠩᠬᠡᠶᠢᠯᠡᠭᠰᠡᠨ ᠲᠠᠪᠴᠠᠩ ᠨᠢ 30 ᠰᠠᠯᠠᠭ᠎ᠠ ᠮᠥᠴᠢᠷ ᠤᠨ 311 ᠵᠦᠢᠯ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠵᠣᠯᠭᠠᠭᠤᠯᠵᠤ᠂ ᠲᠤᠭ᠎ᠠ ᠪᠠᠷᠢᠮᠲᠠ ᠶᠢᠨ ᠶᠡᠷᠦᠩᠬᠡᠢ ᠬᠡᠮᠵᠢᠶ᠎ᠡ ᠨᠢ ᠵᠠᠭᠤᠨ ᠳ᠋ᠦᠩᠰᠢᠭᠤᠷ ᠤᠨ ᠲᠠᠰ ᠲᠤ ᠬᠦᠷᠴᠦ᠂ ᠨᠠᠷᠢᠨ ᠪᠤᠳᠤᠯᠢᠶᠠᠨᠲᠠᠢ ᠵᠠᠰᠠᠯᠲᠠ ᠶᠢ ︽ᠨᠢᠭᠡ ᠳᠡᠯᠭᠡᠴᠡ ᠪᠠᠷ ᠬᠠᠷᠠᠬᠤ᠂ ᠨᠢᠭᠡ ᠲᠣᠪᠴᠢ ᠪᠠᠷ ᠬᠠᠮᠢᠶᠠᠷᠴᠤ ᠪᠣᠯᠬᠤ︾ ᠪᠣᠯᠭᠠᠵᠠᠢ᠃        ᠶᠡᠭᠡ ᠬᠡᠮᠵᠢᠶᠡᠨ ᠤ ᠬᠤᠪᠢ ᠬᠥᠮᠥᠨ ᠤ ᠲᠤᠭ᠎ᠠ ᠪᠠᠷᠢᠮᠲᠠ ᠶᠢ ᠴᠤᠭᠯᠠᠭᠤᠯᠬᠤ ᠪᠠ ᠰᠢᠢᠳᠪᠦᠷᠢᠯᠡᠬᠦ ᠶᠢ ᠳᠠᠭᠠᠯᠳᠤᠨ᠂ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠪᠠᠲᠤᠯᠠᠬᠤ ᠨᠢ ᠲᠤᠶᠢᠯ ᠤᠨ ᠴᠢᠬᠤᠯᠠ ᠶᠤᠮ᠃ ᠲᠤᠭᠠᠴᠢᠯᠠᠯᠳᠠ ᠤᠶᠤᠨᠴᠢᠯᠠᠯᠳᠠ ᠶᠢᠨ ᠠᠭᠤᠰᠤᠯᠴᠠᠯ᠂ ᠬᠤᠪᠢ ᠶᠢᠨ ᠨᠢᠭᠤᠴᠠ ᠶᠢ ᠪᠤᠳᠤᠬᠤ ᠮᠡᠷᠭᠡᠵᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠳᠣᠣᠷ᠎ᠠ᠂ ᠣᠯᠠᠨ ᠨᠡᠶᠢᠲᠡ ᠶᠢᠨ ᠲᠤᠭ᠎ᠠ ᠪᠠᠷᠢᠮᠲᠠ᠂ ᠠᠵᠢᠯ ᠲᠥᠷᠥᠯ ᠤᠨ ᠲᠤᠭ᠎ᠠ ᠪᠠᠷᠢᠮᠲᠠ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠠᠮᠤᠷ ᠲᠦᠪᠰᠢᠨ ᠤ ᠬᠦᠷᠢᠶ᠎ᠡ ᠴᠠᠷᠠᠭ᠎ᠠ ᠳᠤ ᠡᠷᠭᠢᠯᠳᠦᠭᠦᠯᠬᠦ ᠶᠢ ᠦᠨᠡᠨᠬᠦ ᠪᠠᠲᠤᠯᠠᠵᠤ᠂ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠳᠤ ︽ᠰᠢᠭᠤᠳ︾ ᠨᠡᠭᠡᠭᠡᠨ ᠬᠥᠭᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠵᠤ᠂ ᠲᠤᠭ᠎ᠠ ᠪᠠᠷᠢᠮᠲᠠ ᠶᠢᠨ ᠦᠢᠯᠡᠳᠬᠦᠨ ᠢ ᠨᠡᠭᠡᠭᠡᠨ ᠬᠥᠭᠵᠢᠭᠦᠯᠬᠦ᠂ ᠬᠢᠨᠠᠨ ᠬᠠᠮᠢᠶᠠᠷᠬᠤ᠂ ᠭᠦᠢᠯᠭᠡᠭᠡᠬᠦ᠂ ᠬᠡᠷᠡᠭᠯᠡᠬᠦ ᠪᠥᠬᠦ ᠶᠠᠪᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠷᠬᠡ ᠣᠯᠭᠤᠬᠤ ᠡᠵᠡᠩᠨᠡᠯᠲᠡ ᠶᠢᠨ ᠲᠠᠪᠴᠠᠩ ᠢᠶᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠬᠢᠯᠢ ᠠᠯᠤᠰᠯᠠᠭᠰᠠᠨ ᠠᠷᠠᠯᠵᠢᠶ᠎ᠠ ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠤ᠂ ᠤᠯᠠᠮᠵᠢᠯᠠᠯᠲᠤ ᠣᠯᠠᠨ ᠲᠤᠬᠠᠶᠢᠯᠠᠭᠰᠠᠨ ᠠᠵᠢᠯ ᠤᠨ ᠲᠠᠯᠠᠪᠤᠷ ᠤᠨ ᠲᠤᠭ᠎ᠠ ᠪᠠᠷᠢᠮᠲᠠ ᠶᠢ ᠴᠢᠯᠦᠭᠡᠲᠡᠢ ᠪᠣᠯᠭᠠᠬᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠲᠤᠭ᠎ᠠ ᠪᠠᠷᠢᠮᠲᠠ ᠶᠢᠨ ᠡᠷᠬᠡ ᠣᠯᠭᠤᠬᠤ ᠪᠠ ᠲᠤᠭ᠎ᠠ ᠪᠠᠷᠢᠮᠲᠠ ᠶᠢᠨ ᠥᠷᠲᠡᠭ ᠤᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃        ᠢᠷᠡᠭᠡᠳᠦᠢ ᠳᠤ᠂ ᠣᠶᠤᠨᠲᠤ ᠬᠤᠲᠠ ᠶᠢ ᠪᠦᠲᠦᠭᠡᠨ ᠪᠠᠶᠢᠭᠤᠯᠬᠤ ᠳᠤ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠵᠣᠬᠢᠴᠠᠩᠭᠤᠢ ᠠᠵᠤ ᠦᠢᠯᠡᠰ ᠤᠨ ᠬᠥᠭᠵᠢᠯᠲᠡ ᠪᠠ ᠴᠢᠳᠠᠪᠤᠷᠢᠲᠠᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠨ ᠵᠠᠢ ᠶᠢ ᠲᠥᠬᠦᠷᠵᠢᠭᠦᠯᠬᠦ ᠬᠡᠷᠡᠭᠲᠡᠢ᠃ ︽ᠲᠤᠭ᠎ᠠ ᠪᠠᠷᠢᠮᠲᠠ ᠶᠢᠨ ᠡᠯᠧᠮᠧᠨ᠋ᠲ + ᠪᠤᠳᠤᠯᠳᠠ ᠶᠢᠨ ᠬᠦᠴᠦᠨ ᠤ ᠰᠠᠭᠤᠷᠢ ᠲᠥᠬᠦᠭᠡᠷᠦᠮᠵᠢ + ᠬᠡᠷᠡᠭᠯᠡᠭᠡᠨ ᠤ ᠦᠵᠡᠭᠳᠡᠯ︾ ᠤᠨ ᠵᠠᠭᠪᠤᠷ ᠢ ᠠᠰᠢᠭᠯᠠᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠳᠪᠦᠷᠢᠯᠡᠯ ᠤᠨ ᠠᠵᠢᠯᠯᠠᠭ᠎ᠠ ᠳᠤᠮᠳᠠ ᠦᠷᠳᠡᠭ ᠤᠨ ᠡᠭᠦᠳᠦᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠥᠷᠥᠩᠭᠡ᠂ ᠬᠥᠳᠡᠯᠮᠦᠷᠢ ᠬᠦᠴᠦᠨ ᠪᠠ ᠮᠡᠷᠭᠡᠵᠢᠯ ᠵᠡᠷᠭᠡ ᠡᠯᠧᠮᠧᠨ᠋ᠲ ᠲᠤ ᠡᠨᠧᠷᠭᠢ ᠣᠯᠭᠤᠬᠤ ᠶᠢ ᠪᠡᠶᠡᠯᠡᠭᠦᠯᠵᠦ᠂ ᠣᠶᠤᠨᠲᠤ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠨᠡᠩ ᠤᠯᠠᠨ ᠳᠡᠭᠡᠳᠦ ᠨᠠᠷᠢᠯᠢᠭ ᠣᠷᠣᠶᠢᠯᠠᠭᠰᠠᠨ ᠴᠢᠳᠠᠪᠤᠷᠢᠲᠠᠨ ᠢ ᠲᠠᠲᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠦᠨ᠎ᠡ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1