ᠲᠣᠭᠲᠠᠬᠤ ᠰᠢᠶᠠᠨ᠄ ᠲᠤᠭᠠᠴᠢᠯᠠᠯᠳᠠ ᠪᠠᠷ ᠬᠦᠳᠦᠯᠦᠮᠵᠢ ᠪᠤᠯᠭᠠᠵᠤ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠰᠢᠨ᠎ᠡ ᠵᠠᠮ ᠢ ᠬᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2025/5/9
      ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠲᠣᠭᠲᠠᠬᠤ ᠰᠢᠶᠠᠨ ᠣᠶᠤᠨᠴᠢ ᠬᠥᠮᠦᠵᠢᠯ ᠤᠨ ᠲᠠᠪᠴᠠᠩ ᠢ ᠰᠢᠨ᠎ᠡ ᠪᠠᠷ ᠡᠭᠦᠳᠦᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠲᠤᠭᠠᠴᠢᠯᠠᠯᠳᠠ ᠪᠠᠷ ᠰᠤᠷᠭᠠᠨ ᠬᠥᠮᠥᠵᠢᠭᠦᠯᠬᠦ︾ ᠰᠢᠰᠲ᠋ᠧᠮ ᠢ ᠪᠠᠶᠢᠭᠤᠯᠤᠨ᠂ ᠨᠠᠷᠢᠯᠢᠭ ᠣᠨᠣᠴᠠᠲᠠᠢ ᠪᠠᠷ ᠰᠤᠷᠭᠠᠨ ᠬᠥᠮᠥᠵᠢᠭᠦᠯᠬᠦ᠂ ᠪᠥᠬᠦ ᠴᠠᠷᠠᠭᠠᠨ ᠳᠤ ᠬᠤᠯᠪᠤᠭᠠᠯᠠᠨ ᠬᠥᠮᠥᠵᠢᠭᠦᠯᠬᠦ᠂ ᠣᠯᠠᠨ ᠡᠰᠢᠲᠦ ᠵᠠᠭᠪᠤᠷ ᠢᠶᠠᠷ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠬᠥᠮᠦᠵᠢᠯ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠲᠦᠯᠬᠢᠨ ᠠᠬᠢᠭᠤᠯᠪᠠ᠃      ︽ᠤᠶᠤᠨᠴᠢ︾ ᠰᠤᠷᠭᠠᠨ ᠬᠥᠮᠦᠵᠢᠯ ᠤᠨ ᠲᠠᠪᠴᠠᠩ ᠢ ᠪᠠᠶᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠢ ᠪᠠᠶᠠᠯᠢᠭᠵᠢᠭᠤᠯᠤᠨ᠎ᠠ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠦᠯᠵᠢᠶᠡᠵᠢᠯᠲᠡ᠂ ᠲᠣᠭᠠᠴᠢᠯᠠᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠳᠤ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠬᠦ ᠶᠢᠨ ᠲᠥᠯᠥᠭᠡ᠂ ᠲᠣᠭᠲᠠᠬᠤ ᠰᠢᠶᠠᠨ ︽  ᠲᠤᠭᠠᠴᠢᠯᠠᠭᠰᠠᠨ ᠺᠠᠳ᠋ᠷ ᠤᠨ ᠬᠥᠮᠦᠵᠢᠯ ᠪᠣᠯᠪᠠᠰᠤᠷᠠᠯ︾ ᠤᠨ ᠲᠠᠪᠴᠠᠩ ᠳᠤ ᠪᠥᠬᠦ ᠲᠠᠯ᠎ᠠ ᠪᠠᠷ ᠵᠠᠯᠭᠠᠨ ᠣᠷᠣᠭᠤᠯᠪᠠ᠃ ᠺᠠᠳ᠋ᠷ᠂ ᠠᠯᠪᠠᠲᠠᠨ᠂ ᠨᠠᠮ ᠤᠨ ᠭᠡᠰᠢᠭᠦᠨ ᠵᠡᠷᠭᠡ ᠬᠠᠮᠲᠤᠯᠢᠭ ᠤᠨ ᠬᠠᠮᠢᠶ᠎ᠠ ᠪᠦᠬᠦᠢ ᠰᠤᠷᠤᠯᠴᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂  ᠸᠢᠳᠢᠤ᠋ ᠬᠢᠴᠢᠶᠡᠯ᠂ ᠡᠯᠧᠺᠲᠷᠣᠨ ᠨᠣᠮ᠂ ᠢᠯᠡ ᠬᠢᠴᠢᠶᠡᠯ ᠵᠡᠷᠭᠡ ᠣᠯᠠᠨ ᠲᠥᠷᠥᠯ ᠬᠡᠯᠪᠡᠷᠢ ᠶᠢᠨ ᠰᠤᠷᠤᠯᠴᠠᠬᠤ ᠡᠬᠢ ᠪᠠᠶᠠᠯᠢᠭ ᠢ ᠬᠠᠩᠭᠠᠨ᠎ᠠ᠃ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠶᠢᠨ ᠪᠣᠯᠪᠠᠰᠤᠷᠠᠯ᠂ ᠰᠠᠯᠠᠭ᠎ᠠ ᠮᠥᠴᠢᠷ ᠤᠨ ᠨᠠᠶᠢᠳᠠᠨ ᠪᠣᠯᠪᠠᠰᠤᠷᠠᠭᠤᠯᠬᠤ᠂ ᠣᠷᠣᠨ ᠤ ᠭᠠᠳᠠᠨᠠᠬᠢ ᠪᠠᠶᠢᠭᠤᠯᠤᠮᠵᠢ ᠶᠢᠨ ᠪᠣᠯᠪᠠᠰᠤᠷᠠᠯ ᠵᠢᠴᠢ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ ᠵᠡᠷᠭᠡ ᠰᠦᠯᠵᠢᠶᠡᠨ ᠭᠠᠳᠠᠨᠠᠬᠢ ᠪᠣᠯᠪᠠᠰᠤᠷᠠᠯ ᠢ ᠴᠥᠮ ᠲᠠᠪᠴᠠᠩ ᠳᠤ ︽ᠨᠢᠭᠡ ᠥᠷᠲᠡᠭᠡᠨ ᠤ ᠮᠠᠶ᠋ᠢᠭ︾ ᠢᠶᠠᠷ ᠥᠷᠨᠢᠭᠦᠯᠵᠦ ᠪᠣᠯᠣᠨ᠎ᠠ᠃ ᠰᠤᠷᠤᠭᠴᠢᠳ ᠰᠦᠯᠵᠢᠶᠡᠨ ᠥᠷᠲᠡᠭᠡ᠂ APP ᠪᠤᠶᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠦᠯᠵᠢᠶᠡᠨ ᠤ ᠲᠤᠰᠬᠠᠢ ᠰᠡᠳᠦᠪ᠂  ᠭᠤᠤᠯ ᠴᠣᠭᠴᠠ ᠶᠢᠨ ᠠᠩᠭᠢ ᠶᠢᠨ ᠰᠢᠭᠤᠳ ᠨᠡᠪᠲᠡᠷᠡᠭᠦᠯᠭᠡ ᠵᠡᠷᠭᠡ ᠪᠣᠯᠪᠠᠰᠤᠷᠠᠯ ᠳᠤ ᠥᠪᠡᠷ ᠢᠶᠠᠨ ᠣᠷᠣᠯᠴᠠᠵᠤ᠂ ᠰᠤᠷᠤᠯᠴᠠᠬᠤ ᠴᠠᠭ ᠪᠠ ᠣᠷᠣᠨ ᠵᠠᠢ ᠶᠢᠨ ᠳᠠᠪᠬᠤᠷ ︽ᠴᠢᠯᠦᠭᠡᠲᠡᠢ︾ ᠪᠠᠶᠢᠬᠤ ᠶᠢ ᠪᠡᠶᠡᠯᠡᠭᠦᠯᠵᠦ ᠪᠣᠯᠣᠨ᠎ᠠ᠃      ︽ᠨᠠᠷᠢᠯᠢᠭ ᠣᠨᠣᠴᠠᠲᠠᠢ ᠪᠠᠷ︾ ᠵᠢᠭᠠᠨ ᠰᠤᠷᠭᠠᠬᠤ ᠬᠢᠴᠢᠶᠡᠯ ᠢ ᠪᠣᠶ ᠪᠣᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠰᠤᠷᠭᠠᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠰᠣᠩᠭᠤᠯᠲᠠ ᠶᠢᠨ ᠲᠠᠯ᠎ᠠ ᠪᠠᠷ᠂ ︽ᠦᠨᠳᠦᠰᠦᠨ ᠪᠣᠯᠪᠠᠰᠤᠷᠠᠯ + ᠭᠤᠣᠯᠳᠠᠯᠭ᠎ᠠ ᠲᠠᠢ ᠬᠢᠴᠢᠶᠡᠯ ᠲᠥᠷᠥᠯ + ᠣᠨᠴᠠᠯᠢᠭᠲᠤ ᠬᠢᠴᠢᠶᠡᠯ︾ ᠢ ᠪᠦᠬᠦᠨ ᠢ ᠬᠠᠮᠤᠷᠬᠤ ᠵᠢᠭᠠᠨ ᠰᠤᠷᠭᠠᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠬᠥᠮᠦᠵᠢᠯ ᠢ ᠭᠦᠨᠵᠡᠭᠡᠶᠢᠷᠡᠭᠦᠯᠬᠦ᠂ ᠤᠯᠤᠰ ᠲᠦᠷᠦ ᠶᠢᠨ ᠪᠣᠯᠪᠠᠰᠤᠷᠠᠯ ᠢ ᠴᠢᠩᠭᠠᠳᠬᠠᠬᠤ᠂ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠪᠠ ᠶᠡᠷᠦᠩᠬᠡᠶᠢᠯᠡᠭᠰᠡᠨ ᠪᠣᠯᠪᠠᠰᠤᠷᠠᠯ ᠬᠥᠮᠦᠵᠢᠯ ᠢ ᠴᠢᠩᠭᠠᠳᠬᠠᠬᠤ ᠵᠡᠷᠭᠡ ᠪᠠᠷ ᠭᠤᠣᠯ ᠠᠭᠤᠯᠭ᠎ᠠ ᠪᠣᠯᠭᠠᠨ ᠺᠠᠳ᠋ᠷ᠂ ᠠᠯᠪᠠᠲᠠᠨ᠂ ᠨᠠᠮ ᠤᠨ ᠭᠡᠰᠢᠭᠦᠨ ᠤ ᠦᠨᠳᠦᠰᠦᠨ ᠪᠣᠯᠪᠠᠰᠤᠷᠠᠯ ᠢ ᠨᠢᠭᠡ ᠴᠣᠭᠴᠠᠵᠢᠭᠤᠯᠤᠨ ᠰᠦᠪᠡᠭᠴᠢᠯᠡᠵᠦ᠂ 2025 ᠣᠨ ᠤ ᠲᠥᠯᠦᠪᠵᠢᠭᠦᠯᠭᠡ ᠶᠢᠨ ᠳᠣᠲᠣᠷᠠᠬᠢ ᠦᠨᠳᠦᠰᠦᠨ ᠪᠣᠯᠪᠠᠰᠤᠷᠠᠯ ᠤᠨ ᠲᠤᠭ᠎ᠠ ᠬᠡᠮᠵᠢᠶ᠎ᠡ ᠶᠢ 2024 ᠣᠨ ᠤ ᠬᠢ ᠠᠴᠠ ᠬᠤᠶᠠᠷ ᠲᠠᠬᠢᠨ ᠨᠡᠮᠡᠭᠳᠡᠭᠦᠯᠦᠨ᠎ᠡ᠃ ᠲᠤᠰᠬᠠᠶᠢᠵᠢᠯᠲᠠ ᠪᠠ ᠪᠠᠷᠠᠭᠠᠯᠬᠢᠯᠠᠯ ᠤᠨ ᠴᠢᠨᠠᠷ ᠢ ᠤᠶᠠᠯᠳᠤᠭᠤᠯᠬᠤ ᠶᠢ ᠴᠢᠬᠤᠯᠠᠴᠢᠯᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠢ ᠮᠡᠷᠭᠡᠵᠢᠯ ᠤᠨ ᠮᠡᠳᠡᠯᠭᠡ ᠶᠢᠨ ᠭᠤᠣᠯᠳᠠᠯᠭ᠎ᠠ ᠲᠠᠢ ᠰᠢᠨᠵᠢᠯᠡᠭᠡᠨ ᠤ ᠬᠢᠴᠢᠶᠡᠯ ᠢ ᠵᠢᠷᠤᠭᠯᠠᠨ ᠲᠥᠯᠥᠪᠯᠡᠵᠦ᠂ ᠤᠯᠤᠰ ᠤᠨ ᠭᠠᠵᠠᠷ ᠰᠢᠷᠣᠢ᠂ ᠮᠥᠩᠭᠦᠨ ᠭᠦᠢᠯᠭᠡᠭᠡᠨ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠪᠣᠬᠢᠷᠲᠤᠯ ᠦᠭᠡᠢ ᠬᠥᠭᠵᠢᠯᠲᠡ᠂ ᠰᠢᠨ᠎ᠡ ᠦᠢᠯᠡᠳᠪᠦᠷᠢᠯᠡᠯ ᠤᠨ ᠬᠦᠴᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠢᠨ᠎ᠡ ᠬᠢᠴᠢᠶᠡᠯ ᠢ ᠨᠡᠭᠡᠭᠡᠨ ᠬᠥᠭᠵᠢᠭᠦᠯᠵᠦ᠂ ᠵᠢᠯ ᠪᠦᠷᠢ ᠶᠢᠨ ᠬᠢᠴᠢᠶᠡᠯ ᠤᠨ ᠰᠢᠨᠡᠴᠢᠯᠡᠯᠲᠡ ᠶᠢᠨ ᠨᠣᠷᠮ᠎ᠠ ᠶᠢ 10% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠲᠣᠭᠲᠠᠬᠤ ᠰᠢᠶᠠᠨ ᠤ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠥᠪᠡᠷᠮᠢᠴᠡ ᠣᠨᠴᠠᠯᠢᠭ ᠲᠠᠢ ᠬᠢᠴᠢᠶᠡᠯ ᠢ ᠬᠦᠴᠦᠯᠡᠨ ᠪᠣᠶ ᠪᠣᠯᠭᠠᠨ᠎ᠠ᠃ 2025 ᠣᠨ ᠳᠤ ᠬᠠᠤᠯᠢ ᠪᠠᠷ ᠵᠠᠰᠠᠬᠤ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ᠂ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠰᠢᠨ᠎ᠡ ᠪᠠᠷ ᠨᠡᠮᠡᠭᠳᠡᠭᠦᠯᠵᠦ᠂ ᠪᠣᠳᠠᠲᠠᠢ ᠬᠡᠷᠡᠭᠴᠡᠭᠡ ᠶᠢ ᠦᠨᠳᠦᠰᠦᠯᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ DeepSeek ᠬᠡᠷᠡᠭᠯᠡᠭᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠬᠡᠷᠡᠭᠯᠡᠭᠡᠨ ᠤ ᠬᠢᠴᠢᠶᠡᠯ ᠢ  ᠦᠷᠨᠢᠭᠦᠯᠦᠨ᠎ᠡ᠃      ︽ᠪᠥᠬᠦ ᠴᠠᠷᠠᠭ᠎ᠠ︾ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠲᠠᠢ ᠬᠤᠯᠪᠣᠭᠠᠯᠠᠵᠤ᠂ ᠰᠤᠷᠭᠠᠨ ᠬᠥᠮᠥᠵᠢᠭᠦᠯᠬᠦ ᠠᠷᠭ᠎ᠠ ᠵᠠᠮ ᠢ ᠥᠷᠭᠡᠳᠬᠡᠨ᠎ᠡ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠨᠢᠭᠡᠳᠦᠯᠲᠡᠢ ᠲᠥᠯᠥᠪᠯᠡᠬᠦ᠂ ᠨᠠᠮ ᠤᠨ ᠰᠤᠷᠭᠠᠭᠤᠯᠢ ᠭᠤᠣᠯᠯᠠᠨ ᠡᠷᠬᠢᠯᠡᠬᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠪᠣᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠣᠳᠣ ᠪᠠᠶᠢᠭ᠎ᠠ ᠰᠤᠷᠭᠠᠭᠤᠯᠢ ᠡᠷᠭᠢᠯᠡᠬᠦ ᠰᠠᠭᠤᠷᠢ ᠪᠣᠯᠣᠨ ᠪᠠᠭᠰᠢ ᠶᠢᠨ ᠬᠦᠴᠦᠨ ᠢ ᠭᠦᠢᠴᠡᠳ ᠠᠰᠢᠭᠯᠠᠵᠤ᠂ ᠲᠤᠰ ᠭᠠᠵᠠᠷ ᠣᠷᠣᠨ ᠤ ᠪᠠᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠤᠮᠠᠷᠠᠲᠤ ᠶᠢᠨ ᠰᠣᠶᠣᠯ ᠤᠨ ᠬᠤᠩᠭᠢᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ᠂ ᠰᠢᠶᠠᠩ ᠪᠠᠯᠭᠠᠰᠤ ᠨᠡᠶᠢᠭᠡᠮ ᠲᠣᠭᠤᠷᠢᠭ ᠵᠡᠷᠭᠡ ᠵᠢᠭᠠᠨ ᠰᠤᠷᠭᠠᠯᠲᠠ ᠶᠢᠨ ᠴᠡᠭ ᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ︽ᠨᠠᠮ ᠤᠨ ᠬᠢᠴᠢᠶᠡᠯ︾᠂ ︽ᠰᠤᠷᠤᠯᠴᠠᠯᠭ᠎ᠠ ᠶᠢᠨ ᠳᠠᠭᠤᠷᠢᠶᠠᠯ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠤᠪᠢᠰᠬᠠᠯ ᠤᠨ ᠺᠢᠨᠣ᠋ ᠦᠵᠡᠭᠦᠯᠵᠦ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠤᠯᠠᠨ ᠵᠦᠢᠯ ᠤᠨ ᠠᠮᠢᠳᠤᠯᠢᠭ ᠦᠢᠯᠡᠳᠦᠯᠭᠡ ᠶᠢᠨ ᠬᠢᠴᠢᠶᠡᠯ ᠤᠨ ᠲᠠᠩᠬᠢᠮ ᠢᠶᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠣᠶᠢᠯᠠᠭᠠᠭᠳᠠᠬᠤᠨ ᠪᠠ ᠪᠡᠶ᠎ᠡ ᠬᠡᠮ ᠤᠨ ᠤᠬᠠᠮᠰᠠᠷ ᠢ ᠳᠡᠭᠡᠭᠰᠢᠯᠡᠭᠦᠯᠦᠨ᠎ᠡ᠃ ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠬᠦ ᠶᠢ ᠢᠳᠡᠪᠬᠢᠲᠡᠢ ᠠᠬᠢᠭᠤᠯᠵᠤ᠂ ᠬᠥᠭᠵᠢᠭᠰᠡᠨ ᠭᠠᠵᠠᠷ ᠣᠷᠣᠨ ᠤ ᠨᠠᠮ ᠤᠨ ᠰᠤᠷᠭᠠᠭᠤᠯᠢ᠂ ᠳᠡᠭᠡᠳᠦ ᠰᠤᠷᠭᠠᠭᠤᠯᠢ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠳᠡᠭᠡᠳᠦ ᠱᠠᠲᠤᠨ ᠤ ᠨᠠᠮ ᠤᠨ ᠰᠤᠷᠭᠠᠭᠤᠯᠢ ᠶᠢᠨ ᠬᠤᠣᠰᠯᠠᠯ ᠪᠠᠶᠢᠭᠤᠯᠵᠤ ᠬᠠᠪᠰᠤᠷᠤᠨ ᠳᠠᠭᠠᠭᠤᠯᠬᠤ᠂ ᠵᠢᠭᠠᠨ ᠰᠤᠷᠭᠠᠬᠤ ᠲᠣᠭᠲᠠᠴᠠ ᠶᠢ ᠰᠠᠶᠢᠲᠤᠷ ᠬᠡᠷᠡᠭᠯᠡᠨ᠂ ᠬᠤᠲᠠ᠂ ᠰᠢᠶᠠᠨ ᠤ ᠨᠠᠮ ᠤᠨ ᠰᠤᠷᠭᠠᠭᠤᠯᠢ ᠶᠢ ᠬᠠᠮᠲᠤᠷᠠᠨ ᠪᠠᠶᠢᠭᠤᠯᠬᠤ᠂ ᠡᠷᠬᠢᠨ ᠲᠣᠭᠤᠷᠢᠨ ᠤ ᠬᠤᠰᠢᠭᠤ ᠰᠢᠶᠠᠨ ᠤ ᠨᠠᠮ ᠤᠨ ᠰᠤᠷᠭᠠᠭᠤᠯᠢ ᠶᠢ ᠬᠠᠮᠲᠤᠷᠠᠨ ᠪᠠᠶᠢᠭᠤᠯᠬᠤ ᠵᠡᠷᠭᠡ ᠰᠤᠷᠭᠠᠭᠤᠯᠢ ᠡᠷᠭᠢᠯᠡᠬᠦ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠦ᠂ ᠣᠷᠣᠨ ᠪᠦᠰᠡ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠣᠯᠠᠨ ᠭᠤᠣᠯ ᠴᠣᠭᠴᠠ ᠶᠢᠨ ᠪᠣᠯᠪᠠᠰᠤᠷᠠᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1