ᠲᠦᠷᠦᠭᠦᠬᠡᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ︵ᠳᠣᠷᠣᠭᠰᠢ ︽ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ︾ ᠭᠡᠵᠦ | ᠲᠣᠪᠴᠢᠯᠠᠨ᠎ᠠ︶ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ︽ᠰᠠᠶᠢᠨ ᠭᠡᠷ ᠪᠠᠶᠢᠰᠢᠩ︾ ᠪᠠᠶᠢᠭᠤᠯᠬᠤ | ᠰᠢᠰᠲ᠋ᠧᠮᠵᠢ ᠶᠢ ᠨᠡᠶᠢᠲᠡᠯᠡᠪᠡ᠃ ᠲᠣᠰ ᠰᠢᠰᠲ᠋ᠧᠮᠵᠢ ᠨᠢ ︽ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ | ᠤᠶᠤᠨᠴᠢ︾ ᠥᠷᠲᠡᠭ ᠤᠨ ᠬᠠᠷᠠᠯᠲᠠ ᠶᠢ ᠲᠣᠭᠲᠠᠭᠠᠵᠤ᠂ ︽ᠬᠡᠷᠡᠭᠴᠡᠭᠡ ᠶᠢ ᠠᠷᠠᠳ ᠠᠴᠠ ᠠᠰᠠᠭᠤᠬᠤ︾ ᠠᠴᠠ | ᠡᠭᠦᠰᠴᠦ᠂ ᠠᠷᠠᠳ ᠢᠷᠭᠡᠳ ᠤᠨ ᠣᠷᠣᠰᠢᠨ ᠰᠠᠭᠤᠷᠢᠰᠢᠬᠤ ᠡᠪᠡᠷᠰᠢᠶᠡᠯ ᠳᠤ ᠠᠩᠬᠠᠷᠤᠯ ᠲᠦᠪᠯᠡᠷᠡᠭᠦᠯᠵᠦ᠂ ᠪᠦᠷᠢᠨ | ᠪᠦᠳᠦᠨ᠂ ᠰᠠᠶᠢᠨ ᠪᠠᠷᠢᠮᠵᠢᠶ᠎ᠠ᠂ ᠰᠠᠶᠢᠨ ᠵᠢᠷᠤᠭ ᠲᠦᠯᠦᠪᠯᠡᠯᠭᠡ᠂ ᠰᠠᠶᠢᠨ ᠮᠠᠲ᠋ᠧᠷᠢᠶᠠᠯ᠂ ᠰᠠᠶᠢᠨ ᠪᠠᠷᠢᠯᠭ᠎ᠠ᠂ ᠰᠠᠶᠢᠨ | ᠠᠵᠢᠯᠯᠠᠭ᠎ᠠ ︽ᠵᠢᠷᠭᠤᠭᠠᠨ ᠰᠠᠶᠢᠨ︾ ᠢ ᠪᠠᠲᠤᠯᠠᠬᠤ ᠪᠠᠷ ᠠᠷᠭ᠎ᠠ ᠪᠠᠷᠢᠯ ᠪᠣᠯᠭᠠᠵᠤ᠂ ᠪᠠᠷᠢᠯᠭ᠎ᠠ ᠶᠢᠨ ᠠᠵᠢᠯ | ᠲᠥᠷᠥᠯ ᠤᠨ ᠪᠥᠬᠦ ᠠᠵᠤ ᠦᠢᠯᠡᠰ ᠤᠨ ᠬᠡᠯᠬᠢᠶ᠎ᠡ ᠪᠠᠷ ︽ᠰᠠᠶᠢᠨ ᠭᠡᠷ ᠪᠠᠶᠢᠰᠢᠩ︾ ᠪᠠᠶᠢᠭᠤᠯᠬᠤ ᠳᠤ ᠪᠣᠯᠣᠮᠵᠢᠲᠠᠢ | ᠠᠷᠭ᠎ᠠ ᠵᠠᠮ ᠬᠠᠩᠭᠠᠭᠰᠠᠨ ᠪᠠᠶᠢᠨ᠎ᠠ᠃ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠦᠯᠦᠭᠯᠡᠯ ᠨᠢ ᠳᠤᠮᠳᠠᠳᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ | ᠨᠡᠶᠢᠭᠡᠮᠯᠢᠭ ᠤᠨ 2020 ᠣᠨ ᠳᠤ ᠵᠣᠬᠢᠶᠠᠨ ᠪᠠᠶᠢᠭᠤᠯᠤᠭᠰᠠᠨ ᠪᠦᠬᠦ ᠤᠯᠤᠰ ᠤᠨ 3.3 ᠲᠦᠮᠡ ᠭᠠᠷᠤᠢ | ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠠ ᠵᠦᠩ ᠬᠠᠢ ᠦᠢᠯᠡᠴᠢᠯᠡᠭᠡᠨ ᠲᠦᠪ ᠤᠨ | ᠴᠤᠭᠯᠠᠭᠤᠯᠤᠭᠰᠠᠨ 3 ᠲᠦᠮᠡ ᠭᠠᠷᠤᠢ ᠡᠷᠦᠬᠡ ᠰᠠᠭᠤᠭᠠᠯᠢ ᠠᠷᠠᠳ ᠤᠨ ᠣᠶᠢᠷ᠎ᠠ ᠶᠢᠨ ᠭᠤᠷᠪᠠᠨ ᠵᠢᠯ ᠤᠨ ᠬᠡᠷᠡᠭᠴᠡᠭᠡ | ᠱᠠᠭᠠᠷᠳᠠᠯᠭ᠎ᠠ ᠶᠢᠨ ᠬᠠᠷᠢᠭᠤ ᠲᠤᠰᠬᠠᠯ ᠳᠤ ᠰᠠᠭᠤᠷᠢᠯᠠᠵᠤ᠂ 6 ᠲᠦᠮᠡ ᠭᠠᠷᠤᠢ ᠰᠠᠭᠤᠭᠠᠯᠢ ᠠᠷᠠᠳ ᠤᠨ ᠰᠠᠨᠠᠯ ᠢ | 172 ᠬᠡᠷᠡᠭᠴᠡᠭᠡ ᠱᠠᠭᠠᠷᠳᠠᠯᠭ᠎ᠠ ᠶᠢ ᠬᠤᠷᠢᠶᠠᠩᠭᠤᠶᠢᠯᠠᠵᠤ᠂ ᠲᠠᠬᠢᠭᠠᠳ ᠪᠠᠴᠢᠮ ᠤᠨ ᠬᠡᠮᠵᠢᠶ᠎ᠡ ᠪᠣᠯᠣᠨ ᠱᠠᠭᠠᠷᠳᠠᠯᠭ᠎ᠠ | ᠶᠡᠭᠡᠳᠡᠢ ᠬᠤᠶᠠᠷ ᠲᠠᠯ᠎ᠠ ᠪᠠᠷ ᠰᠠᠭᠤᠭᠠᠯᠢ ᠠᠷᠠᠳ ᠤᠨ 95% ᠠᠴᠠ ᠳᠡᠭᠡᠭᠰᠢᠬᠢ ᠣᠷᠣᠨ ᠰᠠᠭᠤᠴᠠ ᠶᠢᠨ | ᠡᠪᠡᠷᠰᠢᠶᠡᠯ ᠢ ᠰᠢᠢᠳᠪᠦᠷᠢᠯᠡᠵᠦ 101 ᠵᠦᠢᠯ ᠤᠨ ᠭᠤᠣᠯ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠭᠠᠷᠭᠠᠵᠤ᠂ ︽ | 6633 — ᠵᠢᠷᠭᠤᠭᠠᠨ ᠦᠭᠡᠢ ᠵᠢᠷᠭᠤᠭ᠎ᠠ ᠶᠢ ᠰᠡᠷᠭᠡᠶᠢᠯᠡᠬᠦ ᠭᠤᠷᠪᠠ ᠶᠢ ᠠᠷᠪᠢᠯᠠᠬᠤ ᠭᠤᠷᠪᠠᠨ ᠪᠠᠶᠢᠬᠤ︾ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠣᠷᠣ ᠲᠥᠯᠥᠪ ᠢ ᠳ᠋ᠦᠩᠨᠡᠨ | ᠪᠦᠷᠢᠯᠳᠦᠭᠦᠯᠵᠡᠢ᠂ ︽ᠵᠢᠷᠭᠤᠭᠠᠨ ᠦᠭᠡᠢ︾ ᠭᠡᠳᠡᠭ ᠨᠢ ᠭᠤᠭᠤᠵᠢᠭᠤᠯᠬᠤ ᠦᠭᠡᠢ᠂ ᠦᠮᠡᠬᠡᠶᠢᠷᠡᠭᠦᠯᠬᠦ ᠦᠭᠡᠢ᠂ | ᠱᠤᠤᠬᠢᠶᠠᠨ ᠦᠭᠡᠢ᠂ ᠢᠯᠵᠢᠷᠡᠭᠦᠯᠬᠦ ᠦᠭᠡᠢ᠂ ᠲᠦᠭᠵᠢᠷᠡᠭᠦᠯᠬᠦ ᠦᠭᠡᠢ᠂ ᠬᠠᠭᠠᠷᠠᠬᠤ ᠦᠭᠡᠢ ᠪᠠᠶᠢᠬᠤ ᠶᠢ ᠵᠢᠭᠠᠵᠤ | ᠪᠤᠢ︔ ︽ᠵᠢᠷᠭᠤᠭ᠎ᠠ ᠶᠢ ᠰᠡᠷᠭᠡᠶᠢᠯᠡᠬᠦ︾ ᠭᠡᠳᠡᠭ ᠨᠢ ᠭᠠᠮᠰᠢᠭ ᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ | ᠭᠠᠯ ᠢ ᠰᠡᠷᠭᠡᠶᠢᠯᠡᠬᠦ᠂ ᠴᠠᠬᠢᠯᠭᠠᠨ ᠢ ᠰᠡᠷᠭᠡᠶᠢᠯᠡᠬᠦ᠂ ᠣᠶᠢᠴᠢᠬᠤ ᠶᠢ ᠰᠡᠷᠭᠡᠶᠢᠯᠡᠬᠦ᠂ ᠮᠥᠷᠭᠦᠯᠳᠦᠬᠦ ᠶᠢ ᠰᠡᠷᠭᠡᠶᠢᠯᠡᠬᠦ ᠶᠢ | ᠵᠢᠭᠠᠵᠤ ᠪᠠᠶᠢᠨ᠎ᠠ︔ ︽ᠭᠤᠷᠪᠠ ᠶᠢ ᠠᠷᠪᠢᠯᠠᠬᠤ︾ ᠭᠡᠳᠡᠭ ᠨᠢ ᠰᠡᠳᠬᠢᠯ ᠠᠮᠦᠷ᠂ ᠵᠣᠭᠤᠰ ᠠᠷᠪᠢᠯᠠᠬᠤ᠂ ᠭᠠᠵᠠᠷ | ᠠᠷᠪᠢᠯᠠᠬᠤ ᠶᠢ ᠬᠡᠯᠡᠵᠦ ᠪᠠᠶᠢᠨ᠎ᠠ︔ ︽ᠭᠤᠷᠪᠠᠨ ᠪᠠᠶᠢᠬᠤ︾ ᠭᠡᠳᠡᠭ ᠨᠢ ᠪᠣᠳᠠᠲᠤ ᠬᠡᠷᠡᠭᠴᠡᠭᠡ ᠲᠠᠢ᠂ ᠡᠷᠡᠭᠦᠯ | ᠴᠢᠭᠢᠷᠠᠭ᠂ ᠬᠠᠯᠠᠮᠵᠢᠯᠠᠯ ᠲᠠᠢ ᠪᠠᠶᠢᠬᠤ ᠶᠢ ᠵᠢᠭᠠᠵᠤ ᠪᠠᠶᠢᠨ᠎ᠠ᠃ | ᠪᠣᠳᠠᠲᠠᠢ ᠪᠠᠷ ᠬᠡᠯᠡᠪᠡᠯ᠂ ᠳᠤᠮᠳᠠᠳᠤ ᠤᠯᠤᠰ ᠤᠨ ᠪᠠᠷᠢᠯᠭ᠎ᠠ ᠶᠢᠨ ︽ᠰᠠᠶᠢᠨ ᠭᠡᠷ ᠪᠠᠶᠢᠰᠢᠩ︾ ᠪᠠᠶᠢᠭᠤᠯᠬᠤ | ᠰᠢᠰᠲ᠋ᠧᠮᠵᠢ ᠨᠢ ᠬᠡᠷᠡᠭᠴᠡᠭᠡ ᠱᠠᠭᠠᠷᠳᠠᠯᠭ᠎ᠠ ᠶᠢᠨ ᠲᠠᠶᠢᠯᠤᠮᠵᠢ᠂ ᠪᠠᠷᠢᠮᠵᠢᠶ᠎ᠠ ᠶᠢ ᠰᠢᠯᠢᠬᠦ ᠪᠠ ᠠᠷᠭ᠎ᠠ ᠬᠡᠮᠵᠢᠶ᠎ᠡ ᠶᠢ | ᠲᠣᠭᠲᠠᠭᠠᠬᠤ ᠪᠠᠷ ᠳᠡᠮᠵᠢᠨ ᠣᠷᠣᠨ ᠰᠠᠭᠤᠴᠠ ᠶᠢᠨ ᠡᠪᠡᠷᠰᠢᠶᠡᠯ ᠢ ᠭᠤᠷᠪᠠᠨ ᠠᠯᠬᠤᠮ ᠢᠶᠠᠷ ᠰᠢᠢᠳᠪᠦᠷᠢᠯᠡᠨ᠎ᠡ᠃ | ᠡᠭᠦᠨ ᠳᠤ᠂ ︽ᠬᠡᠷᠡᠭᠴᠡᠭᠡ ᠱᠠᠭᠠᠷᠳᠠᠯᠭ᠎ᠠ ᠶᠢᠨ ᠲᠠᠶᠢᠯᠤᠮᠵᠢ︾ ᠭᠡᠳᠡᠭ ᠨᠢ ᠠᠷᠠᠳ ᠣᠯᠠᠨ ᠤ ᠬᠡᠷᠡᠭᠴᠡᠭᠡ | ᠱᠠᠭᠠᠷᠳᠠᠯᠭ᠎ᠠ ᠶᠢ ᠮᠡᠷᠭᠡᠵᠢᠯ ᠤᠨ ᠠᠰᠠᠭᠤᠳᠠᠯ ᠪᠣᠯᠭᠠᠨ ᠬᠤᠪᠢᠷᠠᠭᠤᠯᠬᠤ ᠶᠢ ᠵᠢᠭᠠᠵᠤ ᠪᠣᠶ︔ ︽ᠪᠠᠷᠢᠮᠵᠢᠶ᠎ᠠ ᠶᠢ | ᠰᠢᠯᠢᠬᠦ ︾ ᠭᠡᠳᠡᠭ ᠨᠢ ᠡᠳᠡᠭᠡᠷ ᠮᠡᠷᠭᠡᠵᠢᠯ ᠤᠨ ᠠᠰᠠᠭᠤᠳᠠᠯ ᠢ ᠠᠷᠭᠠᠴᠠᠬᠤ ᠤᠯᠤᠰ᠂ ᠣᠷᠣᠨ ᠨᠤᠲᠤᠭ ᠪᠠ ᠠᠵᠢᠯ | ᠲᠦᠷᠦᠯ ᠤᠨ ᠪᠠᠷᠢᠮᠵᠢᠶ᠎ᠠ ᠶᠢ ᠡᠷᠢᠨ ᠣᠯᠵᠤ᠂ ᠠᠳᠠᠯᠢ ᠪᠤᠰᠤ ᠠᠭᠤᠷ ᠠᠮᠢᠰᠬᠤᠯ ᠤᠨ ᠣᠷᠣᠨ ᠤ ᠮᠡᠷᠭᠡᠵᠢᠯ ᠤᠨ | ᠪᠠᠷᠢᠮᠵᠢᠶ᠎ᠠ ᠶᠢᠨ ᠵᠥᠷᠢᠶ᠎ᠡ ᠶᠢ ᠭᠦᠢᠴᠡᠳ ᠪᠣᠳᠣᠯᠬᠢᠯᠠᠬᠤ ᠶᠢ ᠵᠢᠭᠠᠵᠤ ᠪᠠᠶᠢᠨ᠎ᠠ︔ ︽ᠠᠷᠭ᠎ᠠ ᠬᠡᠮᠵᠢᠶ᠎ᠡ ᠲᠣᠭᠲᠠᠭᠠᠬᠤ︾ | ᠭᠡᠳᠡᠭ ᠨᠢ ᠡᠯ᠎ᠡ ᠵᠠᠩᠭᠢᠯᠠᠭ᠎ᠠ ᠶᠢᠨ ᠲᠤᠰᠬᠠᠢ ᠮᠡᠷᠭᠡᠵᠢᠯᠲᠡᠨ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ | ᠪᠠᠶᠢᠭᠠᠳ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠵᠢᠴᠢ ᠬᠠᠮᠢᠶᠠᠷᠤᠨ ᠡᠵᠡᠮᠳᠡᠬᠦ ᠭᠤᠣᠯᠳᠠᠯᠭ᠎ᠠ ᠶᠢ | ᠬᠠᠮᠲᠤ ᠪᠠᠷ ᠳᠤᠷᠠᠳᠤᠨ ᠭᠠᠷᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠨᠠᠩ ᠣᠯᠠᠨ ︽ | ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠣᠯᠭᠤᠬᠤ ᠶᠢ ᠵᠢᠭᠠᠵᠤ ᠪᠣᠶ᠃ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠳᠠ ᠶᠢᠨ ︽ᠰᠠᠶᠢᠨ ᠭᠡᠷ ᠪᠠᠶᠢᠰᠢᠩ︾ ᠪᠠᠶᠢᠭᠤᠯᠬᠤ ᠰᠢᠰᠲ᠋ᠧᠮᠵᠢ ᠳᠤ ᠪᠠᠰᠠ ᠲᠡᠮᠵᠢᠯᠭᠡ᠂ ᠰᠢᠯᠭᠠᠨ | ᠪᠠᠲᠤᠯᠠᠬᠤ᠂ ᠰᠢᠮᠳᠠᠭᠤᠯᠤᠨ ᠵᠢᠯᠤᠭᠤᠳᠬᠤ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠲᠡᠮᠵᠢᠯᠭᠡ ᠶᠢᠨ ᠲᠣᠭᠲᠠᠴᠠ | ᠪᠣᠯ ᠡᠯ᠎ᠡ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯᠲᠡᠳ ᠤᠨ ᠬᠠᠮᠲᠤ ᠪᠠᠷ ᠪᠦᠲᠦᠮᠵᠢᠲᠡᠶ ᠨᠡᠶᠢᠳᠡᠮ ᠬᠡᠷᠡᠭᠯᠡᠬᠦ | ᠠᠷᠭ᠎ᠠ ᠬᠡᠮᠵᠢᠶ᠎ᠡ ᠶᠢ ᠰᠤᠳᠤᠯᠬᠤ ᠪᠠᠷ ᠳᠠᠮᠵᠢᠭᠤᠯᠤᠨ ᠨᠢᠭᠡᠳᠦᠭᠡᠷ ᠹᠷᠣᠨᠲ ᠤᠨ ᠪᠦᠯᠬᠦᠮ ᠨᠡᠶᠢᠲᠡ ᠳᠤ ᠳᠡᠮᠵᠢᠯᠭᠡ | ᠬᠠᠩᠭᠠᠨ᠎ᠠ︔ ᠰᠢᠯᠭᠠᠨ ᠪᠠᠲᠤᠯᠠᠬᠤ ᠲᠣᠭᠲᠠᠴᠠ ᠪᠣᠯ ᠠᠳᠠᠯ ᠠᠬᠤᠢ ᠶᠢᠨ ᠬᠠᠮᠢᠶᠠᠷᠤᠯᠲᠠ ᠶᠢᠨ ᠪᠦᠯᠬᠦᠮ | ᠨᠡᠶᠢᠲᠡ ᠠᠴᠠ ᠲᠣᠭᠲᠠᠭᠰᠠᠨ ᠬᠤᠭᠤᠴᠠᠭᠠᠨ ᠳᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠤᠶᠢᠯᠠᠭᠠᠯᠳᠠ | ᠶᠢᠨ ᠬᠠᠷᠢᠭᠤ ᠲᠤᠰᠬᠠᠯ ᠢ ᠪᠦᠷᠢᠳᠬᠡᠵᠦ᠂ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠪᠦᠳᠦᠮᠵᠢᠳᠦ ᠴᠢᠨᠠᠷ ᠢ ᠰᠢᠯᠭᠠᠨ | ᠪᠠᠲᠤᠯᠠᠨ᠎ᠠ︔ ᠰᠢᠮᠳᠠᠭᠤᠯᠤᠨ ᠵᠢᠯᠤᠭᠤᠳᠬᠤ ᠲᠣᠭᠲᠠᠴᠠ ᠪᠣᠯ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ | ᠠᠰᠠᠭᠤᠨ ᠯᠠᠪᠯᠠᠬᠤ ᠵᠠᠭᠪᠤᠷ ᠢᠶᠠᠷ ᠳᠠᠮᠵᠢᠭᠤᠯᠤᠨ᠂ ᠨᠡᠭᠡᠭᠡᠨ ᠬᠥᠭᠵᠢᠭᠦᠯᠬᠦ᠂ ᠵᠢᠷᠤᠭᠯᠠᠨ ᠲᠥᠯᠥᠪᠯᠡᠬᠦ᠂ ᠪᠠᠷᠢᠯᠭ᠎ᠠ | ᠪᠠᠷᠢᠬᠤ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠤ ᠬᠢᠨᠠᠨ ᠵᠢᠯᠣᠭᠤᠳᠤᠯᠭ᠎ᠠ ᠬᠢᠵᠦ᠂ | ᠮᠡᠷᠭᠡᠵᠢᠯ ᠤᠨ ᠠᠷᠭ᠎ᠠ ᠬᠡᠮᠵᠢᠶ᠎ᠡ ᠶᠢ ᠡᠯ᠎ᠡ ᠭᠤᠭᠴᠤᠭ᠎ᠠ ᠳᠤ ᠪᠦᠳᠦᠮᠵᠢᠳᠡᠢ ᠨᠠᠶᠢᠳᠠᠪᠦᠷᠢᠵᠢᠭᠤᠯᠬᠤ ᠶᠢ ᠦᠨᠡᠨᠬᠦ | ᠪᠠᠲᠤᠯᠠᠬᠤ ᠶᠠᠪᠤᠳᠠᠯ ᠪᠣᠯᠣᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |