ᠣᠯᠠᠨ ᠭᠠᠵᠠᠷ ᠤᠨ ᠬᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠬᠡᠷᠡᠭᠵᠢᠭᠦᠯᠵᠦ ᠣᠷᠣᠨ ᠰᠠᠭᠤᠴᠠ ᠶᠢᠨ ᠬᠡᠷᠡᠭᠯᠡᠭᠡ ᠶᠢ ᠬᠦᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2025/6/11
       6 ᠳ᠋ᠤᠭᠠᠷ ᠰᠠᠷ᠎ᠠ ᠶᠢᠨ 6 ᠤ ᠡᠳᠦᠷ᠂ ᠵᠢᠶᠠᠩᠰᠤ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠵᠢᠶᠠᠩᠰᠤ ᠮᠤᠵᠢ ᠶᠢᠨ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ ᠡᠭᠦᠨ ᠳᠤ ᠨᠥᠬᠦᠴᠡᠯ ᠪᠦᠬᠦᠢ ᠭᠠᠵᠠᠷ ᠣᠷᠣᠨ ᠤ ᠭᠡᠷ ᠬᠤᠳᠠᠯᠳᠤᠨ ᠠᠪᠤᠭᠴᠢ ᠶᠢᠨ ᠡᠴᠢᠭᠡ ᠡᠬᠡ᠂ ᠦᠷ᠎ᠡ ᠬᠡᠦᠬᠡᠳ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠬᠤᠳᠠᠯᠳᠤᠨ ᠠᠪᠬᠤ ᠠᠩᠬᠠᠨ ᠤ ᠲᠥᠯᠥᠪᠦᠷᠢ ᠶᠢ ᠲᠥᠯᠥᠬᠦ ᠶᠢ ᠲᠡᠮᠵᠢᠨ᠎ᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠡᠯᠡᠯᠭᠡ ᠶᠢᠨ ᠨᠦᠬᠦᠴᠡᠯ ᠢ ᠰᠢᠯᠢᠳᠡᠭᠵᠢᠭᠦᠯᠦᠨ᠎ᠡ ᠭᠡᠵᠦ ᠲᠤᠷᠠᠳᠤᠨ ᠭᠠᠷᠭᠠᠪᠠ᠃      ᠬᠡᠷᠡᠭᠯᠡᠭᠡ ᠶᠢ ᠶᠡᠬᠡᠪᠡᠷ ᠬᠥᠭᠵᠢᠭᠡᠵᠦ᠂ ᠣᠷᠣᠨ ᠰᠠᠭᠤᠴᠠ ᠶᠢᠨ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ ᠪᠠᠶᠢᠭ᠎ᠠ ᠠᠬᠤᠢ ᠪᠠᠶᠢᠳᠠᠯ ᠳᠣᠣᠷ᠎ᠠ᠂ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ︽ᠬᠠᠮ ᠠᠷᠭ᠎ᠠ︾ ᠭᠠᠷᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠠᠷ ᠴᠢᠷᠮᠠᠶᠢᠵᠤ ᠪᠠᠶᠢᠨ᠎ᠠ᠃      ᠪᠦᠷᠢᠳᠬᠡᠯ ᠢ ᠦᠨᠳᠦᠰᠦᠯᠡᠪᠡᠯ᠂ 5 ᠳ᠋ᠤᠭᠠᠷ ᠰᠠᠷ᠎ᠠ ᠠᠴᠠ ᠨᠠᠰᠢ᠂ ᠴᠠᠩᠱᠠ᠂ ᠵᠦᠬᠠᠢ᠂ ᠰᠦᠵᠧᠦ ᠵᠡᠷᠭᠡ 20 ᠰᠢᠬᠠᠮ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠵᠡᠷᠭᠡ ᠲᠠᠯ᠎ᠠ ᠳᠤ ᠬᠤᠯᠪᠣᠭᠳᠠᠭᠰᠠᠨ ᠪᠠᠶᠢᠨ᠎ᠠ᠃ ᠵᠢᠱᠢᠶᠡᠯᠡᠪᠡᠯ᠂ ᠨᠠᠨ ᠲᠦᠩ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ 6 ᠳ᠋ᠤᠭᠠᠷ ᠰᠠᠷ᠎ᠠ ᠶᠢᠨ 4 ᠤ ᠡᠳᠦᠷ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 60 ᠲᠦᠮᠡᠨ ᠲᠥᠭᠦᠷᠢᠭ ᠪᠠᠶᠢᠭᠰᠠᠨ ᠠᠴᠠ 70 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠡᠷᠦᠬᠡ ᠪᠦᠷᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 120 ᠲᠦᠮᠡᠨ ᠲᠥᠭᠦᠷᠢᠭ ᠪᠠᠶᠢᠭᠰᠠᠨ ᠠᠴᠠ 140 ᠲᠦᠮᠡᠨ ᠲᠥᠭᠦᠷᠢᠭ ᠪᠣᠯᠭᠠᠨ ᠲᠣᠬᠢᠷᠠᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃       ᠠᠩᠬᠠᠷᠤᠭᠤᠰᠢᠲᠠᠢ ᠨᠢ᠂ ︽ᠮᠡᠳᠡᠭᠳᠡᠯ︾ ᠳᠤ ᠪᠠᠰᠠ ᠴᠢᠳᠠᠪᠤᠷᠢᠲᠠᠨ ᠤ ᠬᠠᠮᠲᠤᠯᠢᠭ ᠤᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠴᠢᠭᠯᠡᠭᠦᠯᠦᠨ᠂ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠭᠰᠠᠨ ᠪᠠᠶᠢᠨ᠎ᠠ᠃ ︽ᠮᠡᠳᠡᠭᠳᠡᠯ︾ ᠳᠤ ᠳᠤᠷᠠᠳᠤᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠯᠪᠠᠨ ᠭᠡᠷ ᠤᠨ ᠮᠠᠭᠠᠳᠯᠠᠨ ᠲᠣᠭᠲᠠᠭᠠᠯᠲᠠ ᠳᠤ ᠨᠡᠶᠢᠴᠡᠬᠦ ᠳᠡᠭᠡᠳᠦ ᠲᠠᠰ ᠤᠨ ᠴᠢᠳᠠᠪᠤᠷᠢᠲᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 280 ᠲᠦᠮᠡᠨ ᠲᠥᠭᠦᠷᠢᠭ /ᠡᠷᠦᠬᠡ ᠪᠤᠯᠭᠠᠨ ᠲᠡᠭᠡᠭᠰᠢᠯᠡᠭᠦᠯᠦᠨ᠎ᠡ ᠭᠡᠵᠡᠢ᠃      ᠴᠠᠩᠱᠠ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ 5 ᠳ᠋ᠤᠭᠠᠷ ᠰᠠᠷ᠎ᠠ ᠶᠢᠨ 30 ᠤ ᠡᠳᠦᠷ ᠨᠡᠶᠢᠲᠡᠯᠡᠭᠰᠡᠨ ︽ᠵᠠᠯᠠᠭᠤ ᠴᠢᠳᠠᠪᠤᠷᠢᠲᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠳᠤ᠂ ᠨᠥᠬᠦᠴᠡᠯ ᠳᠤ ᠨᠡᠶᠢᠴᠡᠬᠦ ᠵᠠᠯᠠᠭᠤ ᠴᠢᠳᠠᠪᠤᠷᠢᠲᠠᠨ ᠤ ︽ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠮᠠᠨ ᠤ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ 1.5 ᠳᠠᠬᠢᠨ ᠪᠣᠯᠲᠠᠯ᠎ᠠ ᠳᠡᠭᠡᠭᠰᠢᠯᠡᠭᠦᠯᠦᠨ᠎ᠡ︾ ᠭᠡᠵᠦ ᠲᠣᠳᠣᠷᠬᠠᠢ ᠳᠤᠷᠠᠳᠤᠨ ᠭᠠᠷᠭᠠᠵᠠᠢ᠃      ᠵᠦᠩ ᡁᠢ ᠰᠤᠳᠤᠯᠭᠠᠨ ᠤ ᠬᠦᠷᠢᠶᠡᠯᠡᠩ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠡᠷᠦᠩᠬᠡᠢ ᠬᠢᠨᠠᠭᠴᠢ ᠴᠧᠨ ᠸᠧᠨ ᠵᠢᠩ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠳᠡᠭᠡᠳᠦ ᠬᠢᠵᠠᠭᠠᠷ ᠢ ᠳᠡᠭᠡᠭᠰᠢᠯᠡᠭᠦᠯᠬᠦ ᠨᠢ ᠨᠥᠬᠦᠴᠡᠯ ᠳᠤ ᠨᠡᠶᠢᠴᠡᠬᠦ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠳᠠᠯ ᠦᠢᠯᠡᠰ ᠴᠣᠭᠴᠠᠯᠠᠬᠤ ᠥᠪᠡᠷ ᠤᠨ ᠥᠷᠲᠡᠭ ᠢ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠳᠡᠪᠬᠢᠵᠢᠯ ᠢ ᠳᠡᠭᠡᠭᠰᠢᠯᠡᠭᠦᠯᠬᠦ ᠳᠤ ᠠᠰᠢᠭᠳᠠᠢ ᠭᠡᠵᠦ ᠦᠵᠡᠵᠦ ᠪᠠᠶᠢᠨ᠎ᠠ᠃       ᠡᠭᠦᠨ ᠠᠴᠠ ᠭᠠᠳᠠᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠠᠩᠬ᠎ᠠ ᠲᠤᠰᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠭᠡᠷ ᠪᠠᠶᠢᠰᠢᠩ ᠬᠤᠳᠠᠯᠳᠤᠨ ᠠᠪᠬᠤ ᠬᠡᠷᠡᠭᠯᠡᠭᠡ ᠶᠢ ᠲᠡᠮᠵᠢᠵᠦ ᠪᠠᠶᠢᠨ᠎ᠠ᠃ ᠱᠧᠨᠵᠧᠨ ᠬᠤᠲᠠ ᠶᠢᠨ 6 ᠳ᠋ᠤᠭᠠᠷ ᠰᠠᠷ᠎ᠠ ᠶᠢᠨ 6 ᠤ ᠡᠳᠦᠷ ᠨᠡᠶᠢᠲᠡᠯᠡᠭᠰᠡᠨ ︽ᠱᠧᠨᠵᠧᠨ ᠬᠤᠲᠠ ᠶᠢᠨ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠳᠤ ᠳᠤᠷᠠᠳᠤᠭᠰᠠᠨ ᠨᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠲᠣᠰ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠨᠥᠬᠦᠴᠡᠯ ᠳᠤ ᠨᠡᠶᠢᠴᠡᠪᠡᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ  ᠨᠢᠭᠡᠯᠡ ᠤᠳᠠᠭ᠎ᠠ ᠳᠤ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠵᠣᠭᠤᠰ ᠢ ᠲᠥᠯᠥᠬᠦ ᠳᠤ ᠬᠡᠷᠡᠭᠯᠡᠵᠦ ᠪᠣᠯᠣᠨ᠎ᠠ ᠭᠡᠵᠡᠢ᠃      ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠠᠨ ᠶᠦᠸᠧ ᠶᠢᠨ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬᠠᠨ ᠤ ᠲᠥᠯᠥᠪᠦᠷᠢ ᠶᠢ ᠲᠥᠯᠥᠬᠦ ᠶᠢ ᠵᠥᠪᠰᠢᠶᠡᠷᠡᠬᠦ ᠨᠢ ᠭᠡᠷ ᠪᠠᠶᠢᠰᠢᠩ ᠬᠤᠳᠠᠯᠳᠤᠨ ᠠᠪᠬᠤ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠠᠷᠠᠯᠵᠢᠶ᠎ᠠ ᠶᠢ ᠠᠬᠢᠭᠤᠯᠬᠤ ᠳᠤ ᠠᠰᠢᠭᠲᠠᠢ ᠭᠡᠵᠦ ᠦᠵᠡᠵᠦ ᠪᠠᠶᠢᠨ᠎ᠠ᠃       ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠬᠤ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠭᠡᠷ ᠲᠦᠷᠢᠶᠡᠰᠦᠯᠡᠬᠦ ᠬᠡᠷᠡᠭᠯᠡᠭᠡ ᠶᠢ ᠳᠡᠮᠵᠢᠬᠦ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠨᠡᠮᠡᠭᠳᠡᠭᠦᠯᠵᠦ ᠪᠠᠶᠢᠨ᠎ᠠ᠃ ᠱᠧᠨᠵᠧᠨ ᠤ ᠨᠡᠶᠢᠲᠡᠯᠡᠭᠰᠡᠨ ︽ᠬᠡᠷᠡᠭᠵᠢᠭᠦᠯᠬᠦ ᠲᠥᠰᠥᠯ︾ ᠳᠤ ᠳᠤᠷᠠᠳᠤᠭᠰᠠᠨ ᠨᠢ᠂ ᠲᠤᠰᠢᠶᠠᠨ ᠬᠠᠳᠠᠭᠠᠯᠠᠭᠤᠯᠤᠭᠰᠠᠨ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠲᠣᠰ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠦᠭᠡᠢ ᠪᠤᠯ 2025 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ ᠳᠤ ᠬᠡᠷᠡᠭᠯᠡᠵᠦ ᠪᠤᠯᠤᠨ᠎ᠠ᠂ ᠰᠠᠷ᠎ᠠ ᠪᠦᠷᠢ ᠶᠢᠨ ᠭᠠᠷᠭᠠᠨ ᠠᠪᠴᠤ ᠪᠣᠯᠬᠤ ᠲᠤᠭ᠎ᠠ ᠶᠢ ᠲᠣᠰ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠣᠭᠠᠨ ᠤ 65% ᠪᠠᠶᠢᠭᠰᠠᠨ ᠠᠴᠠ 80 % ᠪᠣᠯᠭᠠᠨ ᠳᠡᠭᠡᠭᠰᠢᠯᠡᠭᠦᠯᠦᠨ᠎ᠡ ᠭᠡᠵᠡᠢ᠃       ᠣᠶᠢᠷ᠎ᠠ ᠶᠢᠨ ᠵᠢᠯ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠵᠤ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢᠶᠠᠨ ᠰᠢᠢᠳᠪᠦᠷᠢᠯᠡᠬᠦ ᠶᠢ ᠳᠡᠮᠵᠢᠬᠦ ᠡᠷᠴᠢᠮ ᠢ ᠲᠠᠰᠤᠷᠠᠯᠳᠠ ᠦᠭᠡᠢ ᠴᠢᠩᠭᠠᠳᠬᠠᠵᠦ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠦᠷᠦᠭᠦᠬᠡᠨ ᠨᠡᠶᠢᠲᠡᠯᠡᠭᠰᠡᠨ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2024 ᠣᠨ ᠤ ᠣᠨ ᠤ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2024 ᠣᠨ ᠳᠤ ᠨᠡᠶᠢᠲᠡ 2257.44 ᠲᠦᠮᠡᠨ ᠬᠥᠮᠥᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ 2720.57 ᠳ᠋ᠦᠩᠰᠢᠭᠤᠷ ᠲᠥᠭᠦᠷᠢᠭ ᠭᠠᠷᠭᠠᠨ ᠠᠪᠴᠤ ᠲᠦᠷᠢᠶᠡᠰᠦᠨ ᠣᠷᠣᠨ ᠰᠠᠭᠤᠴᠠ ᠳᠤ ᠬᠡᠷᠡᠭᠯᠡᠪᠡ᠂ ᠡᠨᠡ ᠨᠢ ᠲᠦᠷᠦᠭᠦᠸ ᠵᠢᠯ ᠤᠨ  ᠬᠢ ᠠᠴᠠ ᠲᠣᠰ ᠲᠣᠰ 22.28% ᠪᠠ 33.93% ᠪᠠᠷ ᠨᠡᠮᠡᠭᠳᠡᠭᠰᠡᠨ ᠪᠠᠶᠢᠨ᠎ᠠ᠃      ᠶᠠᠨ ᠶᠦᠸᠧ ᠶᠢᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠲᠦᠷᠢᠶᠡᠰᠦᠨ ᠣᠷᠣᠨ ᠰᠠᠭᠤᠴᠠ ᠳᠤ ᠬᠡᠷᠡᠭᠯᠡᠬᠦ ᠶᠢ ᠳᠡᠮᠵᠢᠬᠦ ᠪᠣᠯ ᠮᠥᠨ ᠴᠦ ᠣᠷᠣᠨ ᠰᠠᠭᠤᠴᠠ ᠶᠢᠨ ᠬᠡᠷᠡᠭᠯᠡᠭᠡ ᠶᠢ ᠬᠥᠭᠵᠢᠭᠡᠬᠦ ᠴᠢᠬᠤᠯᠠ ᠭᠤᠭᠴᠤᠭ᠎ᠠ ᠮᠥᠨ᠂ ᠡᠯ᠎ᠡ ᠭᠠᠵᠠᠷ ᠤᠨ ᠬᠢᠨ ᠲᠣᠰ ᠬᠦᠷᠢᠶᠡᠨ ᠳᠤ ᠦᠷᠭᠦᠯᠵᠢᠯᠡᠨ ᠬᠦᠴᠦᠯᠡᠬᠦ ᠬᠡᠷᠡᠭᠳᠡᠢ ᠲᠠᠢ ᠪᠠᠶᠢᠨ᠎ᠠ ᠭᠡᠵᠦ ᠢᠯᠡᠷᠬᠡᠶᠢᠯᠡᠪᠡ᠃ ᠴᠧᠨ ᠸᠧᠨ ᠵᠢᠩ ᠂ 6 ᠳ᠋ᠤᠭᠠᠷ ᠰᠠᠷ᠎ᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠭᠤᠵᠢᠭᠤ ᠪᠠᠶᠢᠯᠭᠠᠨ᠎ᠠ᠂ ᠬᠤᠶᠢᠰᠢᠳᠠ ᠨᠠᠩ ᠣᠯᠠᠨ ᠬᠤᠲᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠳᠡᠮᠵᠢᠯᠭᠡ ᠵᠡᠷᠭᠡ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠪᠤᠯᠤᠨ᠎ᠠ ᠭᠡᠵᠦ ᠵᠢᠱᠢᠵᠦ ᠪᠠᠶᠢᠨ᠎ᠠ᠃ ᠢᠷᠡᠯᠲᠡ᠄ ᠦᠨᠡᠳᠦ ᠲᠡᠮᠳᠡᠭᠲᠦ ᠶᠢᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1