ᠣᠳᠣᠬᠠᠨ ᠳᠤ᠂ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠨᠢᠭᠡᠨᠲᠡ ᠴᠢᠬᠤᠯᠠ ᠶᠡᠭᠡ ᠬᠤᠪᠢᠷᠠᠯᠲᠠ ᠭᠠᠷᠴᠤ᠂ ᠠᠷᠠᠳ ᠣᠯᠠᠨ ᠤ | ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠳᠠᠰᠢ | ᠰᠢᠯᠵᠢᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠳᠤ ᠲᠥᠷᠥᠭᠳᠡᠯ ᠲᠠᠢ ᠰᠢᠭᠤᠳ ᠬᠤᠯᠪᠣᠭᠳᠠᠵᠤ ᠪᠠᠶᠢᠨ᠎ᠠ᠃ ᠡᠨᠡ ᠵᠢᠯ ᠤᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ | ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ | ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ 4 ᠳ᠋ᠤᠭᠡᠷ ᠰᠠᠷ᠎ᠠ ᠶᠢᠨ 25 ᠤ ᠡᠳᠦᠷ ᠳᠣᠮᠳᠠᠳᠪ᠊ ᠤᠯᠤᠰ ᠤᠨ ᠡᠪ | ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠠᠴᠠ᠂ ᠭᠡᠷ ᠪᠠᠶᠢᠰᠢᠩ | ᠭᠠᠵᠠᠷ ᠬᠦᠷᠦᠩᠭᠡ ᠶᠢᠨ ᠬᠦᠭᠵᠢᠯᠳᠡ ᠶᠢᠨ ᠰᠢᠨ᠎ᠡ ᠵᠠᠭᠪᠤᠷ ᠢ ᠲᠦᠷᠭᠡᠳᠭᠡᠨ ᠪᠠᠶᠢᠭᠤᠯᠵᠦ᠂ ᠴᠢᠨᠠᠷ ᠰᠠᠶᠢᠳᠠᠢ ᠤᠷᠤᠨ | ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠯ᠎ᠡ ᠮᠤᠵᠢ ᠬᠤᠳᠠ ᠶᠢᠨ ᠬᠢᠨ ᠢᠳᠡᠪᠬᠢᠲᠡᠢ ᠪᠠᠷ ᠴᠤᠤᠷᠢᠶᠠᠲᠤᠨ | ᠳᠠᠭᠠᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦᠯᠡᠨ ᠦᠷᠨᠢᠭᠦᠯᠬᠦ | ᠬᠡᠷᠡᠭᠳᠡᠢ ᠭᠡᠵᠦ ᠵᠢᠭᠠᠨ ᠭᠠᠷᠭᠠᠪᠠ᠃ | ︽ᠰᠢᠰᠲ᠋ᠧᠮ︾ ᠢᠶᠠᠷ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠲᠡᠢ | ᠲᠦᠯᠦᠪᠵᠢᠭᠦᠯᠦᠨ᠎ᠡ᠃ ᠡᠯ᠎ᠡ ᠭᠠᠵᠠᠷ ᠤᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠰᠠᠶᠢᠨ ᠭᠡᠷ | ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠪᠠ᠃ ᠱᠠᠨᠳᠦ᠋ᠩ᠂ ᠱᠠᠨ ᠰᠢ᠂ ᠵᠢᠶᠠᠩᠰᠤ᠂ ᠬᠤᠪᠧᠢ᠂ ᠰᠧᠴᠤᠸᠠᠨ᠂ ᠨᠢᠩᠰᠢᠶᠠ᠂ | ᠵᠢᠶᠠᠩᠰᠢ᠂ ᠬᠠᠶᠢᠨᠠᠨ᠂ ᠱᠠᠨᠰᠢ ᠵᠡᠷᠭᠡ ᠭᠠᠵᠠᠷ ᠤᠨ ᠬᠢᠨ ᠲᠤᠰᠬᠠᠢ ᠵᠢᠯᠤᠭᠤᠳᠬᠤ ᠰᠠᠨᠠᠯ᠂ ᠬᠡᠷᠡᠭᠵᠢᠭᠦᠯᠬᠦ ᠲᠥᠰᠥᠯ᠂ | ᠠᠵᠢᠯ ᠤᠨ ᠲᠥᠰᠥᠯ ᠵᠡᠷᠭᠡ ᠶᠢ ᠨᠡᠶᠢᠲᠡᠯᠡᠵᠦ᠂ ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠪᠠ ᠠᠬᠢᠭᠤᠯᠬᠤ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠃ ᠵᠢᠱᠢᠶᠡᠯᠡᠪᠡᠯ ᠱᠠᠨᠳᠦ᠋ᠩ ᠮᠤᠵᠢ ᠶᠢᠨ ᠬᠢᠨ ᠪᠥᠬᠦ ᠤᠯᠤᠰ ᠤᠨ ᠠᠩᠬᠠᠳᠠᠭᠴᠢ | ᠮᠤᠵᠢ ᠶᠢᠨ ᠱᠠᠲᠤᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ︽ | ᠱᠠᠨᠳᠦ᠋ᠩ ᠮᠤᠵᠢ ᠶᠢᠨ ᠴᠢᠨᠠᠷ ᠰᠠᠶᠢᠲᠠᠢ ᠣᠷᠣᠨ ᠰᠠᠭᠤᠴᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠣᠷᠣᠨ ᠰᠠᠭᠤᠴᠠ ᠶᠢᠨ ᠤᠬᠠᠭᠳᠠᠬᠤᠨ ᠪᠠ | ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠢ ᠲᠣᠭᠲᠠᠭᠠᠨ᠂ ᠴᠢᠨᠠᠷ ᠰᠠᠶᠢᠲᠠᠢ ᠣᠷᠣᠨ ᠰᠠᠭᠤᠴᠠ ᠶᠢ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠳᠤ ᠦᠨᠳᠦᠰᠦ ᠪᠠᠷᠢᠮᠲᠠ ᠬᠠᠩᠭᠠᠪᠠ︔ ᠣᠶᠢᠷ᠎ᠠ ᠳᠤ ︽︿ᠰᠠᠶᠢᠨ ᠭᠡᠷ | ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠶᠢᠨ ᠳᠡᠮᠵᠢᠯᠭᠡ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ᠢ ᠨᠡᠶᠢᠲᠡᠯᠡᠵᠦ᠂ ᠴᠢᠨᠠᠷ ᠰᠠᠶᠢᠲᠠᠢ ᠭᠠᠵᠠᠷ ᠰᠢᠷᠣᠢ ᠶᠢᠨ ᠬᠠᠩᠭᠠᠯᠭ᠎ᠠ ᠶᠢᠨ ᠡᠷᠴᠢᠮ ᠢ | ᠴᠢᠩᠭᠠᠷᠠᠭᠤᠯᠵᠤ᠂ ᠦᠯᠡᠳᠡᠭᠡᠯ ᠰᠤᠯᠠ ᠭᠠᠵᠠᠷ ᠰᠢᠷᠣᠢ ᠶᠢ ᠠᠮᠢᠳᠤᠯᠢᠭ ᠠᠰᠢᠭᠯᠠᠬᠤ ᠶᠢ ᠲᠦᠯᠬᠢᠨ ᠠᠬᠢᠭᠤᠯᠬᠤ ᠵᠡᠷᠭᠡ | 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠯ᠎ᠡ ᠭᠠᠵᠠᠷ ᠤᠨ | ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢ ᠵᠡᠷᠭᠡ ᠪᠠᠷ ᠬᠡᠷᠡᠭᠵᠢᠭᠦᠯᠵᠦ᠂ ᠣᠷᠣᠨ | ᠰᠠᠭᠤᠴᠠ ᠶᠢᠨ ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢᠨ ᠳᠠᠯᠳᠠ ᠬᠦᠴᠦᠨ ᠢ | ᠭᠦᠢᠴᠡᠳ ᠪᠠᠳᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠲᠦᠷᠭᠡᠪᠴᠢᠯᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | ︽ᠪᠠᠷᠢᠮᠵᠢᠶ᠎ᠠ︾ ᠪᠠᠷ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠬᠥᠲᠥᠯᠥᠨ | ᠳᠠᠭᠠᠭᠤᠯᠤᠨ᠎ᠠ᠃ ᠪᠠᠷᠢᠮᠵᠢᠶ᠎ᠠ ᠶᠢᠨ ᠬᠢᠷᠢ ᠲᠦᠪᠰᠢᠨ ᠨᠢ ᠭᠡᠷ ᠪᠠᠶᠢᠰᠢᠩ ᠤᠨ ᠴᠢᠨᠠᠷ ᠴᠢᠨᠰᠠᠭ᠎ᠠ ᠶᠢ ᠲᠣᠭᠲᠠᠭᠠᠨ᠎ᠠ᠃ | ᠨᠢᠭᠡ ᠳᠤ᠂ ︽ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠶᠢᠨ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠎ᠡ᠃ 5 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ︽ᠣᠷᠣᠨ ᠰᠠᠭᠤᠴᠠ ᠶᠢᠨ ᠲᠥᠷᠥᠯ | ᠵᠦᠢᠯ ᠤᠨ ᠵᠢᠷᠤᠮᠵᠢᠯ︾ ᠢ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠭᠠᠵᠤ᠂ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠬᠡᠷᠡᠭᠯᠡᠯᠲᠡ ᠪᠠ ᠬᠠᠮᠠᠭᠠᠯᠠᠯᠲᠠ ᠶᠢᠨ ᠲᠤᠬᠠᠢ ᠲᠣᠭᠲᠠᠭᠠᠯ ᠭᠠᠷᠭᠠᠵᠤ᠂ ᠰᠢᠨ᠎ᠡ ᠭᠡᠷ ᠪᠠᠶᠢᠰᠢᠩ ᠤᠨ | ᠲᠠᠪᠬᠤᠷᠯᠢᠭ ᠤᠨ ᠥᠨᠳᠥᠷ᠂ ᠴᠠᠬᠢᠯᠭᠠᠨ ᠱᠠᠲᠤ ᠶᠢᠨ ᠢᠵᠢ ᠪᠦᠷᠢᠳᠦᠭᠦᠯᠬᠦ᠂ ᠲᠠᠭᠤ ᠬᠦᠨᠳᠡᠷᠡᠶᠢᠭᠦᠯᠬᠦ ᠱᠤᠤᠬᠢᠶᠠᠨ ᠢ | ᠪᠠᠭᠤᠷᠠᠭᠤᠯᠬᠤ᠂ ᠰᠠᠭᠠᠳ ᠦᠭᠡᠢ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ᠂ ᠨᠠᠰᠤᠵᠢᠯ ᠳᠤ | ᠲᠣᠬᠢᠷᠠᠬᠤ ᠥᠭᠡᠷᠡᠴᠢᠯᠡᠯᠲᠡ ᠵᠡᠷᠭᠡ ᠣᠯᠠᠨ ᠲᠠᠯ᠎ᠠ ᠳᠤ ᠬᠤᠯᠪᠣᠭᠳᠠᠨ᠎ᠠ᠂ ᠵᠢᠱᠢᠶᠡᠯᠡᠪᠡᠯ ︽ᠲᠠᠭᠠᠯᠠᠮᠵᠢᠲᠠᠢ︾ | ᠲᠠᠯ᠎ᠠ ᠳᠤ᠂ ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠢ 3 ᠮᠧᠲᠷ ᠠᠴᠠ ᠳᠣᠣᠷ᠎ᠠ ᠦᠭᠡᠢ ᠪᠣᠯᠭᠠᠨ | ᠲᠡᠭᠡᠭᠰᠢᠯᠡᠭᠦᠯᠬᠦ ᠪᠠᠷᠢᠮᠵᠢᠶ᠎ᠠ ᠪᠠᠷ ᠳᠠᠮᠵᠢᠭᠤᠯᠤᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠬᠥᠲᠥᠯᠥᠨ ᠳᠠᠭᠠᠭᠤᠯᠵᠤ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠯ᠎ᠡ | ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠲᠡᠯᠡᠪᠡ᠃ ᠡᠯ᠎ᠡ ᠭᠠᠵᠠᠷ ᠤᠨ ᠬᠢᠨ ᠲᠣᠰ ᠪᠡᠶ᠎ᠡ ᠶᠢᠨ ᠨᠥᠬᠦᠴᠡᠯ ᠲᠠᠢ ᠪᠠᠨ | ᠤᠶᠠᠯᠳᠤᠭᠤᠯᠤᠨ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠤᠶᠤ ᠪᠠᠷᠢᠮᠵᠢᠶ᠎ᠠ ᠵᠢᠷᠤᠮᠵᠢᠯ ᠤᠨ | ᠰᠠᠭᠤᠷᠢᠨ ᠳᠡᠭᠡᠷ᠎ᠡ᠂ ᠡᠯ᠎ᠡ ᠭᠠᠵᠠᠷ ᠤᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠵᠢᠷᠤᠮᠵᠢᠯ ᠤᠨ ᠰᠢᠰᠲ᠋ᠧᠮᠵᠢ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ 4 ᠳ᠋ᠤᠭᠡᠷ ᠰᠠᠷ᠎ᠠ ᠠᠴᠠ | ᠨᠠᠰᠢ᠂ ᠭᠦᠢᠵᠧᠦ᠂ ᠰᠧᠴᠤᠸᠠᠨ᠂ ᠱᠠᠨᠳᠦ᠋ᠩ ᠵᠡᠷᠭᠡ ᠭᠠᠵᠠᠷ ᠤᠨ ᠬᠢᠨ ᠣᠷᠣᠨ ᠨᠤᠲᠤᠭ ᠤᠨ ᠴᠢᠨᠠᠷᠲᠠᠢ ︽ᠰᠠᠶᠢᠨ | ᠭᠡᠷ ᠪᠠᠶᠢᠰᠢᠩ︾ ᠤᠨ ᠪᠠᠷᠢᠮᠵᠢᠶ᠎ᠠ ᠶᠢ ᠵᠠᠯᠭᠠᠭ᠎ᠠ ᠪᠠᠷ ᠨᠡᠶᠢᠲᠡᠯᠡᠵᠦ᠂ ᠨᠢᠭᠡᠴᠢ ᠶᠢᠨ ᠵᠢᠷᠤᠭ ᠲᠥᠯᠥᠪᠯᠡᠭᠡ᠂ ᠣᠷᠣᠨ | ᠰᠠᠭᠤᠴᠠ ᠶᠢᠨ ᠵᠢᠷᠤᠭ ᠲᠥᠯᠥᠪᠯᠡᠭᠡ ᠵᠡᠷᠭᠡ ᠳᠤ ᠴᠢᠭᠯᠡᠭᠦᠯᠦᠨ ᠪᠣᠳᠠᠲᠠᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠤᠳᠤ ᠪᠤᠯᠳᠠᠯ᠎ᠠ ᠪᠥᠬᠦ ᠤᠯᠤᠰ ᠤᠨ ᠠᠷᠪᠠᠨ ᠮᠤᠵᠢ ᠬᠤᠲᠠ ᠨᠢᠭᠡᠨᠲᠡ ᠲᠣᠰ ᠪᠡᠶ᠎ᠡ ᠶᠢᠨ | ᠪᠠᠶᠢᠳᠠᠯ ᠲᠠᠢ ᠪᠠᠨ ᠤᠶᠠᠯᠳᠤᠭᠤᠯᠤᠨ᠂ ᠡᠶᠢᠮᠦᠷᠬᠦ ᠪᠠᠷᠢᠮᠵᠢᠶ᠎ᠠ ᠪᠠ ᠱᠠᠭᠠᠷᠳᠠᠯᠭ᠎ᠠ ᠶᠢ ᠨᠡᠶᠢᠲᠡᠯᠡᠭᠰᠡᠨ ᠪᠠᠶᠢᠨ᠎ᠠ᠃ | ︽ᠰᠢᠨᠵᠢᠯᠡᠬᠦ ᠤᠬᠠᠭᠠᠨ ᠮᠡᠷᠭᠡᠵᠢᠯ︾ ᠢᠶᠠᠷ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠳᠤ | ᠡᠨᠧᠷᠬᠢ ᠣᠯᠭᠤᠨ᠎ᠠ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠰᠢᠨ᠎ᠡ ᠰᠢᠨᠵᠢᠯᠡᠬᠦ | ᠤᠬᠠᠭᠠᠨ ᠮᠡᠷᠭᠡᠵᠢᠯ ᠠᠴᠠ ᠰᠠᠯᠵᠤ ᠴᠢᠳᠠᠬᠤ ᠦᠭᠡᠢ᠂ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ | ᠪᠣᠯᠣᠨ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠨᠢ ᠬᠠᠷᠢᠯᠴᠠᠨ ᠦᠢᠯᠡᠳᠦᠯᠴᠡᠵᠦ ᠪᠠᠶᠢᠳᠠᠭ᠃ ᠰᠢᠨᠵᠢᠯᠡᠬᠦ ᠤᠬᠠᠭᠠᠨ | ᠮᠡᠷᠭᠡᠵᠢᠯ ᠨᠢ ︽ᠰᠠᠶᠢᠨ ᠭᠡᠷ ᠪᠠᠶᠢᠰᠢᠩ︾ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠨᠡᠪᠳᠡᠷᠡᠵᠦ | ᠪᠠᠶᠢᠨ᠎ᠠ᠃ ᠤᠶᠤᠨᠴᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠥᠬᠦ ᠤᠯᠤᠰ ᠤᠨ 24 ᠤᠶᠤᠨᠴᠢ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠢᠳᠡᠪᠬᠢᠲᠡᠢ ᠪᠠᠷ ᠠᠵᠢᠯ ᠬᠢᠵᠦ᠂ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠦᠷᠭᠡᠪᠴᠢᠯᠡᠨ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠲᠤᠷᠰᠢᠯᠲᠠ ᠶᠢᠨ ᠢᠨᠵᠧᠨᠧᠷᠢᠩ ᠤᠨ ᠬᠡᠷᠡᠭᠯᠡᠭᠡᠨ ᠤ ᠲᠠᠯᠠᠪᠤᠷ ᠢ ᠶᠡᠭᠡ ᠪᠠᠷ | ᠥᠷᠭᠡᠳᠬᠡᠨ᠂ ᠤᠶᠤᠨᠴᠢ ᠪᠦᠲᠦᠭᠡᠨ ᠪᠠᠶᠢᠭᠤᠯᠤᠯᠲᠠ ᠶᠢᠨ ᠰᠢᠨ᠎ᠡ ᠠᠵᠤ ᠦᠢᠯᠡᠰ ᠢ ᠰᠦᠪᠡᠭᠴᠢᠯᠡᠨ ᠪᠣᠶᠢᠵᠢᠭᠤᠯᠵᠤ᠂ | ᠢᠳᠡᠪᠬᠢᠲᠡᠢ ᠠᠬᠢᠴᠠ ᠪᠠ ᠦᠷ᠎ᠡ ᠪᠦᠲᠦᠮᠵᠢ ᠣᠯᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ | ᠳᠡᠪᠰᠢᠬᠦ ᠪᠠ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠳᠤ ᠵᠢᠱᠢᠶ᠎ᠡ | ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠪᠡ᠃ ᠤᠭᠰᠠᠷᠠᠮᠠᠯ ᠮᠠᠶ᠋ᠢᠭ ᠤᠨ ᠲᠠᠯ᠎ᠠ ᠪᠠᠷ᠂ ᠪᠡᠭᠡᠵᠢᠩ | ᠬᠤᠲᠠ ᠶᠢᠨ ᠬᠢᠨ ᠪᠠᠲᠤᠯᠠᠭ᠎ᠠ ᠶᠢᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠬᠤ ᠳᠤᠮᠳᠠ ᠪᠣᠬᠢᠷᠲᠤᠯ ᠦᠭᠡᠢ | ᠪᠠᠷᠢᠯᠭ᠎ᠠ ᠶᠢᠨ ᠠᠵᠢᠯᠯᠠᠭ᠎ᠠ ᠶᠢ ᠪᠡᠶᠡᠯᠡᠭᠦᠯᠵᠦ᠂ ᠣᠷᠣᠨ ᠰᠠᠭᠤᠴᠠ ᠶᠢᠨ ᠠᠵᠤ ᠦᠶᠢᠯᠡᠰᠵᠢᠯᠲᠡ ᠶᠢᠨ ︽ᠬᠤᠶᠠᠷ | 100%︾ ᠪᠠᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠡᠩ ᠲᠡᠷᠢᠭᠦᠨ ᠳᠤ ᠡᠯ᠎ᠡ ᠲᠥᠷᠥᠯ ᠤᠨ ᠪᠠᠲᠤᠯᠠᠭ᠎ᠠ ᠶᠢᠨ | ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠭᠰᠡᠨ ᠪᠦᠲᠦᠭᠡᠭᠳᠡᠬᠦᠨ ᠤ ᠭᠡᠷ ᠲᠤᠰᠢᠶᠠᠬᠤ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠬᠦ ᠶᠢ ᠳᠤᠷᠠᠳᠤᠨ ᠭᠠᠷᠭᠠᠵᠤ᠂ ᠠᠵᠤ ᠦᠢᠯᠡᠳᠪᠦᠷᠢᠵᠢᠯᠲᠡ ᠶᠢᠨ ᠤᠭᠰᠠᠷᠠᠬᠤ | ᠣᠶᠢᠯᠠᠭᠠᠭᠳᠠᠬᠤᠨ᠂ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠤᠷᠠᠯᠠᠯ ᠢ ᠰᠠᠨᠠᠭᠠᠴᠢᠯᠠᠨ᠂ ᠣᠷᠣᠨ ᠰᠠᠭᠤᠴᠠ ᠶᠢᠨ | ᠠᠵᠤ ᠦᠶᠢᠯᠡᠰᠵᠢᠯᠲᠡ ᠶᠢᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ᠃ ᠰᠢᠨ᠎ᠡ ᠮᠠᠲ᠋ᠧᠷᠢᠶᠠᠯ ᠪᠠ ᠰᠢᠨ᠎ᠡ | ᠲᠥᠬᠦᠭᠡᠷᠦᠮᠵᠢ ᠶᠢᠨ ᠲᠠᠯ᠎ᠠ ᠪᠠᠷ᠂ ᠱᠠᠨᠳᠦ᠋ᠩ ᠮᠤᠵᠢ ᠶᠢᠨ ᠬᠢᠨ ᠣᠶᠢᠷ᠎ᠠ ᠳᠤ᠂ ᠪᠣᠬᠢᠷᠲᠤᠯ ᠦᠭᠡᠢ ᠣᠶᠤᠨᠴᠢ | ᠡᠨᠧᠷᠢᠬᠢ ᠣᠯᠭᠤᠬᠤ ᠶᠢ ᠴᠢᠩᠭᠠᠳᠬᠠᠵᠤ᠂ ︽ᠰᠠᠶᠢᠨ ᠭᠡᠷ ᠪᠠᠶᠢᠰᠢᠩ︾ ᠢ ᠰᠢᠨ᠎ᠡ ᠪᠠᠷ ᠪᠠᠶᠢᠭᠤᠯᠬᠤ ᠳᠤ ᠬᠤᠶᠠᠷ | ᠣᠳᠣᠨ ᠲᠠᠰ ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠭᠡᠨ ᠤ ᠬᠠᠷᠢᠴᠠᠯ ᠢ 50% ᠠᠴᠠ ᠳᠣᠣᠷ᠎ᠠ ᠪᠠᠶᠢᠯᠭᠠᠬᠤ ᠦᠭᠡᠢ᠂ | ᠣᠶᠤᠨᠴᠢᠯᠠᠭᠰᠠᠨ ᠪᠡᠯᠡᠳᠭᠡᠮᠵᠢ ᠲᠥᠬᠦᠭᠡᠷᠦᠮᠵᠢ ᠶᠢ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃ | ᠣᠶᠤᠨᠴᠢ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠭᠤᠸᠠᠩᠳᠦ᠋ᠩ᠂ ᠰᠧᠴᠤᠸᠠᠨ᠂ ᠱᠠᠨᠳᠦ᠋ᠩ᠂ ᠭᠤᠸᠠᠩᠰᠢ | ᠵᠡᠷᠭᠡ ᠭᠠᠵᠠᠷ ᠤᠨ ᠬᠢᠨ ᠲᠣᠭᠠᠴᠢᠯᠠᠭᠰᠠᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠨᠡᠶᠢᠳᠡᠮ ᠬᠡᠷᠡᠭᠯᠡᠬᠦ ᠲᠣᠭᠠᠴᠢᠯᠠᠭᠰᠠᠨ ᠭᠡᠷ ᠪᠦᠯᠢ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ︽ᠰᠠᠶᠢᠨ ᠭᠡᠷ | ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠪᠠᠶᠢᠨ᠎ᠠ᠃ | ︽ᠦᠯᠢᠭᠡᠷ ᠵᠠᠭᠪᠤᠷ︾ ᠢᠶᠠᠷ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ | ᠲᠤᠯᠭᠠᠭᠤᠷᠢᠯᠠᠨ᠎ᠠ᠃ 2024 ᠣᠨ ᠤ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠠᠴᠠ᠂ ᠣᠷᠣᠨ ᠰᠠᠭᠤᠴᠠ ᠶᠢᠨ ᠠᠵᠤ ᠠᠬᠤᠶᠢᠯᠠᠯ ᠢᠯᠠᠩᠭᠤᠶ᠎ᠠ | ᠲᠣᠮᠣ ᠬᠡᠯᠪᠡᠷᠢ ᠶᠢᠨ ᠣᠷᠣᠨ ᠰᠠᠭᠤᠴᠠ ᠶᠢᠨ ᠠᠵᠤ ᠠᠬᠤᠶᠢᠯᠠᠯ ᠤᠨ ᠢᠳᠡᠪᠬᠢᠵᠢᠯ ᠢ ᠳᠠᠶᠢᠴᠢᠯᠠᠵᠤ᠂ ᠨᠢᠭᠡ | ᠪᠦᠯᠦᠭ ᠲᠠᠸᠠᠷ ᠤᠨ ᠣᠷᠣᠨ ᠰᠠᠭᠤᠴᠠ ᠪᠤᠶᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ ᠢ | ᠰᠣᠩᠭᠤᠵᠤ᠂ ᠦᠨᠡᠨ ᠪᠣᠳᠠᠲᠠᠢ ︽ᠰᠠᠶᠢᠨ ᠭᠡᠷ ᠪᠠᠶᠢᠰᠢᠩ︾ ᠤᠨ ᠥᠯᠢᠭᠡᠷ ᠵᠠᠭᠪᠤᠷ ᠭᠠᠷᠭᠠᠬᠤ ᠶᠢ ᠲᠡᠮᠵᠢᠨ᠎ᠡ ᠭᠡᠵᠦ | ᠵᠢᠭᠠᠨ ᠭᠠᠷᠭᠠᠪᠠ᠃ ᠨᠢᠭᠡ ᠳᠤ᠂ ᠴᠢᠨᠠᠷ ᠰᠠᠶᠢᠲᠠᠢ ᠣᠷᠣᠨ ᠰᠠᠭᠤᠴᠠ ᠶᠢ ᠳᠡᠯᠭᠡᠨ ᠦᠵᠡᠭᠦᠯᠵᠦ ᠠᠷᠠᠯᠵᠢᠶᠠᠯᠠᠬᠤ ᠪᠠᠷ | ᠭᠠᠷᠳᠠᠴᠠ ᠪᠣᠯᠭᠠᠵᠤ᠂ ᠴᠢᠨᠠᠷ ᠰᠠᠶᠢᠲᠠᠢ ᠣᠷᠣᠨ ᠰᠠᠭᠤᠴᠠ ᠶᠢ ᠳᠡᠯᠭᠡᠷᠡᠭᠦᠯᠦᠨ᠎ᠡ᠃ ᠬᠠᠶᠢᠨᠠᠨ᠂ ᠱᠠᠨᠳᠦ᠋ᠩ ᠵᠡᠷᠭᠡ | ᠭᠠᠵᠠᠷ ᠤᠨ ᠬᠢᠨ ᠣᠷᠣᠨ ᠰᠠᠭᠤᠴᠠ ᠶᠢᠨ ᠦᠵᠡᠭᠦᠯᠦᠯᠭᠡ ᠶᠢᠨ ᠬᠡᠯᠪᠡᠷᠢ ᠪᠠᠷ᠂ ᠥᠷᠭᠡᠨ ᠣᠯᠠᠨ ᠭᠡᠷ ᠪᠠᠶᠢᠰᠢᠩ | ᠬᠤᠳᠠᠯᠳᠤᠨ ᠠᠪᠤᠭᠴᠢᠳ ᠲᠤ ᠲᠥᠪᠯᠡᠷᠡᠩᠭᠦᠢ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠭᠡᠷ ᠪᠠᠶᠢᠰᠢᠩ | ᠬᠤᠳᠠᠯᠳᠤᠨ ᠠᠪᠬᠤ ᠲᠠᠪᠴᠠᠩ ᠪᠠᠶᠢᠭᠤᠯᠤᠨ ᠥᠭᠴᠦ᠂ ᠰᠠᠭᠤᠭᠠᠯᠢ ᠠᠷᠠᠳ ᠲᠤ ᠴᠢᠨᠠᠷ ᠰᠠᠶᠢᠲᠠᠢ ᠣᠷᠣᠨ | ᠰᠠᠭᠤᠴᠠ ᠶᠢ ᠳᠡᠯᠭᠡᠷᠡᠭᠦᠯᠦᠭᠰᠡᠨ ᠦᠷ᠎ᠡ ᠪᠦᠲᠦᠭᠡᠯ ᠢ ᠰᠢᠭᠤᠳ ᠪᠥᠭᠡᠳ ᠳᠦᠷᠰᠦᠯᠢᠭ ᠢᠶᠠᠷ ᠣᠶᠢᠯᠠᠭᠠᠭᠤᠯᠵᠤ | ᠪᠠᠶᠢᠨ᠎ᠠ᠃ ᠬᠤᠶᠠᠷ ᠲᠤ᠂ ᠵᠢᠷᠤᠭ ᠲᠥᠯᠥᠪᠯᠡᠭᠡᠨ ᠤ ᠤᠷᠤᠯᠳᠤᠭᠠᠨ ᠳᠤ ᠲᠦᠰᠢᠭᠯᠡᠨ᠂ ᠨᠢᠭᠡ ᠪᠦᠯᠦᠭ ︽ᠰᠠᠶᠢᠨ | ᠭᠡᠷ ᠪᠠᠶᠢᠰᠢᠩ︾ ᠤᠨ ᠦᠯᠢᠭᠡᠷ ᠬᠡᠪ ᠢ ᠨᠥᠭᠡᠴᠡᠯᠡᠨ᠎ᠡ᠃ ᠭᠠᠨᠰᠤ᠂ ᠰᠧᠴᠤᠸᠠᠨ ᠵᠡᠷᠭᠡ ᠭᠠᠵᠠᠷ ᠤᠨ ᠬᠢᠨ | ᠤᠷᠤᠯᠳᠤᠭᠠᠨ ᠤ ᠬᠡᠯᠪᠡᠷᠢ ᠪᠠᠷ ᠳᠠᠮᠵᠢᠭᠤᠯᠤᠨ᠂ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠵᠦ᠂ ᠣᠷᠣᠨ ᠰᠠᠭᠤᠴᠠ ᠶᠢᠨ ᠠᠵᠤ ᠠᠬᠤᠶᠢᠯᠠᠯ ᠤᠨ ︽ᠰᠠᠶᠢᠨ | ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠳᠤ ᠣᠷᠣᠯᠴᠠᠬᠤ ᠶᠢ ᠵᠣᠷᠢᠭᠵᠢᠭᠤᠯᠵᠤ ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |