︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠪᠤᠳᠠᠳᠠᠶᠢᠵᠢᠭᠤᠯᠵᠦ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠴᠢᠭᠯᠡᠯ ᠪᠣᠯᠵᠠᠢ
ᠨᠡᠶᠢᠲᠡᠯᠡᠭᠰᠡᠨ ᠴᠠᠭ᠄
2025/6/13
       ᠠᠮᠤᠷ ᠲᠠᠶᠢᠪᠤᠩ ᠠᠵᠤ ᠲᠦᠷᠦᠭᠦ ᠶᠢ ᠬᠥᠮᠥᠰ ᠡᠷᠲᠡᠨ ᠠᠴᠠ ᠬᠦᠭᠡᠭᠡᠴᠡᠯᠳᠤᠭ᠍ᠰᠡᠭᠡᠷ ᠢᠷᠡᠵᠡᠢ᠃ ᠠᠷᠠᠳ ᠣᠯᠠᠨ ᠤ ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠳᠠᠰᠢ ᠰᠢᠯᠵᠢᠬᠦ ᠶᠢ ᠳᠠᠭᠠᠯᠳᠤᠨ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠴᠢᠭᠯᠡᠯ ᠪᠣᠯᠵᠠᠢ᠃       ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ 5 ᠳ᠋ᠤᠭᠠᠷ ᠰᠠᠷ᠎ᠠ ᠶᠢᠨ 1 ᠤ ᠡᠳᠦᠷ᠂ ᠤᠯᠤᠰ ᠤᠨ ᠪᠠᠷᠢᠮᠵᠢᠶ᠎ᠠ ᠶᠢᠨ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ︵ᠳᠣᠷᠣᠭᠰᠢ ︽ᠵᠢᠷᠤᠮᠵᠢᠯ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠬᠡᠷᠡᠭᠵᠢᠭᠦᠯᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠨᠠᠭᠠᠲᠤ ᠵᠠᠬ᠎ᠠ ᠶᠢᠨ ᠱᠠᠭᠠᠷᠳᠠᠯᠭ᠎ᠠ ᠲᠣᠭᠲᠠᠭᠠᠪᠠ᠃         ︽ᠵᠢᠷᠤᠮᠵᠢᠯ︾ ᠢ ᠬᠡᠷᠡᠭᠵᠢᠭᠦᠯᠦᠭᠡᠳ ᠨᠢᠭᠡᠨᠲᠡ ᠨᠢᠭᠡ ᠰᠠᠷ᠎ᠠ ᠭᠠᠷᠤᠢ ᠪᠣᠯᠵᠠᠢ᠃ ᠣᠶᠢᠷ᠎ᠠ ᠶᠢᠨ ᠬᠤᠭᠤᠴᠠᠭᠠᠨ ᠳᠤ᠂ ᠪᠡᠭᠡᠵᠢᠩ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠣᠯᠠᠨ ᠲᠦᠷᠦᠯ ᠵᠦᠢᠯ ᠢ ᠰᠤᠷᠪᠤᠯᠵᠢᠯᠠᠬᠤ ᠪᠠᠷ ᠳᠡᠮᠵᠢᠨ᠂ ᠣᠳᠣᠬᠠᠨ ᠳᠤ ᠦᠯᠡᠮᠵᠢ ᠣᠯᠠᠨ ᠭᠡᠷ ᠪᠠᠶᠢᠰᠢᠩ ᠤᠨ ᠠᠵᠤ ᠠᠬᠤᠶᠢᠯᠠᠯ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠣᠤᠯᠳᠠ ᠶᠢᠨ ᠦᠷᠢᠰᠦᠯᠳᠦᠭᠡᠨ ᠤ ᠵᠠᠮ ᠳᠤ ᠤᠷᠤᠯ᠎ᠠ ᠭᠡᠳᠡᠭ ᠢ ᠤᠶᠢᠯᠠᠭᠠᠯ᠎ᠠ᠃         ︽ᠰᠠᠶᠢᠨ ᠭᠡᠷ ᠪᠠᠶᠢᠰᠢᠩ︾ ᠤᠨ ᠲᠥᠷᠥᠯ ᠵᠦᠢᠯ ᠢ ᠢᠳᠡᠭ ᠢᠳᠡᠭ ᠢᠶᠠᠷ ᠨᠠᠶᠢᠳᠠᠪᠤᠷᠢᠵᠢᠭᠤᠯᠪᠠ       ︽3 ᠮᠧᠲᠷ ᠠᠴᠠ ᠳᠡᠭᠡᠭᠰᠢᠬᠢ ᠲᠠᠪᠬᠤᠷᠯᠢᠭ ᠤᠨ ᠥᠨᠳᠥᠷ᠂ ᠳᠣᠣᠷ᠎ᠠ ᠨᠢᠭᠲᠠᠴᠠ ᠳᠣᠣᠷ᠎ᠠ ᠶᠡᠷᠦᠩᠬᠡᠢ ᠦᠨᠳᠦᠷᠴᠡ ᠲᠠᠢ ᠬᠠᠷᠢ ᠶᠢᠨ ᠭᠡᠷ ᠪᠠᠶᠢᠰᠢᠩ ᠪᠣᠯ ᠮᠠᠨ ᠤ ᠬᠤᠳᠠᠯᠳᠤᠬᠤ ᠭᠤᠣᠯ ᠴᠡᠭ ᠮᠥᠨ︾᠂ ᠲᠥᠷᠥᠯ ᠵᠦᠢᠯ ᠤᠨ ᠲᠠᠪᠬᠤᠷᠯᠢᠭ ᠤᠨ ᠥᠨᠳᠥᠷ ᠤᠨ ᠲᠥᠯᠦᠪᠵᠢᠭᠦᠯᠭᠡ ᠠᠴᠠ ᠭᠡᠷ ᠤᠨ ᠭᠠᠳᠠᠨᠠᠬᠢ ᠦᠵᠡᠮᠵᠢ ᠶᠢᠨ ᠵᠢᠷᠤᠭ ᠲᠥᠯᠥᠪᠯᠡᠭᠡ ᠬᠦᠷᠳᠡᠯ᠎ᠡ ᠴᠥᠮ ᠰᠠᠭᠤᠭᠠᠯᠢ ᠡᠷᠦᠬᠡ ᠶᠢᠨ ᠣᠷᠣᠰᠢᠨ ᠰᠠᠭᠤᠬᠤ ᠤᠶᠢᠯᠠᠭᠠᠯᠳᠠ ᠶᠢ ᠳᠡᠭᠡᠭᠰᠢᠯᠡᠭᠦᠯᠬᠦ ᠶᠢᠨ ᠲᠥᠯᠥᠭᠡ ᠶᠤᠮ ᠭᠡᠵᠦ ᠲᠥᠷᠥᠯ ᠵᠦᠢᠯ ᠤᠨ ᠪᠣᠷᠣᠯᠠᠭᠤᠯᠤᠭᠴᠢ ᠲᠠᠨᠢᠯᠴᠠᠭᠤᠯᠵᠠᠢ᠃       2011 ᠣᠨ ᠤ ᠬᠡᠪᠯᠡᠯ ᠤᠨ ︽ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾ ᠳᠤ ᠲᠣᠭᠲᠠᠭᠠᠭᠰᠠᠨ ︽ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠨᠢ 2.8 ᠮᠧᠲᠷ ᠪᠠᠶᠢᠪᠠᠯ ᠵᠣᠬᠢᠨ᠎ᠠ︾ ᠭᠡᠳᠡᠭ ᠲᠠᠢ ᠬᠠᠷᠢᠴᠠᠭᠤᠯᠪᠠᠯ᠂ ︽ᠰᠢᠨ᠎ᠡ ᠪᠠᠷ ᠪᠠᠷᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠪᠬᠤᠷᠯᠢᠭ ᠤᠨ ᠥᠨᠳᠥᠷ ᠨᠢ 3 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠭᠡᠳᠡᠭ ᠪᠣᠯ ᠲᠤᠰ ᠤᠳᠠᠭᠠᠨ ᠤ ︽ᠵᠢᠷᠤᠮᠵᠢᠯ ︾ ᠤᠨ ᠨᠢᠭᠡ ᠶᠡᠭᠡ ᠬᠢᠯᠠᠰ ᠴᠡᠭ ᠪᠣᠯᠣᠨ᠎ᠠ᠃         ᠰᠤᠳᠤᠯᠭᠠᠨ ᠠᠴᠠ ᠦᠵᠡᠪᠡᠯ᠂ ᠲᠠᠪᠬᠤᠷᠯᠢᠭ ᠤᠨ ᠥᠨᠳᠥᠷ ᠨᠢ 0.1 ᠮᠧᠲᠷ ᠨᠡᠮᠡᠭᠳᠡᠬᠦ ᠪᠦᠷᠢ ᠭᠡᠷ ᠳᠣᠲᠣᠷᠠᠬᠢ ᠰᠠᠯᠬᠢ ᠨᠡᠪᠲᠡᠷᠡᠬᠦ ᠨᠣᠷᠮ᠎ᠠ ᠶᠢ 15% ᠪᠠᠷ ᠳᠡᠭᠡᠭᠰᠢᠯᠡᠭᠦᠯᠵᠦ᠂ ᠬᠡᠷᠡᠯ ᠲᠤᠰᠤᠯᠲᠠ ᠶᠢᠨ ᠵᠢᠭᠳᠡᠴᠡ ᠶᠢ 20% ᠪᠠᠷ ᠰᠠᠶᠢᠵᠢᠷᠠᠭᠤᠯᠵᠤ᠂ ᠰᠡᠳᠬᠢᠴᠡ ᠶᠢᠨ ᠳᠠᠷᠤᠯᠲᠠ ᠶᠢᠨ ᠰᠡᠷᠡᠯ ᠢ 30% ᠪᠠᠷ ᠪᠠᠭᠤᠷᠠᠭᠤᠯᠵᠤ ᠪᠣᠯᠣᠨ᠎ᠠ᠃ 58 ᠠᠨ ᠵᠢᠦᠢ ᠺᠧ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠠᠩ ᠪᠥᠸᠧ ᠢᠯᠡᠷᠬᠡᠶᠢᠯᠡᠬᠦ ᠳᠡᠭᠡᠨ᠂ ᠢᠷᠡᠭᠡᠳᠦᠢ ᠳᠤ ᠲᠠᠪᠬᠤᠷᠯᠢᠭ ᠤᠨ ᠥᠨᠳᠥᠷ ᠨᠢ 3 ᠮᠧᠲᠷ ᠠᠴᠠ ᠳᠡᠭᠡᠭᠰᠢᠬᠢ ᠪᠠᠷᠢᠯᠭ᠎ᠠ ᠬᠡᠪ ᠤᠨ ᠪᠠᠶᠢᠳᠠᠯ ᠪᠣᠯᠬᠤ ᠪᠣᠯᠣᠨ᠎ᠠ ᠭᠡᠵᠡᠢ᠃         ᠵᠠᠷᠢᠮ ᠲᠦᠷᠦᠯ ᠵᠦᠢᠯ ᠨᠢ ᠤᠷᠢᠳ ᠢᠶᠠᠷ ︽ᠰᠠᠶᠢᠨ ᠭᠡᠷ ᠪᠠᠶᠢᠰᠢᠩ︾ ᠤᠨ ᠳᠦᠷᠢ ᠲᠥᠷᠬᠦ ᠶᠢ ᠵᠢᠷᠤᠭᠯᠠᠵᠤ ᠂ ᠵᠠᠷᠢᠮ ᠲᠦᠷᠦᠯ ᠵᠦᠢᠯ ᠨᠢ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ︽ᠰᠠᠶᠢᠨ ᠭᠡᠷ ᠪᠠᠶᠢᠰᠢᠩ︾ ᠲᠡᠰᠢ ᠬᠤᠪᠢᠷᠠᠵᠤ ᠪᠠᠶᠢᠨ᠎ᠠ᠃ ᠵᠢᠱᠢᠶᠡᠯᠡᠪᠡᠯ᠂ ᠪᠡᠭᠡᠵᠢᠩ ᠬᠤᠲᠠ ᠶᠢᠨ ᠳ᠋ᠠᠰᠢᠩ ᠲᠣᠭᠤᠷᠢᠭ ᠤᠨ ᠨᠢᠭᠡᠨ ᠲᠥᠷᠥᠯ ᠵᠦᠢᠯ ᠳᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢ ᠲᠠᠰ ᠳᠡᠪᠰᠢᠭᠦᠯᠵᠦ᠂ ᠭᠡᠷ ᠤᠨ ᠭᠠᠳᠠᠨᠠᠬᠢ ᠨᠠᠷᠠᠪᠴᠢ ᠶᠢ ᠨᠡᠮᠡᠵᠦ ᠪᠠᠶᠢᠭᠤᠯᠤᠨ᠎ᠠ ᠭᠡᠵᠦ ᠵᠠᠷᠯᠠᠵᠠᠢ᠃         ︽ᠪᠢᠳᠡᠨ ᠤ ᠲᠦᠷᠦᠯ ᠵᠦᠢᠯ ᠪᠣᠯ ᠤᠤᠯ ᠠᠴᠠ ᠪᠠᠨ ᠤᠭᠰᠠᠷᠠᠮᠠᠯ ᠮᠠᠶ᠋ᠢᠭ ᠤᠨ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠪᠣᠯᠣᠨ᠎ᠠ᠂ ᠪᠠᠰᠠ ᠪᠦᠬᠦ ᠦᠷᠦᠭᠡ ᠶᠢᠨ ᠣᠶᠤᠨᠴᠢ ᠢᠵᠢ ᠪᠦᠷᠢᠳᠦᠬᠦᠯᠦᠯᠳᠡ ᠲᠠᠢ ᠶᠤᠮ᠂ ᠤᠳᠤ ᠪᠠᠰᠠ ᠭᠡᠷ ᠤᠨ ᠭᠠᠳᠠᠨᠠᠬᠢ ᠨᠠᠷᠠᠪᠴᠢ ᠶᠢ ᠨᠡᠮᠡᠨ ᠪᠠᠶᠢᠭᠤᠯᠵᠤ᠂ ︿ᠰᠠᠶᠢᠨ ᠭᠡᠷ ᠪᠠᠶᠢᠰᠢᠩ﹀ ᠤᠨ ᠡᠯᠧᠮᠧᠨ᠋ᠲ ᠨᠡᠩ ᠪᠦᠷᠢᠨ ᠪᠣᠯᠵᠠᠢ︾᠃ ᠥᠩᠭᠡᠷᠡᠭᠰᠡᠨ ᠤ ᠬᠥᠪᠥᠮᠡᠯ ᠴᠣᠩᠬᠤ ᠲᠠᠢ ᠠᠳᠠᠯᠢᠳᠬᠠᠪᠠᠯ᠂ ᠭᠡᠷ ᠤᠨ ᠭᠠᠳᠠᠨᠠᠬᠢ ᠨᠠᠷᠠᠪᠴᠢ ᠶᠢᠨ ᠵᠢᠷᠤᠭ ᠲᠥᠯᠥᠪᠯᠡᠭᠡ ᠨᠢ ᠭᠡᠷ ᠪᠦᠯᠢ ᠶᠢᠨ ᠠᠵᠢᠯᠯᠠᠭᠠᠨ ᠤ ᠣᠷᠣᠨ ᠵᠠᠢ ᠶᠢ ᠨᠡᠮᠡᠭᠳᠡᠭᠦᠯᠵᠦ᠂ ᠣᠷᠣᠨ ᠰᠠᠭᠤᠴᠠ ᠶᠢᠨ ᠲᠠᠭᠠᠯᠠᠮᠵᠢᠲᠠᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠰᠠᠭᠤᠴᠠ ᠤᠯᠬᠤ ᠨᠣᠷᠮ᠎ᠠ ᠵᠦᠪᠬᠡᠨ 90% ᠪᠣᠯᠣᠨ᠎ᠠ ᠭᠡᠵᠦ ᠲᠣᠰ ᠲᠥᠷᠥᠯ ᠵᠦᠢᠯ ᠤᠨ ᠪᠣᠷᠤᠯᠠᠭᠤᠯᠭ᠎ᠠ ᠶᠢᠨ ᠠᠵᠢᠯᠲᠠᠨ ᠢᠯᠡᠷᠬᠡᠶᠢᠯᠡᠪᠡ᠃         ᠣᠶᠢᠯᠠᠭᠠᠭᠰᠠᠨ ᠢᠶᠠᠷ᠂ ᠦᠢᠯᠡᠳᠬᠦᠨ ᠨᠢ ᠶᠠᠭ ᠰᠢᠨ᠎ᠡ ᠭᠡᠷ ᠪᠠᠶᠢᠰᠢᠩ ᠤᠨ ᠲᠦᠷᠦᠯ ᠵᠦᠢᠯ ᠤᠨ ᠬᠠᠮᠲᠤ ᠶᠢᠨ ᠠᠩᠬᠠᠷᠤᠯ ᠤᠨ ᠵᠠᠩᠭᠢᠯᠠᠭ᠎ᠠ ᠶᠢᠨ ᠦᠭᠡ ᠪᠣᠯᠵᠤ ᠪᠠᠶᠢᠨ᠎ᠠ᠃ ᠲᠠᠪᠬᠤᠷᠯᠢᠭ ᠤᠨ ᠥᠨᠳᠥᠷ᠂ ᠲᠠᠭᠤ ᠬᠥᠨᠳᠡᠶᠢᠷᠡᠭᠦᠯᠬᠦ ᠦᠢᠯᠡᠳᠦᠯ ᠂ ᠪᠥᠬᠦ ᠭᠡᠷ ᠪᠠᠶᠢᠰᠢᠩ ᠤᠨ ᠣᠶᠤᠨᠴᠢ ᠢᠵᠢ ᠪᠦᠷᠢᠳᠦᠭᠦᠯᠬᠦ ᠵᠡᠷᠭᠡ ᠬᠦᠴᠦᠨ ᠵᠦᠢᠯ ᠨᠢ ᠴᠥᠮ ᠲᠥᠷᠥᠯ ᠵᠦᠢᠯ ᠤᠨ ᠦᠢᠯᠡᠳᠬᠦᠨ ᠤ ᠬᠦᠴᠦᠯᠡᠬᠦ ᠴᠡᠭ ᠪᠣᠯᠤᠭᠰᠠᠨ ᠪᠠᠶᠢᠨ᠎ᠠ᠃         ᠵᠥᠩ ᡁᠢ ᠰᠤᠳᠤᠯᠭᠠᠨ ᠤ ᠬᠡᠯᠲᠡᠰ ᠤᠨ ᠶᠡᠷᠦᠩᠬᠡᠢ ᠳᠠᠭᠠᠭᠠᠮᠠᠯ ᠼᠤᠤ ᠵᠢᠩ ᠵᠢᠩ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠳᠤ ᠠᠪᠴᠤ ᠬᠡᠯᠡᠪᠡᠯ᠂ ᠢᠷᠡᠭᠡᠳᠦᠢ ᠳᠤ ︽ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ︾ ᠪᠦᠳᠦᠭᠡᠨ ᠪᠠᠶᠢᠭᠤᠯᠤᠯᠳᠠ ᠶᠢᠨ ᠬᠠᠷᠠᠯᠲᠠ ᠶᠢᠨ ᠲᠣᠭᠤᠷᠢᠨ ᠳᠤ᠂ ᠥᠪᠡᠷ ᠤᠨ ᠥᠷᠲᠡᠭ ᠤᠨ ᠬᠠᠮᠢᠶᠠᠷᠤᠯᠲᠠ ᠡᠵᠡᠮᠳᠡᠯ᠂ ᠦᠢᠯᠡᠳᠬᠦᠨ ᠤ ᠵᠢᠷᠤᠭ ᠲᠥᠯᠥᠪᠯᠡᠭᠡ᠂ ᠮᠡᠷᠭᠡᠵᠢᠯ ᠤᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠵᠡᠷᠭᠡ ᠲᠠᠯ᠎ᠠ ᠪᠠᠷ ᠲᠣᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ︽ᠰᠠᠶᠢᠨ ᠭᠡᠷ ᠪᠠᠶᠢᠰᠢᠩ︾ ᠤᠨ ᠦᠢᠯᠡᠳᠬᠦᠨ ᠢ ᠪᠣᠶ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃       ᠲᠥᠷᠥ ᠶᠢᠨ ᠪᠣᠳᠣᠯᠭ᠎ᠠ ᠶᠢᠨ ᠦᠢᠯᠡᠳᠦᠯ ᠢ ᠨᠡᠮᠡᠭᠳᠡᠭᠦᠯᠵᠦ ᠠᠵᠢᠯ ᠲᠦᠷᠦᠯ ᠤᠨ ᠬᠡᠯᠪᠡᠷᠢ ᠬᠤᠪᠢᠷᠠᠭᠤᠯᠬᠤ ᠶᠢ ᠠᠬᠢᠭᠤᠯᠤᠨ᠎ᠠ       ᠣᠲᠣ ᠪᠣᠯᠲᠠᠯ᠎ᠠ᠂ ᠲᠥᠪ ᠠᠴᠠ ᠣᠷᠣᠨ ᠨᠤᠲᠤᠭ ᠬᠦᠷᠲᠡᠯ᠎ᠡ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢᠨ ᠲᠣᠭᠤᠷᠢᠨ ᠳᠤ ᠨᠢᠭᠡᠨᠲᠡ ᠰᠢᠷᠢᠰ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ 6 ᠳ᠋ᠤᠭᠠᠷ ᠰᠠᠷ᠎ᠠ ᠶᠢᠨ 5 ᠤ ᠡᠳᠦᠷ ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠳᠠᠷᠠᠭᠠᠴᠢ ᠶᠢᠨ ᠠᠯᠬᠤᠮ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠢᠵᠢ ᠪᠦᠷᠢᠳᠦᠭᠦᠯᠦᠨ ᠲᠣᠭᠲᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠵᠢᠯᠣᠭᠤᠳᠤᠨ ᠳᠡᠮᠵᠢᠵᠦ᠂ ︽ᠵᠢᠷᠤᠮᠵᠢᠯ︾ ᠤᠨ ᠬᠡᠷᠡᠭᠵᠢᠭᠦᠯᠦᠯᠲᠡ ᠳᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠎ᠠ ᠭᠡᠵᠡᠢ᠃         ᠣᠷᠣᠨ ᠨᠤᠲᠤᠭ ᠤᠨ ᠲᠠᠯ᠎ᠠ ᠠᠴᠠ ᠠᠪᠴᠤ ᠦᠵᠡᠪᠡᠯ᠂ ᠣᠲᠣ ᠪᠣᠯᠲᠠᠯ᠎ᠠ᠂ ᠪᠡᠭᠡᠵᠢᠩ᠂ ᠭᠦᠢᠵᠧᠦ᠂ ᠱᠠᠨᠳᠦ᠋ᠩ᠂ ᠰᠧᠴᠤᠸᠠᠨ ᠵᠡᠷᠭᠡ ᠭᠠᠵᠠᠷ ᠤᠨ ᠬᠢᠨ ᠴᠥᠮ ᠣᠷᠣᠨ ᠨᠤᠲᠤᠭ ᠤᠨ ᠴᠢᠨᠠᠷᠲᠠᠢ ︽ᠰᠠᠶᠢᠨ ᠭᠡᠷ ᠪᠠᠶᠢᠰᠢᠩ ︾ ᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠶᠢ ᠨᠡᠶᠢᠲᠡᠯᠡᠵᠦ᠂ ︽ᠰᠠᠶᠢᠨ ᠭᠡᠷ ᠪᠠᠶᠢᠰᠢᠩ︾ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ ᠪᠠᠶᠢᠨ᠎ᠠ᠃         ᠬᠠᠷᠢᠴᠠᠭᠤᠯᠬᠤ ᠪᠠᠷ ᠳᠠᠮᠵᠢᠭᠠᠳ ᠣᠯᠵᠤ ᠮᠡᠳᠡᠭᠰᠡᠨ ᠨᠢ᠂ ᠣᠷᠣᠨ ᠨᠤᠲᠤᠭ ᠤᠨ ᠱᠠᠲᠤᠨ ᠤ ᠪᠠᠷᠢᠮᠵᠢᠶ᠎ᠠ ᠶᠢᠨ ᠬᠤᠭᠤᠷᠣᠨᠳᠤ ᠪᠠᠰᠠ ᠵᠥᠷᠢᠶ᠎ᠡ ᠲᠠᠢ ᠪᠠᠶᠢᠵᠤ᠂ ᠬᠡᠰᠡᠭ ᠣᠷᠣᠨ ᠨᠤᠲᠤᠭ ᠤᠨ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠬᠡᠷᠡᠭᠵᠢᠭᠦᠯᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠳᠡᠭᠡᠭᠰᠢᠯᠡᠭᠦᠯᠦᠭᠰᠡᠨ ᠪᠠᠶᠢᠨ᠎ᠠ᠃         ᠱᠠᠨᠳᠦ᠋ᠩ ᠮᠤᠵᠢ ᠶᠢᠨ ᠨᠡᠶᠢᠲᠡᠯᠡᠭᠰᠡᠨ ︽ᠱᠠᠨᠳᠦ᠋ᠩ ᠮᠤᠵᠢ ᠶᠢᠨ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ︾ ᠳᠤ ᠣᠷᠣᠨ ᠰᠠᠭᠤᠴᠠ ᠶᠢᠨ ᠪᠦᠬᠦ ᠲᠠᠪᠬᠤᠷᠯᠢᠭ ᠤᠨ ᠥᠨᠳᠥᠷ ᠢ 3.0 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠦ ᠱᠠᠭᠠᠷᠳᠠᠭᠰᠠᠨ ᠰᠠᠭᠤᠷᠢᠨ ᠳᠡᠭᠡᠷ᠎ᠡ᠂ ᠲᠥᠪ ᠠᠭᠠᠷ ᠲᠣᠬᠢᠷᠠᠭᠤᠯᠤᠭᠴᠢ ᠶᠢ ᠲᠣᠬᠢᠷᠠᠭᠤᠯᠤᠭᠰᠠᠨ ᠪᠠ ᠲᠥᠪᠯᠡᠷᠡᠩᠭᠦᠢ ᠰᠢᠨ᠎ᠡ ᠰᠠᠯᠬᠢᠨ ᠤ ᠰᠢᠰᠲ᠋ᠧᠮ ᠲᠠᠢ ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠢ 3.1 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃      ᠰᠧᠴᠤᠸᠠᠨ ᠤ ᠨᠡᠶᠢᠲᠡᠯᠡᠭᠰᠡᠨ ︽ᠰᠧᠴᠤᠸᠠᠨ ᠮᠤᠵᠢ ᠶᠢᠨ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢᠨ ᠵᠢᠯᠤᠭᠤᠳᠬᠤ ᠳᠦᠷᠢᠮ︾ ᠳᠤ᠂ ᠪᠠᠷᠢᠯᠭ᠎ᠠ ᠳᠤ ᠨᠡᠷᠡᠨ ᠤ ᠡᠨᠧᠷᠭᠢ ᠶᠢᠨ ᠰᠢᠰᠲ᠋ᠧᠮ ᠢ ᠤᠭᠰᠠᠷᠠᠨ᠎ᠠ᠂ ᠠ ᠪᠠ ᠵᠧᠦ᠂ ᠭᠠᠨᠽᠢ ᠵᠧᠦ᠂ ᠯᠢᠶᠠᠩᠱᠠᠨ ᠵᠧᠦ᠂ ᠫᠠᠨ ᡁᠢ ᠬᠤᠸᠠ ᠬᠤᠲᠠ ᠵᠡᠷᠭᠡ ᠨᠡᠷᠡᠨ ᠤ ᠡᠨᠧᠷᠭᠢ ᠶᠢᠨ ᠡᠬᠢ ᠪᠠᠶᠠᠯᠢᠭ ᠢᠶᠠᠷ ᠡᠯᠪᠡᠭ ᠭᠠᠵᠠᠷ ᠣᠷᠣᠨ ᠳᠤ ᠨᠡᠷᠡᠨ ᠤ ᠡᠨᠧᠷᠭᠢ ᠶᠢᠨ ᠬᠡᠷᠡᠯ ᠢᠯᠴᠢ᠂ ᠬᠡᠷᠡᠯ ᠴᠠᠬᠢᠯᠭᠠᠨ ᠵᠡᠷᠭᠡ ᠮᠡᠷᠭᠡᠵᠢᠯ ᠢ ᠬᠡᠷᠡᠭᠯᠡᠵᠦ᠂ ᠨᠡᠷᠡᠨ ᠤ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃         ᠠᠵᠢᠯ ᠲᠥᠷᠥᠯ ᠤᠨ ᠬᠡᠯᠪᠡᠷᠢ ᠬᠤᠪᠢᠷᠠᠭᠤᠯᠬᠤ ᠠᠬᠤᠢ ᠪᠠᠶᠢᠳᠠᠯ ᠳᠣᠣᠷ᠎ᠠ᠂ ᠵᠠᠬ᠎ᠠ ᠳᠡᠯᠭᠡᠭᠦᠷ ᠲᠤ ᠭᠠᠷᠤᠭᠰᠠᠨ ᠣᠯᠠᠨ ᠭᠡᠷ ᠪᠠᠶᠢᠰᠢᠩ ᠤᠨ ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠣᠰ ᠪᠡᠶ᠎ᠡ ᠶᠢᠨ ᠢᠶᠠᠨ ᠦᠢᠯᠡᠳᠬᠦᠨ ᠤ ᠠᠷᠭ᠎ᠠ ᠪᠣᠳᠣᠯᠭ᠎ᠠ ᠪᠠᠨ ᠪᠣᠯᠭᠠᠪᠠ᠃ ᠣᠯᠠᠨ ᠭᠡᠷ ᠪᠠᠶᠢᠰᠢᠩ ᠤᠨ ᠠᠵᠤ ᠠᠬᠤᠶᠢᠯᠠᠯ 2024 ᠣᠨ ᠤ ᠣᠨ ᠤ ᠠᠵᠢᠯ ᠤᠨ ᠪᠦᠲᠦᠮᠵᠢ ᠶᠢᠨ ᠮᠡᠳᠡᠭᠦᠯᠦᠯᠲᠡ ᠳᠡᠭᠡᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠳᠠ ᠶᠢ 2025 ᠣᠨ ᠤ ᠭᠤᠣᠯᠳᠠᠯᠭ᠎ᠠ ᠲᠠᠢ ᠡᠭᠦᠷᠭᠡ ᠳᠤ ᠣᠷᠣᠭᠤᠯᠪᠠ᠃        ᠭᠤᠸᠠᠩᠳᠦ᠋ᠩ ᠮᠤᠵᠢ ᠶᠢᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ᠂ ᠣᠳᠣᠬᠠᠨ ᠳᠤ ᠤᠯᠤᠰ ᠠᠴᠠ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ᠂ ᠡᠯ᠎ᠡ ᠭᠠᠵᠠᠷ ᠤᠨ ᠬᠢᠨ ᠣᠷᠣᠨ ᠨᠤᠲᠤᠭ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ︽ᠰᠠᠶᠢᠨ ᠭᠡᠷ ᠪᠠᠶᠢᠰᠢᠩ︾ ᠤᠨ ᠰᠢᠰᠲ᠋ᠧᠮ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ ᠭᠡᠵᠡᠢ᠃         ᠵᠠᠩ ᠪᠥᠸᠧ ᠂ ᠣᠳᠣᠬᠠᠨ ᠳᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠨᠥᠯᠥᠭᠡ ᠨᠢᠭᠡᠨᠲᠡ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ ᠠᠵᠢᠯ ᠲᠥᠷᠥᠯ ᠤᠨ ᠥᠷᠢᠰᠦᠯᠳᠦᠭᠡᠨ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠣᠯᠠᠨ ᠳᠠᠪᠬᠤᠷᠭ᠎ᠠ ᠳᠤ ᠨᠡᠪᠲᠡᠷᠡᠵᠦ ᠪᠠᠶᠢᠨ᠎ᠠ᠂ ᠡᠨᠡ  ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠠᠵᠢᠯ ᠲᠥᠷᠥᠯ ᠤᠨ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ᠂ ᠦᠢᠯᠡᠴᠢᠯᠡᠭᠡᠨ ᠤ ᠥᠷᠲᠡᠭ ᠢ ᠨᠡᠮᠡᠭᠳᠡᠭᠦᠯᠬᠦ︾ ᠰᠢᠨ᠎ᠡ ᠬᠥᠭᠵᠢᠯᠲᠡ ᠶᠢᠨ ᠵᠠᠭᠪᠤᠷ ᠲᠤ ᠰᠢᠯᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠣᠯᠣᠨ᠎ᠠ᠃ ᠶᠡᠷᠦᠩᠬᠡᠢ ᠳᠤᠨᠢ ᠠᠪᠴᠤ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ︽ᠰᠠᠶᠢᠨ ᠭᠡᠷ ᠪᠠᠶᠢᠰᠢᠩ︾ ᠤᠨ ᠬᠡᠯᠪᠡᠷᠢ ᠶᠢᠨ ᠬᠤᠪᠢᠷᠠᠭᠤᠯᠤᠯᠲᠠ ᠪᠣᠯ ᠳᠠᠷᠤᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠠᠰ ᠳᠡᠪᠰᠢᠬᠦ ᠳᠤ ᠵᠣᠬᠢᠴᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠵᠡᠷᠭᠡ ᠣᠯᠠᠨ ᠵᠦᠢᠯ ᠤᠨ ᠬᠦᠴᠦᠨ ᠵᠦᠢᠯ ᠢ ᠬᠠᠮᠲᠤ ᠪᠠᠷ ᠳᠠᠶᠢᠴᠢᠯᠠᠭᠰᠠᠨ ᠤ ᠦᠷ᠎ᠡ ᠳ᠋ᠦᠩ ᠮᠥᠨ᠂ ᠡᠨᠡ ᠨᠢ ᠠᠵᠢᠯ ᠲᠥᠷᠥᠯ ᠤᠨ ᠪᠦᠳᠦᠭᠦᠯᠢᠭ ᠮᠠᠶ᠋ᠢᠭ ᠤᠨ ᠨᠡᠮᠡᠭᠳᠡᠯ ᠠᠴᠠ ᠴᠢᠨᠠᠷ ᠰᠠᠶᠢᠲᠠᠢ ᠬᠥᠭᠵᠢᠯᠲᠡ ᠳᠠᠰᠢ ᠬᠥᠭᠵᠢᠵᠦ ᠡᠬᠢᠯᠡᠭᠰᠡᠨ ᠢ ᠬᠠᠷᠠᠭᠤᠯᠵᠤ ᠪᠠᠶᠢᠨ᠎ᠠ ᠭᠡᠵᠦ ᠦᠵᠡᠵᠦ ᠪᠠᠶᠢᠨ᠎ᠠ᠃  ᠴᠢᠨᠠᠷ ᠰᠠᠶᠢᠲᠠᠢ ᠤᠷᠤᠨ ᠰᠠᠭᠤᠴᠠ ᠶᠢᠨ ᠬᠠᠩᠭᠠᠯᠭ᠎ᠠ ᠪᠠᠷ ᠳᠣᠲᠣᠭᠠᠳᠤ ᠬᠡᠷᠡᠭᠴᠡᠭᠡ ᠶᠢ ᠳᠠᠶᠢᠴᠢᠯᠠᠨ᠎ᠠ       ︽ᠰᠠᠶᠢᠨ ᠭᠡᠷ ᠪᠠᠶᠢᠰᠢᠩ︾ ᠨᠢ ᠣᠷᠣᠨ ᠰᠠᠭᠤᠴᠠ ᠶᠢᠨ ᠠᠴᠢᠶᠠᠯᠠᠪᠤᠷᠢ ᠪᠣᠯᠬᠤ ᠪᠠᠷ ᠪᠠᠷᠠᠬᠤ ᠦᠭᠡᠢ᠂ ᠨᠠᠩ ᠴᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ ︽ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠶᠢᠨ ᠥᠷᠭᠡᠵᠢᠯ ᠠᠴᠠ ᠴᠢᠨᠠᠷ ᠴᠢᠨᠰᠠᠭ᠎ᠠ ᠶᠢᠨ ᠬᠥᠭᠵᠢᠯᠲᠡ ᠳᠠᠰᠢ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠬᠤ ᠨᠢ ᠳᠠᠮᠵᠢᠭ ᠦᠭᠡᠢ ᠶᠤᠮ᠃       ︽ᠣᠳᠣᠬᠠᠨ ᠳᠤ ᠣᠷᠣᠨ ᠰᠠᠭᠤᠴᠠ ᠶᠢᠨ ᠴᠢᠨᠠᠷ ᠴᠢᠨᠰᠠᠭ᠎ᠠ ᠨᠢ ᠬᠡᠷᠡᠭᠴᠡᠭᠡ ᠶᠢ ᠨᠥᠯᠥᠭᠡᠯᠡᠬᠦ ᠭᠤᠣᠯ ᠬᠦᠴᠦᠨ ᠵᠦᠢᠯ ᠪᠣᠯᠵᠤ᠂ ᠲᠠᠭᠠᠯᠠᠮᠵᠢᠲᠠᠢ᠂ ᠠᠶᠤᠯᠭᠦᠢ ᠪᠠᠶᠢᠬᠤ ᠨᠢ ᠭᠡᠷ ᠬᠤᠳᠠᠯᠳᠤᠨ ᠠᠪᠤᠭᠴᠢᠳ ᠤᠨ ᠠᠩᠬᠠᠷᠤᠯ ᠤᠨ ᠭᠤᠣᠯᠳᠠᠯᠭ᠎ᠠ ᠪᠣᠯᠵᠤ ᠪᠠᠶᠢᠨ᠎ᠠ︾᠃ ᠬᠠᠭᠤᠴᠢᠨ ᠵᠠᠭᠪᠤᠷ ᠤᠨ ᠳᠣᠣᠷᠠᠬᠢ ᠬᠠᠩᠭᠠᠯᠭ᠎ᠠ ᠨᠢ ᠰᠠᠭᠤᠭᠠᠯᠢ ᠠᠷᠠᠳ ᠤᠨ ᠴᠢᠨᠠᠷ ᠰᠠᠶᠢᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠵᠤ ᠂ ᠣᠷᠣᠨ ᠰᠠᠭᠤᠴᠠ ᠶᠢᠨ ᠦᠢᠯᠡᠳᠬᠦᠨ ᠢ ᠲᠠᠰ ᠳᠡᠪᠰᠢᠭᠦᠯᠬᠦ ᠴᠢᠬᠤᠯᠠᠲᠠᠢ ᠪᠠᠶᠢᠨ᠎ᠠ ᠭᠡᠵᠦ ᠯᠢ ᠢᠦᠢ ᠵᠢᠶᠠ ᠢᠯᠡᠷᠬᠡᠶᠢᠯᠡᠪᠡ᠃         58 ᠠᠨ ᠵᠢᠦᠢ ᠺᠧ ᠰᠤᠳᠤᠯᠭᠠᠨ ᠤ ᠬᠦᠷᠢᠶᠡᠯᠡᠩ ᠤᠨ ᠵᠠᠳᠠᠯᠤᠭᠴᠢ ᠱᠧᠩ ᠹᠦ᠋ ᠵᠢᠶᠧ ᠪᠡᠭᠡᠵᠢᠩ ᠢᠶᠠᠷ ᠵᠢᠱᠢᠶᠡᠯᠡᠵᠦ ︽ᠰᠠᠶᠢᠨ ᠭᠡᠷ ᠪᠠᠶᠢᠰᠢᠩ︾ ᠤᠨ ᠵᠠᠬ᠎ᠠ ᠳᠡᠯᠭᠡᠭᠦᠷ ᠤᠨ ᠢᠯᠡᠷᠡᠯ ᠢ ᠵᠠᠳᠠᠯᠬᠤ ᠳᠠᠭᠠᠨ᠂ ᠰᠢᠨ᠎ᠡ ᠪᠠᠷ ᠵᠠᠬ᠎ᠠ ᠳᠡᠯᠭᠡᠭᠦᠷ ᠲᠤ ᠣᠷᠣᠭᠰᠠᠨ ︽ᠰᠠᠶᠢᠨ ᠭᠡᠷ ᠪᠠᠶᠢᠰᠢᠩ︾ ᠨᠢ ᠪᠠᠶᠢᠭ᠎ᠠ ᠭᠠᠵᠠᠷ ᠤᠨ ᠢᠶᠠᠨ ᠬᠠᠯᠠᠭᠤᠷᠠᠯ ᠤᠨ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠣᠬᠤᠷᠬᠠᠨ ᠬᠤᠭᠤᠴᠠᠭᠠᠨ ᠳᠤ ᠭᠡᠷ ᠪᠠᠶᠢᠰᠢᠩ ᠬᠤᠳᠠᠯᠳᠤᠨ ᠠᠪᠤᠭᠴᠢᠳ ᠤᠨ ᠤᠷᠮ᠎ᠠ ᠶᠢ ᠬᠦᠭᠵᠢᠭᠡᠵᠦ᠂ ᠰᠢᠨ᠎ᠡ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠯᠠᠭᠤᠷᠠᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠭᠡᠷ ᠪᠠᠶᠢᠰᠢᠩ ᠰᠣᠯᠢᠬᠤ ᠬᠡᠷᠡᠭᠴᠡᠭᠡ ᠶᠢ ᠳᠠᠶᠢᠴᠢᠯᠠᠵᠤ᠂ ᠤᠷᠤᠨ ᠰᠠᠭᠤᠴᠠ ᠶᠢᠨ ᠨᠦᠬᠦᠴᠡᠯ ᠢᠶᠠᠨ ᠰᠠᠶᠢᠵᠢᠷᠠᠭᠤᠯᠬᠤ ᠬᠦᠰᠡᠯ ᠢ ᠨᠠᠩ ᠢᠳᠡᠪᠬᠢᠲᠡᠢ ᠪᠣᠯᠭᠠᠵᠤ ᠴᠢᠳᠠᠨ᠎ᠠ ᠭᠡᠵᠡᠢ᠃       ᠵᠦᠩ ᡁᠢ ᠰᠤᠳᠤᠯᠭᠠᠨ ᠤ ᠬᠦᠷᠢᠶᠡᠯᠡᠩ ᠤᠨ ᠲᠤᠭ᠎ᠠ ᠪᠠᠷᠢᠮᠲᠠ ᠲᠠᠢ ᠤᠶᠠᠯᠳᠤᠭᠤᠯᠵᠤ ᠦᠵᠡᠪᠡᠯ᠂ 5 ᠳ᠋ᠤᠭᠠᠷ ᠰᠠᠷ᠎ᠠ ᠳᠤ᠂ ᠪᠥᠬᠦ ᠤᠯᠤᠰ ᠤᠨ 100 ᠵᠠᠭᠪᠤᠷ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠳᠤᠮᠳᠠᠴᠢ ᠦᠨ᠎ᠡ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 16815 ᠲᠥᠭᠦᠷᠢᠭ ᠪᠠᠶᠢᠵᠤ᠂ ᠬᠡᠰᠡᠭ ᠬᠤᠲᠠ ᠶᠢᠨ ᠴᠢᠨᠠᠷ ᠰᠠᠶᠢᠲᠠᠢ ᠰᠠᠶᠢᠵᠢᠷᠠᠭᠤᠯᠬᠤ ᠵᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠶᠢᠨ ᠳᠠᠶᠢᠴᠢᠯᠠᠯ ᠢᠶᠠᠷ᠂ ᠲᠦᠷᠦᠭᠦᠸ ᠰᠠᠷ᠎ᠠ ᠶᠢᠨ ᠬᠢ ᠠᠴᠠ ᠪᠦᠲᠦᠴᠡ ᠶᠢᠨ ᠴᠢᠨᠠᠷᠲᠠᠢ ᠪᠠᠷ 0.30% ᠪᠠᠷ ᠥᠰᠴᠦ᠂ ᠠᠳᠠᠯᠢ ᠬᠤᠭᠤᠴᠠᠭᠠᠨ ᠤ ᠬᠢ ᠠᠴᠠ 2.56% ᠪᠠᠷ ᠥᠰᠴᠡᠢ᠃ ᠱᠠᠩᠬᠠᠢ ᠶᠢᠨ ᠰᠢᠨ᠎ᠡ ᠭᠡᠷ ᠪᠠᠶᠢᠰᠢᠩ ᠤᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 1.47% ᠪᠠᠷ ᠥᠰᠴᠦ᠂ ᠥᠰᠦᠭᠰᠡᠨ ᠬᠡᠮᠵᠢᠶ᠎ᠡ ᠨᠢ ᠵᠠᠭᠤᠨ ᠬᠤᠲᠠ ᠶᠢᠨ ᠲᠡᠷᠢᠭᠦᠨ ᠳᠤ ᠣᠷᠣᠪᠠ᠃         ᠣᠳᠣᠬᠠᠨ ᠳᠤ ︽ᠰᠠᠶᠢᠨ ᠭᠡᠷ ᠪᠠᠶᠢᠰᠢᠩ︾ ᠢᠶᠠᠷ ᠭᠤᠣᠯ ᠪᠣᠯᠭᠠᠭᠰᠠᠨ ᠰᠠᠶᠢᠵᠢᠷᠠᠭᠤᠯᠬᠤ ᠬᠡᠯᠪᠡᠷᠢ ᠶᠢᠨ ᠲᠥᠷᠥᠯ ᠵᠦᠢᠯ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠳᠤ ᠴᠢᠬᠤᠯᠠ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃         ᠯᠢ ᠢᠦᠢ ᠵᠢᠶᠠ ᠵᠠᠳᠠᠯᠬᠤ ᠳᠠᠭᠠᠨ᠂ ᠣᠷᠣᠨ ᠰᠠᠭᠤᠴᠠ ᠶᠢᠨ ᠬᠡᠷᠡᠭᠯᠡᠭᠡᠨ ᠤ ᠬᠦᠷᠢᠶᠡᠨ ᠳᠠᠬᠢ ᠳᠣᠲᠣᠭᠠᠳᠤ ᠣᠷᠴᠢᠯ ᠪᠣᠯ ᠳᠠᠷᠤᠢ ᠲᠦᠷᠢᠶᠡᠰᠦᠯᠡᠬᠦ ᠪᠠ ᠬᠤᠳᠠᠯᠳᠤᠭᠠᠯᠠᠬᠤ᠂ ᠵᠠᠶᠢᠯᠠᠰᠢ ᠦᠭᠡᠢ ᠪᠠ ᠰᠠᠶᠢᠵᠢᠷᠠᠭᠤᠯᠬᠤ᠂ ᠰᠢᠨ᠎ᠡ ᠭᠡᠷ ᠪᠠᠶᠢᠰᠢᠩ ᠪᠠ ᠭᠠᠷ ᠳᠠᠮᠵᠢᠭᠰᠠᠨ ᠭᠡᠷ ᠪᠠᠶᠢᠰᠢᠩ ᠤᠨ ᠬᠤᠭᠤᠷᠣᠨᠳᠣᠬᠢ ᠬᠡᠷᠡᠭᠴᠡᠭᠡ ᠶᠢᠨ ᠣᠷᠴᠢᠯ ᠪᠣᠯᠣᠨ᠎ᠠ ᠭᠡᠵᠡᠢ᠃ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢᠨ ᠨᠡᠮᠡᠭᠳᠡᠯ ᠨᠢ ᠬᠡᠷᠡᠭᠴᠡᠭᠡ ᠶᠢ ᠬᠥᠲᠥᠯᠥᠨ ᠳᠠᠭᠠᠭᠤᠯᠬᠤ ᠪᠣᠯᠣᠨ᠎ᠠ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠡᠭᠦᠳᠡᠨ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ ᠣᠷᠳᠣ᠂ ᠳᠡᠭᠡᠷ᠎ᠡ ᠳᠤᠷᠠᠳᠤᠭᠰᠠᠨ ᠣᠷᠴᠢᠯ ᠤᠨ ᠰᠠᠭᠠᠳ ᠦᠭᠡᠢ ᠨᠡᠪᠲᠡᠷᠡᠬᠦ ᠨᠢ ᠬᠤᠯᠪᠣᠭᠳᠠᠯ ᠪᠦᠬᠦᠢ ᠠᠵᠢᠯ ᠲᠥᠷᠥᠯ ᠤᠨ ᠠᠵᠢᠯ ᠣᠯᠭᠤᠯᠲᠠ ᠪᠠ ᠬᠡᠷᠡᠭᠯᠡᠭᠡ ᠶᠢ ᠤᠯᠠᠮ ᠨᠢᠭᠡ ᠠᠯᠬᠤᠮ ᠳᠠᠶᠢᠴᠢᠯᠠᠵᠤ ᠴᠢᠳᠠᠨ᠎ᠠ᠃         ︽︿ᠰᠠᠶᠢᠨ ᠭᠡᠷ ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠨᠢ ᠠᠵᠢᠯ ᠲᠥᠷᠥᠯ ᠤᠨ ᠬᠡᠪᠴᠢᠶ᠎ᠡ ᠶᠢ ᠥᠷᠭᠡᠳᠬᠡᠬᠦ ᠠᠴᠠ ᠶᠠᠰᠤ ᠴᠢᠨᠠᠷ ᠢᠶᠠᠷ ᠬᠥᠳᠡᠯᠭᠡᠭᠦᠷ ᠪᠣᠯᠭᠠᠬᠤ ᠳᠠᠰᠢ ᠰᠢᠯᠵᠢᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠣᠶᠤᠨᠯᠢᠭ ᠭᠡᠷ ᠤᠨ ᠬᠡᠷᠡᠭᠰᠡᠯ ᠵᠡᠷᠭᠡ 50 ᠭᠠᠷᠤᠢ ᠬᠤᠯᠪᠣᠯᠳᠤᠭᠰᠠᠨ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠵᠤ᠂ ᠢᠷᠡᠭᠡᠳᠦᠢ ᠳᠤ ᠵᠢᠱᠢᠯᠲᠡ ᠪᠠᠷ ᠲᠦᠮᠡᠨ ᠳ᠋ᠦᠩᠰᠢᠭᠤᠷ ᠲᠥᠭᠦᠷᠢᠭ ᠤᠨ ᠲᠠᠰ ᠤᠨ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠪᠣᠯᠣᠨ᠎ᠠ ︾᠃ ︽ᠰᠠᠭᠤᠬᠤ ᠠᠴᠠ ᠣᠷᠣᠨ ᠰᠠᠭᠤᠴᠠ ᠲᠠᠢ︾ ᠪᠠᠶᠢᠭᠰᠠᠨ ᠠᠴᠠ ︽ᠰᠢᠯᠢᠳᠡᠭ ᠣᠷᠣᠨ ᠰᠠᠭᠤᠴᠠ ᠲᠠᠢ︾ ᠪᠣᠯᠲᠠᠯ᠎ᠠ᠂ ᠰᠢᠨ᠎ᠡ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠤᠯᠭᠠᠨ ᠪᠦᠲᠦᠭᠡᠨ ᠪᠠᠶᠢᠭᠤᠯᠬᠤ ᠪᠠ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠤᠯᠭᠠᠨ ᠦᠭᠡᠷᠡᠴᠢᠯᠡᠬᠦ ᠶᠢ ᠶᠠᠭ ᠪᠥᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ᠃ ᠦᠯᠡᠳᠡᠭᠡᠯ ᠰᠠᠭᠤᠭᠠᠯᠢ ᠠᠷᠠᠳ ᠲᠣᠭᠤᠷᠢᠭ ᠤᠨ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠴᠠ ᠠᠪᠴᠤ ᠬᠡᠯᠡᠪᠡᠯ᠂ ᠬᠠᠲᠠᠭᠤ ᠬᠡᠷᠡᠭᠰᠡᠯ ᠢ ᠲᠠᠰ ᠳᠡᠪᠰᠢᠭᠦᠯᠬᠦ᠂ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠬᠢᠶ᠎ᠡ ᠶᠢ ᠬᠠᠮᠵᠢᠯᠴᠠᠭᠤᠯᠬᠤ ᠪᠠᠷ ᠳᠠᠮᠵᠢᠭᠤᠯᠤᠨ᠂ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠥᠭᠡᠷᠡᠴᠢᠯᠡᠬᠦ ᠨᠢ ᠮᠥᠨ ᠴᠦ ᠭᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠶᠢ ᠬᠤᠪᠢᠷᠠᠭᠤᠯᠬᠤ ᠪᠠ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠪᠣᠯᠬᠤ ᠶᠤᠮ᠃ ᠢᠷᠡᠯᠲᠡ᠄ ᠦᠨᠡᠲᠦ ᠲᠡᠮᠳᠡᠭᠲᠦ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1