ᠵᠠᠭᠤ ᠭᠠᠷᠤᠢ ᠲᠦᠮᠡᠨ ᠲᠥᠭᠦᠷᠢᠭ ᠵᠠᠷᠤᠴᠠᠭᠤᠯᠵᠤ ᠪᠠᠶᠢᠭᠠᠳ ᠲᠣᠭᠲᠠᠭᠠᠯ ᠠᠴᠠ ᠵᠥᠷᠢᠴᠡᠨ | ᠪᠠᠶᠢᠭᠤᠯᠤᠭᠰᠠᠨ ᠪᠠᠶᠢᠰᠢᠩ ᠬᠤᠳᠠᠯᠳᠤᠨ ᠠᠪᠤᠭᠠᠳ ᠪᠠᠶᠢᠰᠢᠩ ᠨᠢ ᠨᠤᠷᠭᠠᠭᠳᠠᠵᠠᠢ᠂ ᠵᠣᠭᠤᠰ ᠢ ᠶᠠᠭᠠᠬᠢᠪᠠᠯ ᠵᠣᠬᠢᠬᠤ | ᠪᠤᠶ︖ | ᠪᠠᠢ ᠠᠪᠠᠭ᠋ᠠᠢ ᠠᠷᠪᠠᠨ ᠬᠡᠳᠦᠨ ᠵᠢᠯ ᠤᠨ ᠡᠮᠦᠨ᠎ᠡ ᠵᠠᠭᠤ ᠭᠠᠷᠤᠢ ᠲᠦᠮᠡᠨ ᠲᠥᠭᠦᠷᠢᠭ ᠵᠠᠷᠤᠴᠠᠭᠤᠯᠵᠤ | ᠪᠠᠶᠢᠭᠠᠳ ᠨᠢᠭᠡ ᠪᠠᠶᠢᠰᠢᠩ ᠬᠤᠳᠠᠯᠳᠤᠨ ᠠᠪᠴᠠᠢ᠂ ᠣᠷᠣᠵᠤ ᠰᠠᠭᠤᠭᠰᠠᠨ ᠤ ᠳᠠᠷᠠᠭ᠎ᠠ ᠬᠠᠷᠢᠨ ᠬᠠᠤᠯᠢ ᠠᠴᠠ | ᠵᠥᠷᠢᠴᠡᠭᠰᠡᠨ ᠪᠠᠷᠢᠯᠭ᠎ᠠ ᠪᠣᠯᠬᠤ ᠶᠢ ᠣᠯᠵᠤ ᠮᠡᠳᠡᠵᠡᠢ᠂ ᠲᠤᠭᠳᠠᠭᠠᠯ ᠶᠤᠰᠤᠭᠠᠷ ᠪᠠᠶᠢᠰᠢᠩ ᠢ ᠨᠢ ᠨᠤᠷᠠᠭᠠᠵᠠᠢ᠃ | ᠭᠡᠷ᠎ᠡ ᠲᠣᠭᠲᠠᠭᠠᠭᠰᠠᠨ ᠦᠭᠡᠢ ᠤᠴᠢᠷ ᠠᠴᠠ ᠪᠠᠢ ᠠᠪᠠᠭ᠋ᠠᠢ ᠵᠥᠪᠬᠡᠨ ᠲᠠᠩᠰᠠ ᠰᠢᠯᠵᠢᠭᠦᠯᠦᠭᠰᠡᠨ ᠲᠡᠮᠳᠡᠭᠯᠡᠯ ᠵᠡᠷᠭᠡ | ᠭᠡᠷᠡᠴᠢ ᠪᠠᠷᠢᠮᠲᠠ ᠪᠠᠷ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢ ᠬᠦᠴᠦᠨ ᠦᠭᠡᠢ᠂ ᠪᠠᠶᠢᠰᠢᠩ ᠬᠤᠳᠠᠯᠳᠤᠨ | ᠠᠪᠤᠭᠰᠠᠨ ᠵᠣᠭᠤᠰ ᠢᠶᠠᠨ ᠪᠤᠴᠠᠭᠠᠨ ᠠᠪᠬᠤ ᠭᠡᠵᠦ ᠰᠢᠭᠦᠬᠦ ᠬᠤᠷᠢᠶᠠᠨ ᠳᠤ ᠵᠠᠭᠠᠯᠳᠤᠭᠠᠳ ᠰᠢᠭᠦᠬᠦ ᠬᠤᠷᠢᠶᠠᠨ ᠠᠴᠠ | ᠨᠢᠴᠤᠭᠠᠪᠠ᠃ | ᠣᠶᠢᠷ᠎ᠠ ᠳᠤ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ | ᠮᠡᠳᠡᠭᠡ ᠶᠢ ᠦᠨᠳᠦᠰᠦᠯᠡᠪᠡᠯ᠂ ᠪᠠᠢ ᠠᠪᠠᠭ᠋ᠠᠢ ᠵᠦᠢ ᠪᠤᠰᠤ ᠪᠠᠷ ᠣᠯᠣᠭᠰᠠᠨ ᠠᠰᠢᠭ ᠭᠡᠵᠦ ᠵᠠᠭᠠᠯᠳᠤᠭᠠᠳ | ᠡᠴᠦᠰ ᠲᠡᠭᠡᠨ 100 ᠲᠦᠮᠡᠨ ᠲᠥᠭᠦᠷᠢᠭ ᠤᠨ ᠪᠠᠶᠢᠰᠢᠩ ᠬᠤᠳᠠᠯᠳᠤᠨ ᠠᠪᠤᠭᠰᠠᠨ ᠵᠣᠭᠤᠰ ᠢᠶᠠᠨ ᠪᠤᠴᠠᠭᠠᠨ | ᠠᠪᠴᠢᠷᠠᠭᠰᠠᠨ ᠪᠠᠶᠢᠨ᠎ᠠ᠃ | ᠪᠠᠢ ᠠᠪᠠᠭ᠋ᠠᠢ᠂ 2013 ᠣᠨ ᠳᠤ 115 ᠲᠦᠮᠡᠨ ᠲᠥᠭᠦᠷᠢᠭ ᠢᠶᠠᠷ ᠬᠥ᠋ ᠠᠪᠠᠭ᠋ᠠᠢ ᠶᠢᠨ ᠨᠡᠷ᠎ᠡ ᠳᠡᠭᠡᠷᠡᠬᠢ | ᠨᠢᠭᠡ ᠢᠵᠢ ᠭᠡᠷ ᠪᠠᠶᠢᠰᠢᠩ ᠢ ᠬᠤᠳᠠᠯᠳᠤᠨ ᠠᠪᠬᠤ ᠪᠠᠷ ᠬᠡᠯᠡᠯᠴᠡᠨ ᠲᠣᠭᠲᠠᠵᠠᠢ᠃ ᠪᠠᠢ ᠠᠪᠠᠭ᠋ᠠᠢ 15 ᠲᠦᠮᠡᠨ | ᠲᠥᠭᠦᠷᠢᠭ ᠤᠨ ᠪᠡᠯᠡᠨ ᠵᠣᠭᠤᠰ ᠥᠭᠭᠦᠭᠰᠡᠨ ᠪᠥᠭᠡᠳ ᠬᠥ᠋ ᠠᠪᠠᠭ᠋ᠠᠢ ᠶᠢᠨ ᠡᠷᠡᠭᠳᠡᠢ ᠵᠠᠩ ᠠᠪᠤᠭᠠᠢ ᠳᠤ 100 | ᠲᠦᠮᠡᠨ ᠲᠥᠭᠦᠷᠢᠭ ᠤᠨ ᠳᠠᠩᠰᠠ ᠰᠢᠯᠵᠢᠭᠦᠯᠵᠦ ᠥᠭᠴᠡᠢ᠃ ᠭᠡᠪᠡᠴᠦ ᠣᠷᠣᠵᠤ ᠰᠠᠭᠤᠭᠠᠳ ᠳᠡᠮᠡᠢ ᠤᠳᠠᠭᠰᠠᠨ | ᠦᠭᠡᠢ᠂ ᠲᠣᠭᠲᠠᠭᠰᠠᠨ ᠬᠤᠭᠤᠴᠠᠭᠠᠨ ᠳᠤ ᠨᠤᠷᠠᠭᠠᠯᠭᠠᠬᠤ ᠠᠯᠪᠠᠨ ᠵᠠᠷ ᠢ ᠲᠤᠰᠴᠠᠶ᠂ ᠡᠨᠡ ᠬᠦ ᠪᠠᠶᠢᠰᠢᠩ ᠨᠢ | ᠬᠠᠷᠢᠨ ᠬᠠᠤᠯᠢ ᠠᠴᠠ ᠵᠥᠷᠢᠴᠡᠭᠰᠡᠨ ᠪᠠᠷᠢᠯᠭ᠎ᠠ ᠪᠣᠯᠬᠤᠷ᠂ ᠪᠠᠢ ᠠᠪᠠᠭ᠋ᠠᠢ ᠶᠢ 7 ᠡᠳᠦᠷ ᠤᠨ ᠳᠣᠲᠣᠷ᠎ᠠ ᠨᠡᠭᠦᠵᠦ | ᠶᠠᠪᠤᠬᠤ ᠶᠢ ᠱᠠᠭᠠᠷᠳᠠᠵᠠᠢ᠃ | ᠪᠠᠶᠢᠰᠢᠩ ᠢ ᠨᠢ ᠨᠤᠷᠠᠭᠠᠭᠰᠠᠨ ᠤ ᠲᠠᠷᠠᠭ᠎ᠠ᠂ ᠪᠠᠢ ᠠᠪᠠᠭ᠋ᠠᠢ ᠭᠦ᠋ ᠠᠪᠠᠭ᠋ᠠᠢ ᠡᠷ᠎ᠡ ᠡᠮ᠎ᠡ ᠬᠤᠶᠠᠭᠤᠯᠠ ᠶᠢ | ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠬᠤᠳᠠᠯᠳᠤᠭᠰᠠᠨ ᠠᠵᠢᠯᠯᠠᠭ᠎ᠠ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠪᠡ ᠭᠡᠵᠦ ᠦᠵᠡᠭᠡᠳ᠂ ᠬᠤᠶᠠᠷ | ᠡᠲᠡᠭᠡᠳ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢ ᠬᠦᠴᠦᠨ ᠦᠭᠡᠢ ᠪᠠᠷ ᠨᠤᠲᠠᠯᠠᠭᠤᠯᠬᠤ ᠪᠠᠷ ᠱᠠᠭᠠᠷᠳᠠᠵᠤ᠂ | ᠭᠦ᠋ ᠠᠪᠠᠭ᠋ᠠᠢ ᠶᠢ ᠪᠠᠶᠢᠰᠢᠩ ᠬᠤᠳᠠᠯᠳᠤᠨ ᠠᠪᠤᠭᠰᠠᠨ ᠵᠣᠭᠤᠰ 115 ᠲᠦᠮᠡᠨ ᠲᠥᠭᠦᠷᠢᠭ ᠢ ᠪᠤᠴᠠᠭᠠᠯᠭᠠᠬᠤ ᠪᠠᠷ | ᠰᠢᠭᠦᠬᠦ ᠬᠤᠷᠢᠶᠠᠨ ᠳᠤ ᠵᠠᠭᠠᠯᠳᠤᠵᠠᠢ᠃ | ᠭᠦ᠋ ᠠᠪᠠᠭ᠋ᠠᠢ ᠡᠷ᠎ᠡ ᠡᠮ᠎ᠡ ᠬᠤᠶᠠᠭᠤᠯᠠ ᠮᠡᠳᠡᠷᠡᠬᠦ ᠦᠭᠡᠢ᠂ ᠪᠠᠢ ᠠᠪᠠᠭ᠋ᠠᠢ ᠪᠠᠰᠠ ᠵᠥᠪᠬᠡᠨ 100 ᠲᠦᠮᠡᠨ | ᠲᠥᠭᠦᠷᠢᠭ ᠤᠨ ᠳᠠᠩᠰᠠ ᠰᠢᠯᠵᠢᠭᠦᠯᠦᠭᠰᠡᠨ ᠲᠡᠮᠳᠡᠭᠯᠡᠯ ᠪᠠ ᠠᠳᠠᠯ ᠠᠬᠤᠢ ᠶᠢᠨ ᠵᠠᠷᠤᠳᠠᠯ ᠤᠨ ᠪᠠᠷᠢᠮᠲᠠ ᠶᠢ | ᠲᠤᠰᠢᠶᠠᠭᠰᠠᠨ ᠪᠣᠯᠪᠠᠴᠤ ᠪᠢᠴᠢᠭ ᠤᠨ ᠭᠡᠷ᠎ᠡ ᠦᠭᠡᠢ ᠤᠴᠢᠷ ᠠᠴᠠ ᠰᠢᠭᠦᠬᠦ ᠬᠤᠷᠢᠶ᠎ᠠ᠂ ᠬᠤᠶᠠᠷ ᠡᠲᠡᠭᠡᠳ ᠤᠨ | ᠬᠤᠭᠤᠷᠣᠨᠳᠤ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠬᠠᠷᠢᠴᠠᠭ᠎ᠠ ᠣᠷᠣᠰᠢᠵᠤ ᠪᠠᠶᠢᠬᠤ ᠶᠢ ᠭᠡᠷᠡᠴᠢᠯᠡᠵᠦ | ᠳᠡᠶᠢᠯᠬᠦ ᠦᠭᠡᠢ ᠭᠡᠵᠦ ᠦᠵᠡᠭᠡᠳ ᠪᠠᠢ ᠠᠪᠠᠭ᠋ᠠᠢ ᠶᠢᠨ ᠪᠦᠬᠦ ᠵᠠᠭᠠᠯᠳᠤᠯᠭ᠎ᠠ ᠶᠢᠨ ᠭᠤᠶᠤᠴᠢᠯᠠᠯ ᠢ ᠨᠢᠴᠤᠭᠠᠭᠰᠠᠨ | ᠪᠠᠶᠢᠨ᠎ᠠ᠃ | ᠪᠠᠶᠢᠰᠢᠩ ᠨᠤᠷᠠᠭᠠᠭᠳᠠᠴᠢᠬᠠᠯᠠ᠂ ᠵᠣᠭᠤᠰ ᠪᠠᠰᠠ ᠲᠠᠯᠠᠭᠠᠷ ᠪᠣᠯᠬᠤ ᠭᠡᠵᠦ ᠦᠦ︖ ᠭᠦ᠋ ᠠᠪᠠᠭ᠋ᠠᠢ ᠶᠢᠨ ᠡᠷ᠎ᠡ | ᠵᠠᠩ ᠠᠪᠤᠭᠠᠢ ᠨᠠᠰᠤ ᠪᠠᠷᠠᠭᠰᠠᠨ ᠤ ᠲᠠᠷᠠᠭ᠎ᠠ᠂ ᠪᠠᠢ ᠠᠪᠠᠭ᠋ᠠᠢ᠂ ᠵᠠᠩ ᠠᠪᠤᠭᠠᠢ ᠶᠢᠨ 100 ᠲᠦᠮᠡᠨ ᠲᠥᠭᠦᠷᠢᠭ | ᠬᠤᠷᠢᠶᠠᠨ ᠠᠪᠤᠭᠰᠠᠨ ᠠᠵᠢᠯᠯᠠᠭ᠎ᠠ ᠨᠢ ᠵᠣᠬᠢᠰ ᠦᠭᠡᠢ ᠠᠰᠢᠭ ᠣᠯᠵᠠ ᠳᠤ ᠲᠣᠭᠠᠴᠠᠭᠳᠠᠨ᠎ᠠ ᠭᠡᠵᠦ ᠭᠦ᠋ ᠠᠪᠠᠭ᠋ᠠᠢ | ᠪᠣᠯᠣᠨ ᠦᠷ᠎ᠡ ᠬᠡᠦᠬᠡᠳ ᠢ 100 ᠲᠦᠮᠡᠨ ᠲᠥᠭᠦᠷᠢᠭ ᠪᠤᠴᠠᠭᠠᠯᠭᠠᠬᠤ ᠪᠠᠷ ᠰᠢ ᠴᠧᠩ ᠲᠤᠭᠤᠷᠢᠭ ᠤᠨ ᠰᠢᠭᠦᠬᠦ | ᠬᠤᠷᠢᠶᠠᠨ ᠳᠤ ᠵᠠᠭᠠᠯᠳᠤᠵᠠᠢ᠃ | ᠰᠢ ᠴᠧᠩ ᠲᠤᠭᠤᠷᠢᠭ ᠤᠨ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ᠂ ᠪᠠᠢ ᠠᠪᠠᠭ᠋ᠠᠢ ᠪᠣᠯᠣᠨ ᠬᠦ᠋ | ᠠᠪᠠᠭ᠋ᠠᠢ᠂ ᠵᠠᠩ ᠠᠪᠤᠭᠠᠢ ᠶᠢᠨ ᠬᠤᠭᠤᠷᠣᠨᠳᠤ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠬᠠᠷᠢᠴᠠᠭ᠎ᠠ ᠣᠷᠣᠰᠢᠵᠤ | ᠪᠠᠶᠢᠬᠤ ᠶᠢ ᠮᠠᠭᠠᠳᠯᠠᠬᠤ ᠶᠢᠨ ᠠᠷᠭ᠎ᠠ ᠦᠭᠡᠢ ᠮᠥᠷᠲᠡᠭᠡᠨ ᠪᠤᠰᠤᠳ ᠠᠪᠴᠠᠭ᠎ᠠ ᠥᠭᠴᠡᠭᠡ ᠶᠢᠨ ᠬᠠᠷᠢᠴᠠᠭ᠎ᠠ | ᠣᠷᠣᠰᠢᠵᠤ ᠪᠠᠶᠢᠬᠤ ᠶᠢ ᠮᠠᠭᠠᠳᠯᠠᠬᠤ ᠶᠢᠨ ᠠᠷᠭ᠎ᠠ ᠦᠭᠡᠢ ᠤᠴᠢᠷ ᠠᠴᠠ ᠪᠠᠢ ᠠᠪᠠᠭ᠋ᠠᠢ ᠶᠢᠨ ᠲᠠᠩᠰᠠ | ᠰᠢᠯᠵᠢᠭᠦᠯᠦᠭᠰᠡᠨ 100 ᠲᠦᠮᠡᠨ ᠲᠥᠭᠦᠷᠢᠭ ᠢ ᠵᠠᠩ ᠠᠪᠤᠭᠠᠢ᠂ ᠬᠦ᠋ ᠠᠪᠠᠭ᠋ᠠᠢ ᠣᠯᠣᠭᠰᠠᠨ ᠨᠢ ᠬᠠᠤᠯᠢ ᠶᠣᠰᠣᠨ ᠤ | ᠦᠨᠳᠦᠰᠦ ᠪᠠᠷᠢᠮᠲᠠ ᠪᠠᠷ ᠳᠤᠲᠠᠮᠠᠭ ᠪᠠᠶᠢᠵᠤ᠂ ᠵᠣᠬᠢᠰ ᠦᠭᠡᠢ ᠠᠰᠢᠭ ᠪᠣᠯᠵᠤ ᠪᠦᠷᠢᠯᠳᠦᠭᠰᠡᠨ ᠪᠣᠯᠬᠤᠷ ᠪᠤᠴᠠᠭᠠᠵᠤ | ᠥᠭᠬᠦ ᠬᠡᠷᠡᠭᠲᠡᠢ ᠭᠡᠵᠦ ᠦᠵᠡᠪᠡ᠃ ᠰᠢᠭᠦᠬᠦ ᠬᠤᠷᠢᠶ᠎ᠠ ᠠᠴᠠ ᠭᠦ᠋ ᠠᠪᠠᠭ᠋ᠠᠢ ᠪᠣᠯᠣᠨ ᠦᠷ᠎ᠡ ᠬᠡᠦᠬᠡᠳ ᠢ ᠵᠠᠩ | ᠠᠪᠤᠭᠠᠢ ᠶᠢᠨ ᠥᠪ ᠬᠥᠷᠥᠩᠭᠡ ᠶᠢ ᠵᠠᠯᠭᠠᠮᠵᠢᠯᠠᠬᠤ ᠬᠡᠪᠴᠢᠶᠡᠨ ᠳᠤ ᠪᠠᠢ ᠠᠪᠠᠭ᠋ᠠᠢ ᠳᠤ 100 ᠲᠦᠮᠡᠨ ᠲᠥᠭᠦᠷᠢᠭ | ᠪᠤᠴᠠᠭᠠᠵᠤ ᠥᠭᠬᠦ ᠪᠠᠷ ᠰᠢᠭᠦᠨ ᠲᠠᠰᠤᠯᠪᠠ᠃ | ᠳᠠᠭᠠᠭᠠᠨ ᠰᠢᠢᠳᠪᠦᠷᠢᠯᠡᠭᠰᠡᠨ ᠰᠢᠭᠦᠭᠴᠢ ᠲᠠᠨᠢᠯᠴᠠᠭᠤᠯᠬᠤ ᠳᠠᠭᠠᠨ᠂ ᠪᠠᠢ ᠠᠪᠠᠭ᠋ᠠᠢ ᠶᠢᠨ ᠵᠠᠭᠠᠯᠳᠤᠭᠰᠠᠨ ᠭᠡᠷ | ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠵᠢᠭᠤᠷᠠᠯᠳᠤᠭᠠᠨ ᠨᠢ ᠭᠡᠷᠡᠴᠢ ᠪᠠᠷᠢᠮᠲᠠ ᠭᠦᠢᠴᠡᠳ ᠦᠭᠡᠢ ᠠᠴᠠ ᠪᠣᠯᠵᠤ | ᠨᠢᠴᠤᠭᠠᠭᠳᠠᠭᠰᠠᠨ ᠪᠠᠶᠢᠨ᠎ᠠ᠂ ᠭᠡᠪᠡᠴᠦ ᠠᠰᠢᠭ ᠲᠤᠰᠠ ᠣᠯᠣᠭᠰᠠᠨ ᠬᠥ᠋ ᠠᠪᠠᠭ᠋ᠠᠢ ᠨᠢ ᠴᠦ ᠪᠠᠢ ᠠᠪᠠᠭ᠋ᠠᠢ ᠶᠢᠨ | ᠳᠠᠩᠰᠠ ᠰᠢᠯᠵᠢᠭᠦᠯᠦᠭᠰᠡᠨ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠲᠣᠳᠣᠷᠬᠠᠶᠢᠯᠠᠵᠤ ᠴᠢᠳᠠᠬᠤ ᠦᠭᠡᠢ᠃ | ᠡᠶᠢᠮᠦ ᠪᠠᠶᠢᠳᠠᠯ ᠤᠨ ᠳᠣᠣᠷ᠎ᠠ᠂ ᠭᠦ᠋ ᠠᠪᠠᠭ᠋ᠠᠢ ᠶᠢᠨ ᠣᠯᠣᠭᠰᠠᠨ ᠠᠰᠢᠭ ᠨᠢ ᠵᠤᠬᠢᠬᠤ ᠬᠠᠤᠯᠢ ᠴᠠᠭᠠᠵᠠ ᠶᠢᠨ | ᠦᠨᠳᠦᠰᠦ ᠪᠠᠷᠢᠮᠲᠠ ᠦᠭᠡᠢ ᠤᠴᠢᠷ ᠠᠴᠠ ᠪᠤᠴᠠᠭᠠᠪᠠᠯ ᠵᠣᠬᠢᠨ᠎ᠠ᠃ | ᠰᠢᠭᠦᠭᠴᠢ ᠶᠢᠨ ᠰᠠᠨᠠᠭᠤᠯᠤᠮᠵᠢ᠄ ᠡᠳᠦᠷ ᠲᠤᠲᠤᠮ ᠤᠨ ᠠᠷᠠᠯᠵᠢᠶᠠᠨ ᠤ ᠳᠤᠮᠳᠠ᠂ ᠬᠡᠷᠪᠡ ᠪᠤᠰᠤᠳ | ᠬᠥᠮᠥᠨ ᠲᠠᠢ ᠭᠡᠷ ᠪᠠᠶᠢᠰᠢᠩ ᠬᠤᠳᠠᠯᠳᠤᠭᠠᠯᠠᠬᠤ ᠵᠡᠷᠭᠡ ᠭᠡᠷ᠎ᠡ ᠶᠢᠨ ᠬᠠᠷᠢᠴᠠᠭ᠎ᠠ ᠪᠠᠶᠢᠭᠤᠯᠬᠤ ᠴᠢᠬᠤᠯᠠᠲᠠᠢ ᠪᠣᠯ᠂ | ᠵᠢᠩᠬᠢᠨᠢ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ ᠪᠥᠭᠡᠳ ᠭᠤᠷᠪᠠᠳᠠᠭᠢ ᠡᠲᠡᠭᠡᠳ ᠠᠴᠠ ᠲᠠᠩᠰᠠᠨ ᠡᠷᠦᠬᠡ ᠶᠢ | ᠬᠢᠨᠠᠨ ᠬᠠᠮᠢᠶᠠᠷᠬᠤ ᠪᠤᠶᠤ ᠪᠠᠩᠬᠢ ᠠᠴᠠ ᠲᠠᠩᠰᠠ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠭᠡᠷ ᠪᠠᠶᠢᠰᠢᠩ | ᠬᠤᠳᠠᠯᠳᠤᠨ ᠠᠪᠤᠭᠰᠠᠨ ᠵᠣᠭᠤᠰ ᠢ ᠲᠥᠯᠥᠬᠦ ᠶᠢᠨ ᠬᠠᠮᠲᠤ ᠬᠤᠯᠪᠣᠭᠳᠠᠯ ᠪᠦᠬᠦᠢ ᠲᠡᠮᠳᠡᠭᠯᠡᠯ ᠢ ᠪᠦᠷᠢᠨ ᠪᠦᠲᠦᠨ | ᠦᠯᠡᠳᠡᠭᠡᠬᠦ ᠶᠢ ᠠᠩᠬᠠᠷᠬᠤ ᠬᠡᠷᠡᠭᠲᠡᠢ᠃ ᠬᠤᠶᠠᠷ ᠡᠲᠡᠭᠡᠳ ᠢᠶᠠᠷ ᠢᠶᠠᠨ ᠵᠠᠭᠤᠷᠠᠯᠳᠤᠭᠠᠨ ᠭᠠᠷᠤᠭᠠᠳ ᠵᠥᠪᠳᠡᠯᠴᠡᠭᠡᠳ | ᠰᠠᠨᠠᠯ ᠨᠢᠭᠡᠳᠬᠦ ᠶᠢᠨ ᠠᠷᠭ᠎ᠠ ᠦᠭᠡᠢ ᠪᠣᠯᠬᠤ ᠳᠤ ᠬᠦᠷᠪᠡᠯ᠂ ᠳᠡᠭᠡᠷ᠎ᠡ ᠳᠤᠷᠠᠳᠤᠭᠰᠠᠨ ᠲᠡᠮᠳᠡᠭᠯᠡᠯ ᠢᠶᠠᠷ ᠭᠡᠷᠡᠴᠢ | ᠪᠠᠷᠢᠮᠲᠠ ᠪᠣᠯᠭᠠᠵᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ ᠬᠡᠷᠪᠡ ᠬᠤᠶᠠᠷ ᠡᠲᠡᠭᠡᠳ ᠤᠨ | ᠬᠤᠭᠤᠷᠣᠨᠳᠤ ᠭᠡᠷ᠎ᠡ ᠶᠢᠨ ᠬᠠᠷᠢᠴᠠᠭ᠎ᠠ ᠣᠷᠣᠰᠢᠵᠤ ᠪᠠᠶᠢᠬᠤ ᠶᠢ ᠭᠡᠷᠡᠴᠢᠯᠡᠬᠦ ᠶᠢᠨ ᠠᠷᠭ᠎ᠠ ᠦᠭᠡᠢ ᠮᠦᠷᠳᠡᠭᠡᠨᠲ᠋ᠤᠰ | ᠪᠡᠶ᠎ᠡ ᠶᠢᠨ ᠠᠰᠢᠭ ᠲᠤᠰᠠ ᠨᠢ ᠪᠣᠳᠠᠲᠠᠢ ᠬᠤᠬᠢᠷᠠᠯ ᠳᠤ ᠤᠴᠠᠷᠠᠭᠰᠠᠨ ᠪᠠᠶᠢᠪᠠᠯ᠂ ᠠᠰᠢᠭ ᠣᠯᠣᠭᠴᠢ ᠶᠢ ᠵᠤᠬᠢᠰ | ᠦᠭᠡᠢ ᠤᠯᠤᠭᠰᠠᠨ ᠠᠰᠢᠭ ᠢᠶᠠᠨ ᠪᠤᠴᠠᠭᠠᠬᠤ ᠶᠢ ᠵᠣᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰ ᠪᠡᠶ᠎ᠡ ᠶᠢᠨ | ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠪᠣᠯᠣᠨ᠎ᠠ᠃ | ᠢᠷᠡᠯᠲᠡ᠄ ᠪᠡᠭᠡᠵᠢᠩ ᠬᠤᠲᠠ ᠶᠢᠨ ᠨᠡᠶᠢᠳᠡᠯᠡᠯ |