ᠠᠷᠠᠳ ᠤᠨ ᠬᠡᠷᠡᠭᠯᠡᠭᠡᠨ ᠤ ︽ᠭᠤᠷᠪᠠᠨ ᠬᠡᠮᠵᠢᠭᠦᠷ︾ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠠᠷᠠᠳ ᠤᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ | ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠰᠢᠶᠠᠨ ᠤ ᠤᠰᠤ | ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠢ ᠬᠡᠢ ᠬᠠᠩᠭᠠᠬᠤ ᠦᠢᠯᠡᠴᠢᠯᠡᠭᠡᠨ ᠤ ᠠᠵᠤ ᠠᠬᠤᠶᠢᠯᠠᠯ ᠳᠤ | ᠦᠷᠭᠦᠯᠵᠢᠯᠡᠨ ᠬᠢᠨᠠᠯᠲᠠ ᠪᠠᠶᠢᠴᠠᠭᠠᠯᠲᠠ ᠬᠢᠵᠦ᠂ ᠦᠨᠡᠨᠴᠢ ᠢᠲᠡᠭᠡᠮᠵᠢᠲᠡᠢ᠂ ᠬᠠᠤᠯᠢ ᠶᠢ ᠰᠠᠬᠢᠬᠤ᠂ ᠲᠥᠪ ᠭᠤᠥᠯᠴᠢ | ᠂ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠵᠤ᠂ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠪᠠ᠃ | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠤᠰᠤ ᠬᠠᠩᠭᠠᠬᠤ᠂ | ᠴᠠᠬᠢᠯᠭᠠᠨ ᠬᠠᠩᠭᠠᠬᠤ᠂ ᠰᠢᠳᠠᠮᠠᠬᠠᠢ ᠬᠡᠢ ᠬᠠᠩᠭᠠᠬᠤ ᠦᠢᠯᠡᠴᠢᠯᠡᠭᠡᠨ ᠤ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ᠂ | ᠦᠢᠯᠡᠴᠢᠯᠡᠭᠡᠨ ᠤ ᠠᠵᠤ ᠠᠬᠤᠶᠢᠯᠠᠯ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠭᠡᠢ ᠬᠡᠮᠵᠢᠯᠲᠡ ᠶᠢᠨ | ᠪᠠᠭᠠᠵᠢ ᠬᠡᠷᠡᠭᠰᠡᠯ ᠢ ᠬᠡᠷᠡᠭᠯᠡᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠲᠣᠭᠲᠠᠭᠰᠠᠨ ᠬᠤᠭᠤᠴᠠᠭᠠᠨ ᠳᠤᠨᠢ | ᠬᠢᠨᠠᠨ ᠲᠣᠭᠲᠠᠭᠠᠭᠰᠠᠨ ᠦᠭᠡᠢ᠂ ᠡᠭᠡᠯᠵᠢᠯᠡᠭᠦᠯᠦᠨ ᠰᠣᠯᠢᠭᠰᠠᠨ ᠦᠭᠡᠢ ᠵᠡᠷᠭᠡ ᠠᠰᠠᠭᠤᠳᠠᠯ ᠢ ᠲᠤᠬᠠᠢ ᠶᠢᠨ ᠲᠠᠯᠠᠪᠤᠷ | ᠲᠤᠨᠢ ᠰᠢᠪᠠᠳᠠᠨ ᠪᠠᠶᠢᠴᠠᠭᠠᠵᠤ᠂ ᠬᠡᠷᠡᠭᠯᠡᠵᠦ ᠪᠠᠶᠢᠭ᠎ᠠ ᠨᠢᠭᠡᠴᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠮᠵᠢᠶ᠎ᠡ ᠶᠢᠨ ᠣᠨᠣᠪᠴᠢᠲᠠᠶ ᠪᠥᠭᠡᠳ ᠨᠠᠶᠢᠳᠠᠪᠤᠷᠢᠲᠠᠢ | ᠪᠠᠶᠢᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠨᠧᠷᠭᠢ ᠬᠡᠷᠡᠭᠯᠡᠬᠦ ᠡᠷᠬᠡ ᠠᠰᠢᠭ ᠢ | ᠬᠠᠮᠠᠭᠠᠯᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠠᠷᠭᠤᠭᠤᠯᠤᠨ | ᠪᠠᠶᠢᠴᠠᠭᠠᠵᠤ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ᠂ ᠵᠠᠰᠠᠭ ᠤᠨ ᠣᠷᠳᠣᠨ ᠤ ᠵᠢᠯᠤᠭᠤᠳᠬᠤ | ᠦᠨ᠎ᠡ ᠳᠤ ᠬᠠᠷᠢᠶᠠᠯᠠᠭᠳᠠᠬᠤ ᠲᠥᠷᠥᠯ ᠵᠦᠢᠯ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠣᠭᠲᠠᠭᠠᠭᠰᠠᠨ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠰᠦᠢᠳᠬᠡᠯ ᠬᠤᠷᠢᠶᠠᠬᠤ ᠶᠢ ᠵᠠᠷᠯᠠᠨ | ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠡᠭᠦᠨ ᠤ | ᠵᠡᠷᠭᠡ ᠳᠤ ᠪᠠᠰᠠ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢ ᠰᠢᠪᠠᠳᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠶᠢ ᠴᠢᠩᠭᠠᠳᠬᠠᠨ᠂ ᠲᠣᠰ ᠪᠡᠶ᠎ᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠷᠠᠳ ᠤᠨ ᠬᠡᠷᠡᠭᠯᠡᠭᠡᠨ ᠤ ︽ᠭᠤᠷᠪᠠᠨ ᠬᠡᠮᠵᠢᠭᠦᠷ︾ ᠤᠨ ᠦᠢᠯᠡᠴᠢᠯᠡᠭᠡᠨ ᠤ ᠠᠵᠤ ᠠᠬᠤᠶᠢᠯᠠᠯ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠤᠯᠠᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠵᠤ᠂ ᠰᠠᠭᠤᠭᠠᠯᠢ ᠠᠷᠠᠳ ᠤᠨ ︽ᠰᠠᠨᠠᠭ᠎ᠠ ᠠᠮᠤᠷ | ᠤᠰᠤ᠂ ᠴᠠᠬᠢᠯᠭᠠᠨ᠂ ᠰᠢᠳᠠᠮᠠᠬᠠᠢ ᠬᠡᠢ︾ ᠬᠡᠷᠡᠭᠯᠡᠬᠦ ᠶᠢ ᠦᠨᠡᠨᠬᠦ ᠪᠠᠲᠤᠯᠠᠨ᠎ᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |