2025 ᠣᠨ ᠤ ︽5 ·1︾ ᠤ ᠠᠮᠠᠷᠠᠯᠲᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ᠤ ᠬᠢᠨ | ᠬᠠᠳᠤᠨ ᠭᠤᠣᠯ ᠤᠨ ᠦᠵᠡᠮᠵᠢ ᠪᠣᠯᠣᠨ ᠰᠣᠶᠣᠯ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠵᠦ᠂ ᠡᠯᠪᠡᠭ ᠪᠠᠶᠠᠯᠢᠭ ᠵᠤᠭᠠᠴᠠᠯ ᠤᠨ ᠠᠵᠢᠯᠯᠠᠭ᠎ᠠ ᠥᠷᠨᠢᠭᠦᠯᠵᠦ᠂ ᠵᠤᠭᠠᠴᠠᠭᠰᠠᠳ ᠢ 9.4 ᠲᠦᠮᠡᠨ | ᠬᠥᠮᠥᠨ ᠤᠳᠠᠭ᠎ᠠ ᠲᠠᠲᠠᠵᠤ᠂ ᠵᠤᠭᠠᠴᠠᠯ ᠤᠨ ᠣᠷᠣᠯᠭ᠎ᠠ ᠶᠢ 943 ᠲᠦᠮᠡᠨ ᠲᠥᠭᠦᠷᠢᠭ ᠬᠦᠷᠭᠡᠪᠡ᠃ ᠬᠡᠳᠦᠶᠢᠪᠡᠷ | ᠴᠠᠭ ᠠᠭᠤᠷ ᠤᠨ ᠨᠥᠯᠥᠭᠡ ᠠᠴᠠ ᠪᠣᠯᠵᠤ᠂ ᠭᠥᠯᠢᠶᠡᠨ ᠠᠪᠤᠭᠰᠠᠨ ᠬᠥᠮᠥᠨ ᠤ ᠲᠤᠭ᠎ᠠ ᠪᠣᠯᠣᠨ ᠣᠷᠣᠯᠭ᠎ᠠ ᠨᠢ | ᠠᠳᠠᠯᠢ ᠬᠤᠭᠤᠴᠠᠭᠠᠨ ᠤ ᠬᠢ ᠠᠴᠠ ᠵᠢᠭᠠᠬᠠᠨ ᠪᠠᠭᠤᠷᠠᠭᠰᠠᠨ ᠪᠣᠯᠪᠠᠴᠤ ᠵᠢᠭᠤᠯᠴᠢᠯᠠᠯ ᠤᠨ ᠵᠠᠬ᠎ᠠ ᠳᠡᠯᠭᠡᠭᠦᠷ | ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠬᠦᠴᠦᠷᠬᠡᠭ ᠶᠡᠭᠡ ᠳᠠᠯᠳᠠ ᠬᠦᠴᠦᠨ ᠢ ᠢᠯᠡᠷᠡᠭᠦᠯᠦᠭᠰᠡᠨ ᠪᠠᠶᠢᠨ᠎ᠠ᠃ | ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ︽ᠰᠣᠶᠣᠯ + | ᠵᠤᠭᠠᠴᠠᠯ︾ ᠢᠶᠠᠷ ᠭᠤᠣᠯ ᠪᠣᠯᠭᠠᠵᠤ᠂ ᠤᠯᠠᠨ ᠲᠦᠷᠦᠯ ᠤᠨ ᠣᠨᠴᠠᠯᠢᠭᠲᠤ ᠠᠵᠢᠯᠯᠠᠭ᠎ᠠ ᠥᠷᠨᠢᠭᠦᠯᠵᠡᠢ᠄ ᠭᠤᠣᠯ | ᠨᠡᠭᠡᠭᠡᠬᠦ ᠪᠠᠶᠠᠷ ᠢ ᠠᠮᠵᠢᠯᠲᠠ ᠲᠠᠢ ᠡᠷᠬᠢᠯᠡᠬᠦ ᠪᠠ ᠲᠡᠭᠦᠨ ᠤ ᠨᠥᠯᠥᠭᠡᠯᠡᠬᠦ ᠬᠦᠴᠦᠨ ᠳᠤ ᠲᠦᠰᠢᠭᠯᠡᠨ᠂ | ᠵᠤᠭᠠᠴᠠᠭᠰᠠᠳ ᠲᠤ ᠬᠠᠳᠤᠨ ᠭᠤᠣᠯ ᠤᠨ ᠰᠣᠶᠣᠯ ᠢ ᠭᠦᠨᠵᠡᠭᠡᠢ ᠣᠶᠢᠯᠠᠭᠠᠭᠤᠯᠤᠨ᠎ᠠ︔ ᠤᠯᠠᠭᠠᠨᠮᠥ᠋ᠴᠢᠷ ᠡᠳᠦᠷ ᠪᠦᠷᠢ | ︽ᠥᠪᠥᠷ ᠮᠣᠩᠭᠤᠯ ᠢᠶᠠᠷ ᠠᠶᠠᠯᠠᠨ ᠵᠤᠭᠠᠴᠠᠵᠤ᠂ ᠰᠣᠶᠣᠯ ᠢ ᠦᠵᠡᠮᠵᠢ ᠶᠢᠨ ᠣᠷᠣᠨ ᠳᠤ ᠬᠦᠷᠭᠡᠬᠦ︾ ᠲᠣᠭᠯᠠᠯᠲᠠ | ᠥᠷᠨᠢᠭᠦᠯᠵᠦ᠂ ᠵᠤᠭᠠᠴᠠᠭᠰᠠᠳ ᠲᠤ ᠦᠨᠳᠦᠰᠦᠲᠡᠨ ᠤ ᠰᠣᠶᠣᠯ ᠤᠨ ᠦᠪᠡᠳᠡᠭᠰᠢ ᠨᠠᠶᠢᠷ ᠢ ᠪᠡᠯᠡᠭᠯᠡᠨ᠎ᠡ︔ | ᠳᠣᠯᠣᠳᠤᠭᠠᠷ ᠬᠤᠭᠤᠴᠠᠭᠠᠨ ᠤ ᠬᠠᠲᠤᠨ ᠭᠤᠣᠯ ᠤᠨ ᠠᠮᠲᠠᠲᠤ ᠢᠳᠡᠭᠡᠨ ᠤ ᠲᠠᠩᠰᠤᠭ ᠰᠠᠶᠢᠬᠠᠨ ᠴᠠᠭ ᠦᠶ᠎ᠡ ᠶᠢ | ᠵᠡᠷᠭᠡᠪᠡᠷ ᠡᠬᠢᠯᠡᠭᠦᠯᠵᠦ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢᠶᠠᠷ ᠬᠡᠷᠡᠭᠯᠡᠭᠡ ᠶᠢ ᠳᠠᠶᠢᠴᠢᠯᠠᠪᠠ᠃ ᠱᠧᠨ | ᠴᠢᠦᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠠᠲᠤᠨ ᠭᠤᠣᠯ ᠤᠨ ᠮᠠᠢ ᠶᠧ ᠬᠥ᠋ ᠠᠮᠢ | ᠠᠬᠤᠢ ᠶᠢᠨ ᠰᠡᠯᠡᠭᠦᠴᠡᠯ ᠤᠨ ᠵᠢᠭᠤᠯᠴᠢᠯᠠᠯ ᠤᠨ ᠣᠷᠣᠨ᠂ ᠲᠠᠷᠢᠶᠠᠯᠠᠩ ᠤᠨ ᠸᠠᠭᠠᠷ ᠤᠨ ᠵᠢᠭᠠᠰᠤ ᠠᠩᠨᠠᠬᠤ | ᠬᠦᠷᠢᠶᠡᠯᠡᠩ ᠵᠡᠷᠭᠡ ᠦᠵᠡᠮᠵᠢ ᠶᠢᠨ ᠣᠷᠣᠨ ᠨᠢ ᠬᠠᠲᠤᠨ ᠭᠤᠣᠯ᠂ ᠡᠯᠡᠰᠦ ᠮᠠᠩᠬᠠᠨ᠂ ᠬᠠᠯᠠᠭᠤᠨ ᠷᠠᠰᠢᠶᠠᠨ ᠵᠡᠷᠭᠡ | ᠥᠪᠡᠷᠮᠢᠴᠡ ᠡᠬᠢ ᠪᠠᠶᠠᠯᠢᠭ ᠢᠶᠠᠷ ᠢᠶᠠᠨ ᠵᠤᠭᠠᠴᠠᠭᠰᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ | ᠬᠥᠳᠡᠭᠡ ᠲᠣᠰᠬᠤᠨ ᠤ ᠵᠤᠭᠠᠴᠠᠯ ᠠᠳᠠᠯᠢᠬᠠᠨ ᠢᠶᠠᠷ ᠬᠦᠷ ᠬᠥᠭᠵᠢᠶᠡᠨ ᠲᠠᠢ ᠪᠠᠶᠢᠵᠤ᠂ ᠲᠠᠷᠢᠶᠠᠴᠢᠨ | ᠠᠶᠢᠯ ᠤᠨ ᠵᠤᠭᠠᠴᠠᠯ ᠤᠨ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 4.2 ᠲᠦᠮᠡᠨ ᠬᠥᠮᠥᠨ ᠤᠳᠠᠭ᠎ᠠ ᠳᠤ | ᠬᠦᠷᠴᠦ᠂ ᠪᠦᠬᠦ ᠬᠦᠯᠢᠶᠡᠨ ᠠᠪᠤᠭᠰᠠᠨ ᠬᠡᠮᠵᠢᠶᠡᠨ ᠤ 44.7% ᠶᠢ ᠡᠵᠡᠯᠡᠪᠡ᠃ ᠵᠤᠭᠠᠴᠠᠭᠰᠠᠳ ᠬᠥᠳᠡᠭᠡ | ᠲᠣᠰᠬᠤᠨ ᠤ ᠠᠮᠲᠠᠲᠤ ᠢᠳᠡᠭᠡᠨ ᠢ ᠠᠮᠲᠠᠯᠠᠬᠤ ᠶᠢᠨ ᠬᠠᠮᠲᠤ ᠲᠠᠷᠢᠶᠠᠯᠠᠩ ᠤᠨ ᠠᠵᠢᠯᠯᠠᠭ᠎ᠠ ᠳᠤ ᠣᠷᠣᠯᠴᠠᠵᠤ᠂ | ᠬᠥᠳᠡᠭᠡ ᠲᠣᠰᠬᠤᠨ ᠤ ᠠᠮᠢᠳᠤᠷᠠᠯ ᠢ ᠪᠡᠶᠡᠴᠢᠯᠡᠨ ᠣᠶᠢᠯᠠᠭᠠᠪᠠ᠃ ᠡᠭᠦᠨ ᠠᠴᠠ ᠭᠠᠳᠠᠨ᠎ᠠ᠂ ᠲᠣᠭᠲᠠᠬᠤ ᠰᠢᠶᠠᠨ ᠤ | ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠵᠤᠭᠠᠴᠠᠭᠰᠠᠳ ᠭᠤᠣᠯᠳᠠᠭᠤ ᠬᠥᠬᠡᠬᠤᠲᠠ ᠪᠤᠭᠤᠲᠤ | ᠣᠷᠳᠣᠰ ᠤᠨ ᠡᠷᠬᠢᠨ ᠲᠣᠭᠤᠷᠢᠨ ᠤ ᠭᠠᠵᠠᠷ ᠣᠷᠣᠨ ᠠᠴᠠ ᠢᠷᠡᠯᠳᠡᠢ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠦᠷᠭᠦᠯᠵᠢᠯᠡᠨ ᠡᠬᠢ ᠪᠠᠶᠠᠯᠢᠭ ᠢᠶᠠᠨ ᠨᠡᠶᠢᠳᠬᠡᠵᠦ᠂ ︽ | ᠬᠠᠳᠤᠨ ᠭᠤᠣᠯ ᠤᠨ ᠰᠣᠶᠣᠯ︾ ᠤᠨ ᠠᠯᠳᠠᠨ ᠦᠰᠦᠭᠲᠦ ᠫᠠᠶᠢᠰᠠ ᠶᠢ ᠠᠷᠴᠢᠵᠤ᠂ ᠵᠤᠭᠠᠴᠠᠭᠰᠠᠳ ᠲᠤ ᠨᠡᠩ | ᠪᠠᠶᠠᠯᠢᠭ᠂ ᠨᠡᠩ ᠰᠢᠯᠢᠳᠡᠭ ᠰᠣᠶᠣᠯ ᠤᠨ ᠵᠤᠭᠠᠴᠠᠯ ᠤᠨ ᠣᠶᠢᠯᠠᠭᠠᠯᠲᠠ ᠬᠠᠩᠭᠠᠵᠤ᠂ ᠪᠦᠬᠦ ᠣᠷᠣᠨ ᠪᠦᠰᠡ ᠶᠢᠨ | ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |