ᠤᠳᠤᠬᠠᠨ ᠳᠤ᠂ ᠮᠠᠨ ᠤ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠵᠢᠯ ᠤᠨ | ᠭᠠᠷᠤᠯᠲᠠ ᠶᠢᠨ ᠬᠡᠮᠵᠢᠶ᠎ᠡ 20 ᠭᠠᠷᠤᠢ ᠳ᠋ᠦᠩᠰᠢᠭᠤᠷ ᠲᠣᠨ ᠳᠤ ᠬᠦᠷᠴᠦ᠂ ᠬᠡᠰᠡᠭ ᠪᠠᠷᠢᠯᠭ᠎ᠠ ᠶᠢᠨ ᠬᠤᠭ ᠨᠣᠪᠰᠢ ᠶᠢ | ᠠᠰᠢᠭᠯᠠᠨ ᠰᠢᠢᠳᠪᠦᠷᠢᠯᠡᠬᠦ ᠣᠷᠣᠨ ᠵᠠᠢ ᠳᠤᠲᠠᠭᠳᠠᠵᠤ᠂ ᠬᠠᠤᠯᠢ ᠲᠣᠭᠲᠠᠭᠠᠯ ᠢ ᠵᠥᠷᠢᠴᠡᠨ ᠬᠠᠶᠠᠵᠤ ᠤᠪᠤᠭᠠᠯᠠᠬᠤ | ᠠᠰᠠᠭᠤᠳᠠᠯ ᠮᠥᠨ ᠯᠡ ᠪᠠᠶᠢᠨ ᠳᠠᠬᠢᠨ ᠭᠠᠷᠴᠤ ᠪᠠᠶᠢᠨ᠎ᠠ᠃ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ | ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ | ᠢ ᠤᠯᠠᠮᠵᠢᠯᠠᠨ ᠲᠠᠷᠬᠠᠭᠠᠵᠤ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠳᠤ ᠪᠣᠳᠠᠲᠠᠢ | ᠪᠠᠶᠢᠷᠢᠯᠠᠭᠤᠯᠤᠯᠲᠠ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ ᠣᠶᠢᠯᠠᠭᠠᠨ ᠡᠵᠡᠮᠰᠢᠵᠦ᠂ ︽ᠰᠠᠨᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠡᠵᠡᠮᠰᠢᠭᠦᠯᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ︽ᠰᠠᠨᠠᠯ︾ ᠤᠨ ᠲᠤᠬᠠᠢ ᠲᠠᠶᠢᠯᠤᠮᠵᠢ ᠬᠢᠪᠡ᠃ | ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ | ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠡᠷᠦᠩᠬᠡᠢ ᠱᠦᠵᠢ | ᠰᠢ ᠶᠢᠨ ᠫᠢᠩ ᠤᠷᠢᠳ ᠬᠤᠵᠢᠳ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠭᠦᠭᠰᠡᠨ ᠪᠠᠶᠢᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ | ᠬᠢᠨ ᠤ ᠪᠠᠷᠢᠯᠭ᠎ᠠ ᠶᠢᠨ ᠬᠤᠭ ᠨᠤᠪᠰᠢ ᠶᠢᠨ ᠵᠠᠰᠠᠯᠳᠠ ᠶᠢᠨ ᠠᠵᠢᠯ ᠢ ᠲᠦᠯᠬᠢᠨ ᠠᠬᠢᠭᠤᠯᠪᠠ᠃ ᠨᠢᠭᠡ ᠳᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠶᠢ ᠲᠦᠯᠬᠢᠨ | ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠭᠠᠷᠭᠠᠬᠤ᠂ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ | ᠠᠰᠢᠭᠯᠠᠬᠤ ᠪᠠ ᠰᠢᠢᠳᠪᠦᠷᠢᠯᠡᠬᠦ ᠪᠦᠬᠦ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠰᠬᠠᠢ ᠲᠣᠭᠲᠠᠭᠠᠯ ᠢ | ᠨᠡᠮᠡᠨ ᠲᠣᠭᠲᠠᠭᠠᠵᠤ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠬᠠᠤᠯᠢ ᠳᠦᠷᠢᠮ ᠤᠨ ᠰᠠᠭᠤᠷᠢ ᠶᠢ ᠪᠠᠳᠤᠳᠬᠠᠪᠠ᠃ | ᠬᠤᠶᠠᠷ ᠲᠤ᠂ 35 ᠬᠤᠳᠠ ᠶᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢᠨ | ᠠᠷᠭ᠎ᠠ ᠬᠡᠯᠪᠡᠷᠢ ᠶᠢ ᠰᠦᠪᠡᠭᠴᠢᠯᠡᠨ ᠴᠢᠩᠭᠠᠳᠬᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ | ᠵᠠᠰᠠᠯᠲᠠ ᠶᠢᠨ ᠲᠤᠷᠰᠢᠯᠭ᠎ᠠ ᠶᠢ ᠪᠦᠷᠢᠯᠳᠦᠭᠦᠯᠪᠡ᠃ ᠭᠤᠷᠪᠠ ᠳᠤ᠂ ︽ᠪᠠᠷᠢᠯᠭ᠎ᠠ ᠶᠢᠨ ᠬᠤᠭ ᠨᠣᠪᠰᠢ ᠶᠢᠨ | ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠵᠦ᠂ ᠡᠯ᠎ᠡ | ᠭᠠᠵᠠᠷ ᠢ ᠵᠢᠯᠣᠭᠤᠳᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠵᠣᠬᠢᠶᠠᠨ | ᠪᠠᠶᠢᠭᠤᠯᠤᠯᠲᠠ ᠶᠢᠨ ᠵᠠᠭᠪᠤᠷ ᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠪᠤᠴᠠ ᠳᠤ ᠪᠠᠷᠢᠯᠭ᠎ᠠ ᠶᠢᠨ ᠬᠤᠭ ᠨᠣᠪᠰᠢ ᠶᠢᠨ ᠡᠭᠦᠰᠬᠦ ᠪᠠ ᠭᠠᠳᠠᠭᠰᠢᠯᠠᠭᠤᠯᠬᠤ ᠶᠢ | ᠪᠠᠭᠠᠰᠬᠠᠪᠠ᠃ ᠳᠥᠷᠪᠡ ᠳᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ | ᠠᠬᠢᠭᠤᠯᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠳᠡᠮᠵᠢᠯᠭᠡ ᠶᠢ | ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠳᠦ ᠤᠷᠳᠤ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠵᠤ᠂ ᠡᠬᠢ | ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ 92 ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠪᠡ᠃ ᠲᠠᠪᠤ ᠳᠤ᠂ ᠨᠢᠳᠤᠨᠤᠨ ᠤ ᠵᠢᠯ ᠤᠨ ᠡᠴᠦᠰ ᠲᠤ ᠪᠥᠬᠦ ᠤᠯᠤᠰ ᠤᠨ ᠬᠡᠪᠴᠢᠶᠡᠨ ᠳᠤ 3 ᠰᠠᠷ᠎ᠠ ᠶᠢᠨ | ᠬᠤᠭᠤᠴᠠᠭ᠎ᠠ ᠲᠠᠢ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠪᠠᠷᠢᠯᠭ᠎ᠠ ᠶᠢᠨ ᠬᠤᠭ ᠨᠣᠪᠰᠢ ᠶᠢ | ᠰᠢᠢᠳᠪᠦᠷᠢᠯᠡᠬᠦ ᠡᠯ᠎ᠡ ᠵᠠᠩᠭᠢᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠦᠭᠪᠡ᠃ ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ ᠳᠤ᠂ ᠪᠥᠬᠦ ᠤᠯᠤᠰ ᠲᠤ ᠬᠠᠤᠯᠢ ᠶᠢ | ᠵᠥᠷᠢᠴᠡᠨ ᠬᠤᠭ ᠨᠤᠪᠰᠢ ᠶᠢ ᠰᠢᠢᠳᠪᠦᠷᠢᠯᠡᠭᠰᠡᠨ ᠬᠡᠷᠡᠭ 1900 ᠭᠠᠷᠤᠢ᠂ ᠬᠠᠤᠯᠢ ᠶᠢ ᠵᠥᠷᠢᠴᠡᠨ ᠬᠤᠭ ᠨᠤᠪᠰᠢ | ᠬᠡᠷᠡᠭ ᠲᠡᠭᠡᠭᠡᠪᠦᠷᠢᠯᠡᠭᠰᠡᠨ ᠬᠡᠷᠡᠭ 3.5 ᠲᠦᠮᠡ᠂ ᠬᠠᠤᠯᠢ ᠶᠢ ᠵᠥᠷᠢᠴᠡᠨ ᠬᠤᠭ ᠨᠤᠪᠰᠢ ᠬᠠᠶᠠᠵᠤ ᠤᠪᠤᠭᠠᠯᠠᠭᠰᠠᠨ | ᠴᠡᠭ ᠢ 3100 ᠭᠠᠷᠤᠢ ᠪᠠᠶᠢᠴᠠᠭᠠᠨ ᠰᠢᠢᠳᠪᠦᠷᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ | ᠬᠠᠶᠠᠬᠤ᠂ ᠡᠮᠬᠢ ᠵᠢᠷᠤᠮ ᠦᠭᠡᠢ ᠪᠠᠷ ᠣᠪᠣᠭᠠᠯᠠᠵᠤ ᠲᠠᠯᠪᠢᠬᠤ ᠣᠯᠠᠨ ᠡᠭᠦᠰᠬᠦ ᠪᠠ ᠪᠠᠶᠢᠨ ᠳᠠᠬᠢᠨ ᠡᠭᠦᠰᠬᠦ | ᠬᠠᠨᠳᠤᠰᠢ ᠶᠢ ᠪᠦᠲᠦᠮᠵᠢᠲᠡᠶ ᠬᠤᠷᠢᠭᠯᠠᠪᠠ᠃ | ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ | ᠠᠵᠢᠯ ᠵᠣᠬᠢᠬᠤ ᠠᠬᠢᠴᠠ ᠪᠠ ᠦᠷ᠎ᠡ ᠪᠦᠲᠦᠮᠵᠢ ᠤᠯᠵᠠᠢ᠂ ᠭᠡᠪᠡᠴᠦ ᠣᠳᠣᠬᠠᠨ ᠤ ᠵᠠᠰᠠᠯᠲᠠ ᠶᠢᠨ ᠠᠵᠢᠯ ᠪᠠᠰᠠ | ᠡᠬᠢᠯᠡᠯᠲᠡ ᠶᠢᠨ ᠱᠠᠲᠤᠨ ᠳᠤ ᠣᠷᠣᠰᠢᠵᠤ᠂ ᠡᠯ᠎ᠡ ᠭᠠᠵᠠᠷ ᠲᠤ ᠮᠥᠨ ᠬᠦ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠲᠠᠯ᠎ᠠ ᠪᠠᠷ ᠬᠦᠷᠦᠯᠴᠡᠬᠦ ᠦᠭᠡᠢ᠂ ᠰᠢᠢᠳᠪᠦᠷᠢᠯᠡᠬᠦ ᠴᠢᠳᠠᠪᠤᠷᠢ ᠲᠤᠷᠤᠢ᠂ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠪᠠᠷᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠪᠢᠳᠡ | ᠰᠡᠷᠭᠡᠭ ᠢᠶᠠᠷ ᠲᠠᠨᠢᠵᠤ ᠤᠯᠬᠤ ᠬᠡᠷᠡᠭᠳᠡᠢ᠂ ᠡᠶᠢᠮᠦ ᠠᠴᠠ ᠪᠢᠳᠡ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ | ᠦᠷᠭᠦᠯᠵᠢᠯᠡᠨ ᠲᠦᠯᠬᠢᠨ ᠠᠬᠢᠭᠤᠯᠵᠤ᠂ ᠪᠣᠳᠠᠲᠠᠢ ᠶᠢ ᠡᠷᠬᠢᠮᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠠᠴᠠ ᠨᠢ ᠲᠦᠯᠬᠢᠨ ᠠᠬᠢᠭᠤᠯᠬᠤ ᠴᠢᠬᠤᠯᠠᠲᠠᠢ ᠶᠤᠮ᠃ ᠡᠭᠦᠨ ᠤ | ᠲᠤᠯᠠᠳᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠥᠬᠦ ᠤᠯᠤᠰ ᠤᠨ | ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠ | ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ | ᠬᠤᠯᠪᠣᠭᠳᠠᠯ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠬᠢᠨᠠᠮᠠᠭᠠᠢ ᠡᠮᠬᠢᠯᠡᠨ ᠳᠢᠭᠯᠡᠵᠦ | ᠂ ᠡᠮᠦᠨᠡᠬᠢ ᠬᠤᠭᠤᠴᠠᠭᠠᠨ ᠤ ᠡᠯ᠎ᠡ ᠭᠠᠵᠠᠷ ᠤᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠤᠨ ᠪᠠᠶᠢᠴᠠᠭᠠᠨ | ᠰᠤᠳᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ︽ᠰᠠᠨᠠᠯ︾ ᠤᠨ ᠡᠬᠡ ᠨᠣᠣᠷᠠᠭ ᠢ ᠪᠣᠶ ᠪᠣᠯᠭᠠᠪᠠ᠃ | ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ᠂ ᠮᠤᠵᠢ ᠶᠢᠨ ᠱᠠᠲᠤᠨ ᠤ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ᠂ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠰᠡᠭ ᠬᠤᠲᠠ ᠶᠢᠨ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠤ ᠰᠠᠨᠠᠯ ᠢ ᠣᠯᠠᠨ | ᠤᠳᠠᠭ᠎ᠠ ᠬᠤᠷᠢᠶᠠᠭᠠᠳ᠂ ᠬᠤᠯᠪᠣᠭᠳᠠᠯ ᠪᠦᠬᠦᠢ ᠲᠠᠰ ᠳᠠᠷᠠᠭᠠᠯᠠᠯ ᠤᠨ ᠶᠣᠰᠣᠭᠠᠷ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠵᠦᠪᠰᠢᠶᠡᠷᠡᠭᠦᠯᠦᠭᠡᠳ ︽ᠰᠠᠨᠠᠯ︾ ᠢ ᠳᠠᠮᠵᠢᠭᠤᠯᠤᠨ ᠲᠠᠷᠬᠠᠭᠠᠪᠠ᠃ | ︽ᠰᠠᠨᠠᠯ︾ ᠪᠣᠯ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠲᠤᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ ᠬᠤᠶᠢᠰᠢᠳᠠ ᠶᠢᠨ ᠨᠢᠭᠡ ᠱᠠᠲᠤᠨ ᠤ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠶᠢ ᠲᠦᠯᠬᠢᠨ ᠠᠬᠢᠭᠤᠯᠬᠤ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ | ᠮᠥᠨ᠂ ᠡᠨᠡ ᠨᠢ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠶᠡᠷᠦᠩᠬᠡᠢ ᠱᠠᠭᠠᠷᠳᠠᠯᠭ᠎ᠠ ᠪᠠ ᠬᠠᠷᠠᠯᠲᠠ | ︽ᠰᠠᠨᠠᠯ︾ ᠳᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠶᠡᠷᠦᠩᠬᠡᠢ ᠱᠠᠭᠠᠷᠳᠠᠯᠭ᠎ᠠ ᠶᠢ | ᠲᠣᠳᠣᠷᠬᠠᠢ ᠲᠣᠭᠲᠠᠭᠠᠪᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ | ᠬᠤᠳᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ᠂ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ᠂ ᠵᠠᠰᠠᠯᠳᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠣᠷ ᠥᠭᠡᠶᠢᠵᠢᠬᠦᠯᠬᠦ ᠶᠢ ᠲᠦᠯᠬᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠤᠯᠤᠨ᠎ᠠ᠃ | | ︽ᠰᠠᠨᠠᠯ︾ ᠳᠤ ︽ᠳᠥᠷᠪᠡ ᠶᠢ ᠤᠶᠠᠯᠳᠤᠭᠤᠯᠬᠤ︾ ᠵᠠᠷᠴᠢᠮ ᠢ ᠳᠤᠷᠠᠳᠤᠨ ᠭᠠᠷᠭᠠᠪᠠ᠃ ᠨᠢᠭᠡ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ | ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠤᠮᠳᠠᠬᠢ ᠲᠣᠪᠣᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ᠂ ᠬᠠᠤᠯᠢ ᠴᠠᠭᠠᠵᠠ᠂ ᠠᠵᠤ ᠠᠬᠤᠢ ᠵᠡᠷᠭᠡ | ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠪᠠᠷᠢᠯᠭ᠎ᠠ ᠶᠢᠨ ᠬᠤᠭ ᠨᠣᠪᠰᠢ ᠶᠢᠨ ᠡᠯ᠎ᠡ ᠭᠤᠭᠴᠤᠭ᠎ᠠ ᠶᠢᠨ | ᠵᠢᠷᠤᠮᠵᠢᠭᠰᠠᠨ ᠬᠠᠮᠢᠶᠠᠷᠤᠯᠲᠠ ᠶᠢ ᠬᠠᠮᠵᠢᠯᠴᠠᠨ ᠠᠬᠢᠭᠤᠯᠵᠤ᠂ ᠵᠠᠰᠠᠬᠤ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠦᠨ᠂ ᠬᠤᠲᠠ ᠶᠢᠨ ᠠᠵᠢᠯᠯᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠤᠶᠠᠷ ᠲᠤ᠂ ᠬᠠᠳᠠᠭᠠᠯᠠᠯᠲᠠ ᠶᠢ ᠵᠠᠰᠠᠬᠤ ᠪᠠ ᠨᠡᠮᠡᠭᠳᠡᠯ ᠬᠡᠮᠵᠢᠶ᠎ᠡ ᠶᠢ ᠬᠢᠵᠠᠭᠠᠷᠯᠠᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠎ᠠ᠃ ᠣᠲᠣ ᠶᠢᠨ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠵᠤ | ᠬᠠᠳᠠᠭᠠᠯᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠂ ᠣᠶᠢᠷ᠎ᠠ ᠬᠠᠪᠢ ᠳᠠᠭᠠᠨ ᠠᠰᠢᠭᠯᠠᠬᠤ ᠪᠠ ᠠᠮᠤᠷ | ᠲᠦᠪᠰᠢᠨ ᠢᠶᠠᠷ ᠰᠢᠢᠳᠪᠦᠷᠢᠯᠡᠬᠦ ᠶᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠥᠷᠨᠢᠭᠦᠯᠵᠦ᠂ | ᠲᠦᠭᠰᠢᠭᠦᠷᠢ ᠶᠢᠨ ᠳᠠᠯᠳᠠ ᠬᠡᠮ ᠢ ᠡᠮᠬᠢ ᠵᠢᠷᠤᠮ ᠲᠠᠢ ᠠᠷᠢᠯᠭᠠᠨ᠎ᠠ︔ ᠪᠠᠷᠢᠯᠭ᠎ᠠ ᠶᠢᠨ ᠬᠤᠭ ᠨᠣᠪᠰᠢ ᠶᠢ ᠡᠬᠢ | ᠡᠭᠦᠰᠦᠯ ᠠᠴᠠ ᠨᠢ ᠪᠠᠭᠠᠰᠬᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠳᠠᠭᠰᠢᠯᠠᠭᠤᠯᠬᠤ | ᠡᠷᠴᠢᠮ ᠢ ᠪᠠᠭᠤᠷᠠᠭᠤᠯᠤᠨ᠂ ᠨᠡᠮᠡᠭᠳᠡᠯ ᠤᠨ ᠬᠠᠨᠳᠤᠰᠢ ᠶᠢ ᠪᠦᠲᠦᠮᠵᠢᠲᠡᠶ ᠬᠢᠵᠠᠭᠠᠷᠯᠠᠨ᠎ᠠ᠃ ᠭᠤᠷᠪᠠ ᠳᠤ᠂ | ᠪᠦᠲᠦᠮᠵᠢᠲᠡᠶ ᠪᠠᠷ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ | ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠳᠦᠷᠢᠮ ᠢ ᠬᠡᠷᠡᠭᠵᠢᠭᠦᠯᠵᠦ᠂ ᠡᠯ᠎ᠡ | ᠲᠥᠷᠥᠯ ᠤᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠶᠢᠯᠠᠨ᠂ ᠡᠯ᠎ᠡ ᠲᠥᠷᠥᠯ ᠤᠨ | ᠰᠢᠢᠳᠪᠦᠷᠢᠯᠡᠬᠦ ᠪᠡᠯᠡᠳᠬᠡᠮᠵᠢ ᠶᠢᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠪᠠᠷᠢᠯᠭ᠎ᠠ ᠶᠢᠨ ᠬᠤᠭ ᠨᠣᠪᠰᠢ ᠶᠢ | ᠰᠢᠢᠳᠪᠦᠷᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠬᠢ ᠪᠠᠶᠠᠯᠢᠭᠵᠢᠭᠤᠯᠤᠨ ᠠᠰᠢᠭᠯᠠᠬᠤ | ᠦᠢᠯᠡᠳᠬᠦᠨ ᠤ ᠬᠡᠷᠡᠭᠯᠡᠭᠡᠨ ᠤ ᠠᠷᠭ᠎ᠠ ᠵᠠᠮ ᠢ ᠥᠷᠭᠡᠳᠬᠡᠨ᠂ ᠬᠡᠷᠡᠭᠯᠡᠵᠦ ᠪᠤᠯᠬᠤ ᠪᠦᠬᠦᠨ ᠢ ᠴᠦᠮ ᠢ ᠬᠡᠷᠡᠭᠯᠡᠬᠦ ᠶᠢ | ᠪᠡᠶᠡᠯᠡᠭᠦᠯᠦᠨ᠎ᠡ᠃ ᠳᠥᠷᠪᠡ ᠳᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ ᠪᠠ ᠨᠡᠶᠢᠭᠡᠮ ᠨᠡᠶᠢᠳᠡ ᠪᠠᠷ | ᠣᠷᠣᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ | ᠪᠠᠳᠠᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠡᠯᠡᠳᠬᠡᠮᠵᠢ ᠶᠢ ᠲᠥᠯᠥᠪᠵᠢᠭᠦᠯᠦᠨ ᠪᠦᠲᠦᠭᠡᠨ | ᠪᠠᠶᠢᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠬᠦᠨ ᠢ ᠲᠡᠯᠭᠡᠷᠡᠭᠦᠯᠦᠨ ᠬᠡᠷᠡᠭᠯᠡᠬᠦ ᠶᠢ ᠨᠢᠭᠡᠳᠦᠯᠳᠡᠢ | ᠲᠦᠯᠦᠪᠵᠢᠭᠦᠯᠦᠨ᠂ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠢᠳᠡᠪᠬᠢᠵᠢᠯ ᠢ | ᠲᠠᠶᠢᠴᠢᠯᠠᠨ᠂ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠬᠤ ᠪᠠ ᠰᠢᠢᠳᠪᠦᠷᠢᠯᠡᠬᠦ ᠶᠢ ᠵᠢᠷᠤᠮᠵᠢᠭᠤᠯᠬᠤ᠂ ᠠᠵᠤ | ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ︽ᠰᠠᠨᠠᠯ︾ ᠳᠤ᠂ 2027 ᠣᠨ ᠤ ᠵᠢᠯ ᠤᠨ ᠡᠴᠦᠰ ᠪᠤᠯᠳᠠᠯ᠎ᠠ᠂ ᠡᠯ᠎ᠡ ᠭᠠᠵᠠᠷ ᠤᠨ ᠬᠢᠨ ᠬᠤᠲᠠ ᠶᠢᠨ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ | ᠬᠠᠮᠢᠶᠠᠷᠤᠯᠲᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠦᠨ᠂ | ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠬᠤᠯᠠᠭᠠᠶᠢᠯᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠬᠠᠶᠠᠬᠤ ᠠᠰᠠᠭᠤᠳᠠᠯ ᠢ ᠪᠦᠲᠦᠮᠵᠢᠲᠡᠶ | ᠬᠤᠷᠢᠭᠯᠠᠨ ᠵᠣᠭᠰᠣᠭᠠᠵᠤ᠂ ᠪᠥᠬᠦ ᠤᠯᠤᠰ ᠤᠨ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ | ᠬᠤᠲᠠ ᠶᠢᠨ ᠳᠤᠮᠳᠠᠴᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ | ᠂ ᠪᠠᠷᠢᠯᠭ᠎ᠠ ᠶᠢᠨ ᠬᠤᠭ ᠨᠣᠪᠰᠢ ᠶᠢ ᠪᠦᠲᠦᠮᠵᠢᠲᠡᠶ ᠵᠠᠰᠠᠬᠤ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠣᠶ ᠪᠣᠯᠭᠠᠬᠤ | ᠬᠡᠷᠡᠭᠲᠡᠢ ᠭᠡᠵᠦ ᠲᠤᠷᠠᠳᠤᠨ ᠭᠠᠷᠭᠠᠪᠠ᠃ | ᠭᠤᠣᠯ ᠠᠭᠤᠯᠭ᠎ᠠ | ︽ᠰᠠᠨᠠᠯ︾ ᠳᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠪᠣᠶ ᠪᠣᠯᠭᠠᠬᠤ᠂ ᠴᠤᠭᠯᠠᠭᠤᠯᠬᠤ᠂ | ᠬᠠᠳᠠᠭᠠᠯᠠᠬᠤ᠂ ᠲᠡᠭᠡᠭᠡᠪᠦᠷᠢᠯᠡᠬᠦ᠂ ᠠᠰᠢᠭᠯᠠᠬᠤ ᠪᠠ ᠰᠢᠢᠳᠪᠦᠷᠢᠯᠡᠬᠦ ᠡᠯ᠎ᠡ ᠭᠤᠭᠴᠤᠭ᠎ᠠ ᠳᠤ ᠪᠣᠳᠠᠲᠠᠢ | ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠪᠠ᠃ | ᠨᠢᠭᠡ ᠳᠤ᠂ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠣᠳᠣᠬᠠᠨ ᠳᠤ᠂ ᠣᠯᠠᠩᠬᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠪᠣᠶ ᠪᠣᠯᠤᠭᠰᠠᠨ ᠪᠠᠷᠢᠯᠭ᠎ᠠ ᠶᠢᠨ ᠬᠤᠭ | ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠨᠢ ᠢᠯᠡᠷᠬᠡᠢ ᠪᠢᠰᠢ᠂ ᠪᠠᠷᠢᠯᠭ᠎ᠠ ᠶᠢᠨ ᠲᠤᠬᠠᠢ ᠶᠢᠨ | ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠦ᠂ ᠵᠠᠰᠠᠵᠤ ᠴᠢᠮᠡᠭᠯᠡᠬᠦ ᠬᠤᠭ ᠨᠣᠪᠰᠢ ᠶᠢ ᠬᠠᠶᠠᠬᠤ᠂ ᠬᠤᠷᠢᠶᠠᠨ | ᠲᠡᠭᠡᠭᠡᠪᠦᠷᠢᠯᠡᠬᠦ ᠬᠠᠮᠢᠶᠠᠷᠤᠯᠲᠠ ᠶᠢ ᠴᠤ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠢ ᠪᠠᠶᠢᠨ᠎ᠠ᠃ ︽ᠰᠠᠨᠠᠯ︾ | ᠳᠤ᠂ ᠡᠯ᠎ᠡ ᠭᠠᠵᠠᠷ ᠤᠨ ᠬᠢᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ | ᠪᠠᠷᠢᠬᠤ ᠪᠠ ᠪᠦᠬᠦᠨ ᠢ ᠵᠠᠰᠠᠨ ᠴᠢᠮᠡᠭᠯᠡᠵᠦ ᠲᠤᠰᠢᠶᠠᠨ ᠥᠭᠬᠦ ᠶᠢ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ | ᠬᠡᠮᠵᠢᠶ᠎ᠡ ᠶᠢ ᠪᠠᠭᠠᠰᠬᠠᠬᠤ᠂ ᠲᠡᠭᠡᠭᠡᠪᠦᠷᠢᠯᠡᠬᠦ᠂ ᠠᠰᠢᠭᠯᠠᠬᠤ ᠪᠠ ᠰᠢᠢᠳᠪᠦᠷᠢᠯᠡᠬᠦ ᠵᠠᠷᠤᠳᠠᠯ ᠢ ᠪᠠᠷᠢᠯᠭ᠎ᠠ ᠶᠢᠨ | ᠪᠠᠶᠢᠭᠤᠯᠤᠭᠰᠠᠨ ᠦᠨ᠎ᠡ ᠳᠤ ᠣᠷᠣᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ | ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠦᠨ᠂ ᠪᠠᠷᠢᠯᠭ᠎ᠠ ᠶᠢ ᠨᠤᠷᠠᠭᠠᠬᠤ ᠪᠠ ᠪᠠᠷᠢᠯᠭ᠎ᠠ ᠶᠢᠨ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡ ᠴᠣᠭᠴᠠᠵᠢᠭᠤᠯᠬᠤ ᠶᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠬᠢᠭᠤᠯᠬᠤ ᠶᠢᠨ ᠬᠠᠮᠲᠤ᠂ ᠵᠠᠰᠠᠵᠤ ᠴᠢᠮᠡᠭᠯᠡᠬᠦ ᠬᠤᠭ ᠨᠣᠪᠰᠢ ᠶᠢ ᠬᠠᠶᠠᠬᠤ᠂ | ᠬᠤᠷᠢᠶᠠᠨ ᠲᠡᠭᠡᠭᠡᠪᠦᠷᠢᠯᠡᠬᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭ | ᠨᠣᠪᠰᠢ ᠶᠢᠨ ᠡᠬᠢ ᠡᠭᠦᠰᠦᠯ ᠠᠴᠠ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ | ᠃ | ᠬᠤᠶᠠᠷ ᠲᠤ᠂ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠬᠤᠭ | ᠨᠣᠪᠰᠢ ᠲᠡᠭᠡᠭᠡᠪᠦᠷᠢᠯᠡᠬᠦ ᠠᠵᠢᠯ ᠲᠥᠷᠥᠯ ᠳᠤ ︽ᠵᠢᠵᠢᠭ᠂ ᠲᠠᠷᠠᠬᠠᠢ᠂ ᠡᠮᠬᠢ ᠵᠠᠮᠪᠠᠷᠠᠭ᠎ᠠ ᠦᠭᠡᠢ︾ ᠦᠵᠡᠭᠳᠡᠯ | ᠣᠷᠣᠰᠢᠵᠤ ᠪᠠᠶᠢᠨ᠎ᠠ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠨᠠᠯᠳᠠ ᠬᠠᠮᠢᠶᠠᠷᠤᠯᠳᠠ ᠬᠦᠷᠦᠯᠴᠡᠬᠦ ᠦᠭᠡᠢ᠂ | ᠬᠠᠤᠯᠢ ᠠᠴᠠ ᠵᠥᠷᠢᠴᠡᠨ ᠲᠡᠭᠡᠭᠡᠪᠦᠷᠢᠯᠡᠬᠦ ᠶᠠᠪᠤᠳᠠᠯ ᠪᠠᠶᠢᠨ ᠳᠠᠬᠢᠨ ᠭᠠᠷᠴᠤ ᠪᠠᠶᠢᠬᠤ ᠵᠡᠷᠭᠡ ᠠᠰᠠᠭᠤᠳᠠᠯ ᠳᠤ | ᠴᠢᠭᠯᠡᠭᠦᠯᠦᠨ᠂ ︽ᠰᠠᠨᠠᠯ︾ ᠳᠤ᠂ ᠡᠯ᠎ᠡ ᠭᠠᠵᠠᠷ ᠤᠨ ᠬᠢᠨ ᠪᠠᠷᠢᠯᠭ᠎ᠠ ᠶᠢᠨ ᠬᠤᠭ ᠨᠣᠪᠰᠢ ᠶᠢᠨ ᠲᠡᠭᠡᠭᠡᠪᠦᠷᠢ ᠶᠢᠨ | ᠲᠡᠷᠭᠡ ᠬᠥᠰᠬᠡ᠂ ᠣᠩᠭᠤᠴᠠ ᠰᠠᠯ ᠳᠤ ᠳᠣᠬᠢᠭᠤᠷ ᠲᠤᠯᠤᠭᠠᠨ ᠣᠲᠣ ᠳᠠᠭᠠᠭᠤᠯᠢ ᠣᠲᠣ ᠶᠢᠨ ᠣᠷᠣᠨ ᠪᠠᠶᠢᠷᠢ | ᠲᠣᠭᠲᠠᠭᠠᠬᠤ᠂ ᠪᠢᠲᠡᠭᠦᠮᠵᠢᠯᠡᠬᠦ ᠲᠣᠨᠣᠭᠯᠠᠯ᠂ ᠠᠮᠤᠷ ᠲᠦᠪᠰᠢᠨ ᠤ ᠲᠣᠬᠢᠷᠠᠭᠤᠯᠤᠯᠲᠠ᠂ ᠲᠤᠭ᠎ᠠ ᠪᠠᠷᠢᠮᠲᠠ ᠶᠢᠨ | ᠳᠠᠮᠵᠢᠭᠤᠯᠭ᠎ᠠ ᠵᠡᠷᠭᠡ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠭᠲᠠᠭᠠᠵᠤ᠂ | ᠲᠡᠭᠡᠭᠡᠪᠦᠷᠢ ᠶᠢᠨ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠲᠡᠭᠡᠭᠡᠪᠦᠷᠢ ᠶᠢᠨ ᠬᠦᠴᠦᠨ ᠢ ᠵᠦᠢ ᠵᠣᠬᠢᠰᠲᠠᠢ | ᠲᠣᠬᠢᠷᠠᠭᠤᠯᠵᠤ᠂ ᠲᠡᠭᠡᠭᠡᠪᠦᠷᠢ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠂ ᠬᠠᠤᠯᠢ ᠶᠢ | ᠬᠦᠨᠳᠦ ᠨᠣᠴᠢᠲᠠᠢ ᠵᠥᠷᠢᠴᠡᠭᠰᠡᠨ ᠲᠡᠭᠡᠭᠡᠪᠦᠷᠢ ᠶᠢᠨ ᠨᠢᠭᠡᠴᠢ ᠶᠢ ᠬᠠᠤᠯᠢ ᠶᠣᠰᠣᠭᠠᠷ ᠦᠨᠡᠮᠯᠡᠯ ᠢ ᠬᠤᠷᠢᠶᠠᠨ ᠠᠪᠴᠤ | ᠬᠦᠴᠦᠨ ᠦᠭᠡᠢ ᠪᠣᠯᠭᠠᠵᠤ᠂ ᠪᠠᠷᠢᠯᠭ᠎ᠠ ᠶᠢᠨ ᠬᠤᠭ ᠨᠣᠪᠰᠢ ᠶᠢᠨ ᠲᠡᠭᠡᠭᠡᠪᠦᠷᠢ ᠶᠢᠨ ᠠᠵᠢᠯ ᠲᠥᠷᠥᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | ᠭᠤᠷᠪᠠ ᠳᠤ᠂ ᠬᠤᠭ ᠨᠤᠪᠰᠢ ᠶᠢᠨ ᠡᠴᠦᠰ ᠤᠨ ᠰᠢᠢᠳᠪᠦᠷᠢᠯᠡᠯᠲᠡ ᠶᠢ ᠵᠢᠷᠤᠮᠵᠢᠭᠤᠯᠤᠨ᠎ᠠ᠃ ᠣᠳᠣᠬᠠᠨ ᠳᠤ | ᠂ ᠵᠠᠷᠢᠮ ᠭᠠᠵᠠᠷ ᠣᠷᠣᠨ ᠤ ᠬᠢᠨ ᠪᠠᠷᠢᠯᠭ᠎ᠠ ᠶᠢᠨ ᠬᠤᠭ ᠨᠣᠪᠰᠢ ᠶᠢᠨ ᠡᠯ᠎ᠡ ᠲᠥᠷᠥᠯ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠭᠰᠠᠨ ᠦᠭᠡᠢ ᠠᠴᠠ | ᠪᠣᠯᠵᠤ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠨᠠᠶᠢᠳᠠᠪᠤᠷᠢᠵᠢᠭᠤᠯᠬᠤ ᠳᠤ ᠬᠦᠴᠢᠷᠲᠡᠢ ᠪᠠᠶᠢᠨ᠎ᠠ︔ ᠡᠭᠦᠨ ᠤ | ᠵᠡᠷᠭᠡ ᠳᠤ᠂ ᠡᠯ᠎ᠡ ᠭᠠᠵᠠᠷ ᠲᠤ ᠲᠦᠷ ᠴᠠᠭ ᠬᠠᠳᠠᠭᠠᠯᠠᠬᠤ ᠲᠠᠯᠠᠪᠤᠷ ᠤᠨ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ | ᠪᠣᠳᠣᠯᠭ᠎ᠠ ᠦᠭᠡᠢ ᠠᠴᠠ ᠪᠣᠯᠵᠤ᠂ ᠪᠠᠷᠢᠯᠭ᠎ᠠ ᠶᠢᠨ ᠬᠤᠭ ᠨᠣᠪᠰᠢ ᠶᠢ ᠬᠤᠭᠤᠷᠣᠨᠳᠤ ᠨᠢ ᠰᠢᠯᠵᠢᠭᠦᠯᠬᠦ ᠳᠤ ᠬᠦᠴᠢᠷᠲᠡᠢ | ᠪᠣᠯᠭᠠᠵᠠᠢ᠃ ᠡᠭᠦᠨ ᠤ ᠲᠤᠬᠠᠢ᠂ ︽ᠰᠠᠨᠠᠯ︾ ᠳᠤ᠂ ᠡᠯ᠎ᠡ ᠭᠠᠵᠠᠷ ᠤᠨ ᠬᠢᠨ ᠪᠠᠷᠢᠯᠭ᠎ᠠ ᠶᠢᠨ ᠬᠤᠭ ᠨᠣᠪᠰᠢ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠢ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠳᠤ ᠣᠷᠣᠭᠤᠯᠵᠤ᠂ | ᠲᠥᠯᠦᠪᠵᠢᠭᠦᠯᠭᠡ ᠶᠢᠨ ᠠᠰᠢᠭᠯᠠᠬᠤ᠂ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠬᠠᠮᠲᠤ ᠪᠣᠳᠠᠲᠠᠢ ᠪᠠᠶᠢᠳᠠᠯ ᠲᠠᠢ ᠪᠠᠨ | ᠤᠶᠠᠯᠳᠤᠭᠤᠯᠤᠨ ᠲᠦᠷ ᠴᠠᠭ ᠠᠰᠢᠭᠯᠠᠬᠤ᠂ ᠬᠠᠳᠠᠭᠠᠯᠠᠬᠤ ᠲᠥᠬᠦᠭᠡᠷᠦᠮᠵᠢ ᠲᠣᠬᠢᠷᠠᠭᠤᠯᠬᠤ ᠶᠢ ᠳᠡᠮᠵᠢᠵᠦ᠂ | ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠬᠤ᠂ ᠰᠢᠢᠳᠪᠦᠷᠢᠯᠡᠬᠦ ᠲᠣᠭᠲᠠᠮᠠᠯ ᠭᠠᠵᠠᠷ ᠢ ᠲᠣᠭᠲᠠᠭᠠᠬᠤ ᠬᠡᠷᠡᠭᠲᠡᠢ ᠭᠡᠵᠦ | ᠱᠠᠭᠠᠷᠳᠠᠪᠠ᠃ | ᠳᠥᠷᠪᠡ ᠳᠤ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠣᠳᠣᠬᠠᠨ ᠳᠤ᠂ | ᠮᠠᠨ ᠤ ᠤᠯᠤᠰ ᠤᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ | ᠲᠤᠤᠷ᠎ᠠ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠬᠦᠨ ᠢ ᠤᠤᠯ ᠤᠨ | ᠮᠠᠲ᠋ᠧᠷᠢᠶᠠᠯ ᠲᠠᠢ ᠬᠠᠷᠢᠴᠠᠭᠤᠯᠪᠠᠯ ᠦᠨ᠎ᠡ ᠬᠠᠩᠰᠢ ᠶᠢᠨ ᠲᠠᠯ᠎ᠠ ᠪᠠᠷ ᠬᠠᠷᠠᠬᠠᠨ ᠳᠠᠪᠠᠭᠤᠯᠢᠭ ᠪᠢᠰᠢ᠃ ᠡᠬᠢ | ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠬᠤ ᠶᠢᠨ ᠲᠥᠯᠥᠭᠡ᠂ ︽ᠰᠠᠨᠠᠯ︾ ᠳᠤ᠂ ᠡᠯ᠎ᠡ ᠭᠠᠵᠠᠷ ᠤᠨ ᠬᠢᠨ | ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠰ ᠤᠨ ᠰᠠᠭᠤᠷᠢᠨ ᠭᠠᠵᠠᠷ ᠪᠠ | ᠭᠤᠣᠯᠯᠠᠭᠴᠢ ᠠᠵᠤ ᠠᠬᠤᠶᠢᠯᠠᠯ ᠢ ᠪᠣᠶᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ᠂ | ᠠᠰᠢᠭᠯᠠᠬᠤ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠵᠣᠷᠢᠭᠵᠢᠭᠤᠯᠤᠨ ᠬᠡᠷᠡᠭᠵᠢᠭᠦᠯᠵᠦ᠂ ᠪᠠᠷᠢᠯᠭ᠎ᠠ ᠶᠢᠨ ᠬᠤᠭ | ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠬᠦᠨ ᠤ ᠭᠡᠷᠡᠴᠢᠯᠡᠯᠲᠡ ᠶᠢ ᠠᠬᠢᠭᠤᠯᠵᠤ᠂ ᠦᠢᠯᠡᠳᠬᠦᠨ ᠤ | ᠬᠡᠷᠡᠭᠯᠡᠭᠡᠨ ᠤ ᠪᠠᠷᠢᠮᠵᠢᠶ᠎ᠠ ᠵᠢᠷᠤᠮᠵᠢᠯ ᠢ ᠪᠦᠷᠢᠨᠰᠢᠭᠦᠯᠦᠨ᠂ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠨ | ᠦᠢᠯᠡᠳᠪᠦᠷᠢᠯᠡᠭᠰᠡᠨ ᠪᠠᠷᠢᠯᠭ᠎ᠠ ᠶᠢᠨ ᠮᠠᠲ᠋ᠧᠷᠢᠶᠠᠯ᠂ ᠵᠠᠮ ᠤᠨ ᠰᠠᠭᠤᠷᠢ ᠮᠠᠲ᠋ᠧᠷᠢᠶᠠᠯ ᠵᠡᠷᠭᠡ ᠬᠡᠷᠡᠭᠯᠡᠭᠡᠨ ᠤ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠬᠦᠨ ᠤ ᠬᠡᠷᠡᠭᠯᠡᠭᠡᠨ ᠤ | ᠬᠡᠪᠴᠢᠶ᠎ᠡ᠂ ᠣᠷᠣᠨ ᠪᠠᠶᠢᠷᠢ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ | ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠠᠪᠤ ᠳᠤ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠮᠦᠨᠡᠬᠢ | ᠬᠤᠭᠤᠴᠠᠭᠠᠨ ᠤ ᠪᠥᠬᠦ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠢ ᠴᠡᠭᠴᠡᠯᠡᠨ ᠵᠠᠰᠠᠬᠤ | ᠠᠵᠢᠯ ᠤᠨ ᠪᠠᠶᠢᠳᠠᠯ ᠠᠴᠠ ᠦᠵᠡᠪᠡᠯ᠂ ᠬᠡᠰᠡᠭ ᠭᠠᠵᠠᠷ ᠣᠷᠣᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠳᠤ ᠮᠥᠨ ᠬᠦ ᠪᠠᠯᠠᠢ ᠣᠷᠣᠨ ᠣᠷᠣᠰᠢᠵᠤ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ | ᠮᠥᠨ ᠬᠦ ᠬᠦᠷᠦᠯᠴᠡᠬᠦ ᠦᠭᠡᠢ ᠪᠠᠶᠢᠨ᠎ᠠ᠃ ᠡᠭᠦᠨ ᠤ ᠲᠤᠬᠠᠢ ︽ᠰᠠᠨᠠᠯ︾ ᠳᠤ᠂ ᠡᠯ᠎ᠡ ᠭᠠᠵᠠᠷ ᠤᠨ ᠬᠢᠨ ᠮᠤᠵᠢ ᠶᠢᠨ | ᠱᠠᠲᠤᠨ ᠤ ᠨᠢᠭᠡᠳᠦᠯᠲᠡᠢ ᠲᠥᠯᠥᠪᠯᠡᠬᠦ᠂ ᠬᠤᠲᠠ ᠠᠴᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠣᠭᠤᠷᠢᠨ | ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ | ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭ | ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠪᠠ ᠰᠢᠢᠳᠪᠦᠷᠢᠯᠡᠬᠦ ᠲᠥᠰᠥᠯ ᠢ ᠳᠠᠩᠰᠠᠯᠠᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠬᠤᠭ ᠨᠣᠪᠰᠢ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠡᠯᠧᠺᠲᠷᠣᠨ ᠬᠤᠯᠪᠣᠭᠠᠲᠤ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠬᠤᠭ ᠨᠣᠪᠰᠢ ᠶᠢ ᠬᠠᠤᠯᠢ ᠠᠴᠠ ᠵᠥᠷᠢᠴᠡᠨ | ᠬᠠᠶᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠪᠦᠲᠦᠮᠵᠢᠲᠡᠶ ᠬᠡᠷᠡᠭᠵᠢᠭᠦᠯᠦᠨ᠎ᠡ ᠭᠡᠵᠦ ᠱᠠᠭᠠᠷᠳᠠᠪᠠ᠃ | ᠪᠠᠲᠤᠯᠠᠭ᠎ᠠ ᠶᠢᠨ ᠠᠷᠭ᠎ᠠ ᠬᠡᠮᠵᠢᠶ᠎ᠡ | ︽ᠰᠠᠨᠠᠯ︾ ᠳᠤ᠂ ᠡᠯ᠎ᠡ ᠭᠠᠵᠠᠷ ᠤᠨ ᠬᠢᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ | ᠬᠠᠮᠢᠶᠠᠷᠤᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠬᠤᠲᠠ ᠶᠢᠨ | ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠠᠰᠢᠭᠯᠠᠨ ᠪᠠᠷᠢᠯᠭ᠎ᠠ ᠶᠢᠨ | ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠶᠢᠨ ᠬᠠᠮᠲᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠠᠮᠢᠶ᠎ᠠ ᠪᠦᠬᠦᠢ | ᠮᠡᠷᠭᠡᠵᠢᠯ ᠪᠠ ᠪᠡᠯᠡᠳᠬᠡᠮᠵᠢ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠵᠦ ᠲᠤᠳᠤᠷᠬᠠᠶᠢᠯᠠᠪᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |