ᠳᠣᠲᠣᠭᠠᠳᠤ ᠬᠡᠷᠡᠭᠴᠡᠭᠡ ᠪᠣᠯ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ | ᠬᠥᠳᠡᠯᠭᠡᠬᠦ ᠬᠦᠴᠦᠨ ᠪᠣᠯᠣᠨ᠎ᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠣᠯ ᠠᠵᠤ ᠠᠬᠤᠢ ᠶᠢᠨ ᠲᠣᠭᠲᠠᠭᠤᠨ | ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠠᠲᠤᠯᠠᠬᠤ ᠦᠨᠳᠦᠰᠦᠨ ᠵᠣᠭᠰᠣᠴᠠ ᠪᠣᠯᠣᠨ᠎ᠠ᠃ ᠣᠳᠣᠬᠠᠨ ᠳᠤ᠂ | ᠭᠠᠳᠠᠭᠠᠳᠤ ᠣᠷᠴᠢᠨ ᠤ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠲᠦᠷᠭᠡᠳᠴᠦ᠂ ᠭᠠᠳᠠᠭᠠᠳᠤ | ᠬᠡᠷᠡᠭᠴᠡᠭᠡ ᠶᠢᠨ ᠲᠣᠭᠲᠠᠪᠤᠷᠢ ᠦᠭᠡᠢ ᠴᠢᠨᠠᠷ ᠠᠭᠠᠵᠢᠮ ᠢᠶᠠᠷ ᠳᠡᠭᠡᠭᠰᠢᠯᠡᠵᠦ ᠪᠠᠶᠢᠨ᠎ᠠ᠃ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠨᠢ ᠭᠠᠳᠠᠭᠠᠳᠤ ᠶᠢᠨ ᠳᠠᠭᠠᠷᠢᠯᠲᠠ ᠶᠢ ᠬᠤᠷᠢᠭᠯᠠᠵᠤ᠂ ᠮᠠᠨ ᠤ | ᠤᠯᠤᠰ ᠤᠨ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠭᠠᠷᠳᠠᠴᠠ ᠪᠣᠯᠣᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ | ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠠᠢᠮᠠᠨ ᠵᠦᠢᠯ ᠤᠨ ᠡᠭᠦᠷᠭᠡ ᠶᠢ | ᠲᠣᠳᠣᠷᠬᠠᠢ ᠲᠣᠭᠲᠠᠭᠠᠨ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠳᠤ ᠴᠢᠬᠤᠯᠠ | ᠲᠤᠯᠭᠠᠭᠤᠷᠢᠯᠠᠯ ᠬᠠᠩᠭᠠᠵᠤ᠂ ᠬᠤᠲᠠ ᠶᠢᠨ ᠰᠢᠨᠡᠴᠢᠯᠡᠯᠳᠡ ᠶᠢᠨ ᠠᠵᠤ ᠠᠬᠤᠢ ᠶᠢ ᠲᠣᠭᠲᠠᠭᠤᠨ ᠪᠠᠶᠢᠯᠭᠠᠬᠤ | ᠵᠢᠷᠭᠤᠭᠠᠨ ᠶᠡᠭᠡ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃ | ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ᠃ ︽ᠰᠠᠨᠠᠯ︾ ᠳᠤ ᠬᠤᠲᠠ ᠶᠢᠨ ᠰᠢᠨᠡᠴᠢᠯᠡᠯᠲᠡ ᠶᠢᠨ | ᠨᠠᠢᠮᠠᠨ ᠵᠦᠢᠯ ᠤᠨ ᠶᠡᠭᠡ ᠲᠥᠷᠥᠯ ᠤᠨ ᠡᠭᠦᠷᠭᠡ ᠶᠢ ᠲᠣᠭᠲᠠᠭᠠᠵᠠᠢ᠂ ᠡᠭᠦᠨ ᠳᠤ ᠪᠠᠰᠠ ᠮᠠᠰᠢ ᠣᠯᠠᠨ ᠪᠠᠭ᠎ᠠ | ᠲᠥᠷᠥᠯ ᠢ ᠪᠠᠭᠲᠠᠭᠠᠵᠤ᠂ ᠨᠠᠷᠢᠨ ᠪᠤᠳᠤᠯᠢᠶᠠᠨᠲᠠᠢ ᠣᠯᠠᠨ ᠶᠠᠩᠵᠤ ᠶᠢᠨ ᠪᠠᠶᠢᠵᠤ᠂ ᠠᠳᠠᠯᠢ ᠪᠤᠰᠤ ᠲᠠᠯ᠎ᠠ ᠠᠴᠠ | ᠤᠯᠤᠰ ᠠᠷᠠᠳ ᠤᠨ ᠠᠵᠤ ᠠᠬᠤᠢ ᠶᠢ ᠳᠠᠶᠢᠴᠢᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠨᠢᠭᠡ ᠳᠤ᠂ ᠭᠡᠷ | ᠪᠠᠶᠢᠰᠢᠩ ᠤᠨ ᠲᠥᠷᠥᠯ ᠤᠨ ᠪᠡᠯᠡ ᠣᠷᠣᠭᠤᠯᠤᠯᠲᠠ᠃ ᠵᠢᠱᠢᠶᠡᠯᠡᠪᠡᠯ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ | ᠂ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠬᠦ᠂ ᠭᠠᠵᠠᠷ ᠬᠥᠳᠡᠯᠦᠯᠲᠡ ᠶᠢᠨ ᠲᠠᠭᠠᠭᠠᠴᠠ ᠶᠢ | ᠪᠠᠬᠢᠵᠢᠭᠦᠯᠬᠦ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠪᠡᠶ᠎ᠡ ᠪᠠᠨ ᠳᠠᠭᠠᠭᠠᠵᠤ ᠰᠢᠨᠡᠴᠢᠯᠡᠯᠳᠡ ᠬᠢᠬᠦ ᠵᠡᠷᠭᠡ ᠪᠡᠯᠡ | ᠣᠷᠣᠭᠤᠯᠤᠯᠲᠠ ᠨᠢ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠰ ᠢ ᠰᠢᠭᠤᠳ ᠲᠠᠶᠢᠴᠢᠯᠠᠵᠦ | ᠪᠣᠯᠣᠨ᠎ᠠ᠃ ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠲᠦᠷᠦᠯ ᠤᠨ ᠪᠡᠯᠡ ᠣᠷᠣᠭᠤᠯᠤᠯᠲᠠ᠃ ᠵᠢᠱᠢᠶᠡᠯᠡᠪᠡᠯ | ᠭᠠᠵᠠᠷ ᠳᠣᠣᠷᠠᠬᠢ ᠬᠤᠭᠤᠯᠠᠢ ᠲᠣᠣᠷ ᠪᠠ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ᠂ | ᠠᠮᠢᠳᠤᠷᠠᠯ ᠤᠨ ᠪᠣᠬᠢᠷ ᠤᠰᠤ ᠵᠢᠴᠢ ᠪᠣᠬᠢᠷ ᠰᠢᠪᠠᠷ ᠢ ᠰᠢᠢᠳᠪᠦᠷᠢᠯᠡᠬᠦ ᠪᠡᠯᠡᠳᠬᠡᠮᠵᠢ᠂ ᠤᠰᠤ ᠭᠠᠳᠠᠭᠰᠢᠯᠠᠭᠤᠯᠬᠤ | ᠤᠰᠤᠲᠤᠯ ᠢ ᠰᠡᠷᠭᠡᠶᠢᠯᠡᠬᠦ ᠪᠡᠯᠡᠳᠬᠡᠮᠵᠢ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ᠂ ᠤᠯᠠᠨ | ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ᠂ ᠬᠠᠭᠤᠴᠢᠨ ᠰᠠᠭᠤᠭᠠᠯᠢ ᠠᠷᠠᠳ ᠲᠣᠭᠤᠷᠢᠭ ᠤᠨ ᠰᠠᠭᠤᠷᠢ | ᠪᠡᠯᠡᠳᠬᠡᠮᠵᠢ ᠵᠡᠷᠭᠡ ᠨᠢ ᠴᠠᠬᠢᠯᠭᠠᠨ᠂ ᠪᠣᠯᠣᠳ ᠲᠡᠮᠦᠷ᠂ ᠤᠰᠤᠨ ᠠᠰᠢᠭᠯᠠᠯᠲᠠ᠂ ᠭᠠᠯ ᠤᠨᠲᠠᠷᠠᠭᠠᠬᠤ ᠵᠡᠷᠭᠡ | ᠬᠤᠯᠪᠣᠭᠳᠠᠯ ᠪᠦᠬᠦᠢ ᠠᠵᠢᠯ ᠲᠦᠷᠦᠯ ᠤᠨ ᠪᠡᠯᠡ ᠣᠷᠣᠭᠤᠯᠤᠯᠲᠠ ᠶᠢ ᠳᠠᠶᠢᠴᠢᠯᠠᠬᠤ ᠳᠤ ᠠᠰᠢᠭᠲᠠᠢ ᠶᠤᠮ᠃ | ᠭᠤᠷᠪᠠ ᠳᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠪᠡᠯᠡ ᠣᠷᠣᠭᠤᠯᠤᠯᠲᠠ᠃ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ ᠢ | ᠪᠦᠲᠦᠭᠡᠨ ᠪᠠᠶᠢᠭᠤᠯᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤᠮᠳᠠ᠂ ᠣᠯᠠᠨ ᠨᠡᠶᠢᠲᠡ ᠶᠢᠨ | ᠦᠢᠯᠡᠴᠢᠯᠡᠭᠡᠨ ᠤ ᠲᠤᠳᠠᠭᠳᠠᠯ ᠢ ᠨᠦᠬᠦᠪᠦᠷᠢᠯᠡᠨ᠎ᠡ᠂ ᠵᠢᠱᠢᠶᠡᠯᠡᠪᠡᠯ ᠰᠤᠷᠭᠠᠨ ᠬᠥᠮᠦᠵᠢᠯ᠂ ᠡᠮᠴᠢᠯᠡᠭᠡ᠂ ᠰᠣᠶᠣᠯ᠂ | ᠵᠠᠮ ᠬᠠᠷᠢᠯᠴᠠᠭ᠎ᠠ᠂ ᠬᠤᠳᠠᠯᠳᠤᠭᠠᠨ ᠤ ᠦᠢᠯᠡᠴᠢᠯᠡᠭᠡ ᠵᠡᠷᠭᠡ ᠨᠡᠶᠢᠭᠡᠮ ᠤᠨ ᠦᠢᠯᠡᠴᠢᠯᠡᠭᠡᠨ ᠤ ᠪᠡᠯᠡᠳᠬᠡᠮᠵᠢ ᠶᠢ | ᠨᠥᠬᠦᠪᠦᠷᠢᠯᠡᠬᠦ ᠨᠢ ᠪᠠᠷᠢᠯᠭ᠎ᠠ᠂ ᠰᠣᠶᠣᠯ᠂ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ ᠤᠨ ᠬᠥᠭᠵᠢᠯᠲᠡ ᠶᠢ | ᠳᠠᠶᠢᠴᠢᠯᠠᠬᠤ ᠳᠤ ᠠᠰᠢᠭᠲᠠᠢ ᠶᠤᠮ᠃ ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠬᠤᠶᠠᠷ ᠵᠢᠯ ᠳᠤ ᠪᠦᠬᠦ | ᠤᠯᠤᠰ ᠤᠨ ᠬᠤᠳᠠ ᠶᠢᠨ ᠰᠢᠨᠡᠴᠢᠯᠡᠯᠲᠡ ᠶᠢᠨ ᠨᠠᠢᠮᠠᠨ ᠶᠡᠭᠡ ᠲᠦᠷᠦᠯ ᠤᠨ ᠡᠭᠦᠷᠭᠡ ᠶᠢᠨ ᠵᠢᠯ ᠪᠦᠷᠢ ᠶᠢᠨ ᠪᠡᠯᠡ | ᠣᠷᠣᠭᠤᠯᠤᠯᠲᠠ ᠶᠢᠨ ᠲᠦᠷᠦᠯ ᠵᠦᠢᠯ 6 ᠲᠦᠮᠡ ᠣᠷᠴᠢᠮ ᠳᠤ ᠪᠠᠶᠢᠵᠦ᠂ ᠪᠡᠯᠡ ᠣᠷᠣᠭᠤᠯᠤᠯᠲᠠ ᠶᠢᠨ ᠵᠤᠭᠤᠰ ᠤᠨ | ᠲᠤᠭ᠎ᠠ ᠨᠢ 2.5 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠠᠴᠠ ᠭᠠᠳᠠᠨ᠎ᠠ᠂ ᠬᠤᠲᠠ ᠶᠢᠨ | ᠰᠢᠨᠡᠴᠢᠯᠡᠯᠲᠡ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠳᠠᠶᠢᠴᠢᠯᠠᠬᠤ ᠪᠠᠷ ᠪᠠᠷᠠᠬᠤ ᠦᠭᠡᠢ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠶᠢ ᠴᠤ ᠳᠠᠶᠢᠴᠢᠯᠠᠳᠠᠭ᠂ ᠵᠢᠱᠢᠶᠡᠯᠡᠪᠡᠯ ᠵᠧ ᠭᠦᠩ ᠰᠢᠨ᠎ᠡ ᠲᠣᠰᠬᠤᠨ ᠤ | ᠰᠠᠭᠤᠭᠠᠯᠢ ᠠᠷᠠᠳ ᠬᠡᠳᠦᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠳᠠᠬᠢᠨ ᠪᠠᠶᠢᠭᠤᠯᠬᠤ | ᠵᠠᠷᠤᠳᠠᠯ ᠤᠨ 80% ᠣᠷᠴᠢᠮ ᠢ ᠡᠵᠡᠯᠡᠪᠡ᠃ | ᠬᠡᠷᠡᠭᠯᠡᠭᠡ ᠶᠢ ᠠᠬᠢᠭᠤᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠡᠷᠡᠭᠯᠡᠭᠡ | ᠶᠢ ᠠᠬᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠭᠰᠠᠨ ᠪᠣᠯᠬᠤᠷ ᠬᠤᠲᠠ ᠶᠢᠨ ᠰᠢᠨᠡᠴᠢᠯᠡᠯᠲᠡ ᠨᠢ ᠬᠡᠷᠡᠭᠯᠡᠭᠡ ᠶᠢᠨ | ᠳᠠᠯᠳᠠ ᠬᠦᠴᠦᠨ ᠢ ᠨᠡᠩ ᠪᠦᠳᠦᠮᠵᠢᠳᠡᠢ ᠬᠥᠭᠵᠢᠭᠡᠬᠦ ᠴᠢᠳᠠᠨ᠎ᠠ᠃ ᠨᠢᠭᠡ ᠳᠤ᠂ ᠬᠡᠷᠡᠭᠯᠡᠭᠡᠨ ᠤ ᠪᠠᠶᠢᠳᠠᠯ ᠢ ᠪᠤᠢ | ᠪᠣᠯᠭᠠᠨ᠎ᠠ᠃ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠬᠦ᠂ | ᠬᠤᠳᠠᠯᠳᠤᠭᠠᠨ ᠤ ᠶᠠᠪᠠᠭᠠᠨ ᠵᠡᠭᠡᠯᠢ ᠪᠠ ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ ᠳᠡᠭᠡᠭᠰᠢᠯᠡᠭᠦᠯᠬᠦ | ᠵᠡᠷᠭᠡ ᠪᠠᠷ ᠳᠠᠮᠵᠢᠭᠤᠯᠤᠨ ᠬᠡᠷᠡᠭᠯᠡᠭᠡᠨ ᠤ ᠰᠢᠨ᠎ᠡ ᠪᠠᠶᠢᠳᠠᠯ ᠢ ᠬᠠᠩᠭᠠᠵᠤ᠂ ᠰᠣᠶᠣᠯ ᠵᠢᠭᠤᠯᠴᠢᠯᠠᠯ ᠪᠠ ᠬᠡᠷᠡᠭᠯᠡᠭᠡᠨ ᠤ | ᠬᠠᠷᠢᠯᠴᠠᠨ ᠠᠬᠢᠭᠤᠯᠵᠤ ᠲᠡᠰ ᠳᠡᠪᠰᠢᠬᠦ ᠳᠤ ᠠᠰᠢᠭᠲᠠᠢ ᠪᠣᠯᠭᠠᠵᠠᠢ᠃ ᠵᠢᠱᠢᠶᠡᠯᠡᠪᠡᠯ ᠴᠢᠩᠳᠣᠣ ᠶᠢᠨ ᠰᠧ ᠹᠠᠩ | ᠵᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ ᠢ 2023 | ᠣᠨ ᠳᠤ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠤᠶᠠᠳᠤᠭᠠᠷ ᠵᠢᠯ ᠤᠨ ᠪᠣᠷᠤᠯᠠᠭᠤᠯᠭ᠎ᠠ ᠶᠢᠨ | ᠬᠡᠮᠵᠢᠶ᠎ᠡ ᠨᠢ 1 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠬᠤᠶᠠᠷ ᠲᠤ᠂ ᠬᠡᠷᠡᠭᠯᠡᠭᠡᠨ ᠤ ᠠᠴᠢᠶᠠᠯᠠᠪᠤᠷᠢ ᠶᠢ | ᠬᠠᠩᠭᠠᠨ᠎ᠠ᠃ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠡᠯᠡᠳᠬᠡᠮᠵᠢ᠂ | ᠠᠷᠠᠳ ᠲᠤ ᠲᠥᠬᠦᠮ ᠦᠵᠡᠭᠦᠯᠬᠦ ᠬᠤᠳᠠᠯᠳᠤᠭᠠᠨ ᠤ ᠦᠢᠯᠡᠴᠢᠯᠡᠭᠡᠨ ᠤ ᠪᠡᠯᠡᠳᠬᠡᠮᠵᠢ᠂ ᠣᠯᠠᠨ ᠨᠡᠶᠢᠲᠡ ᠶᠢᠨ | ᠠᠵᠢᠯᠯᠠᠭᠠᠨ ᠤ ᠲᠠᠯᠠᠪᠤᠷ ᠭᠠᠵᠠᠷ᠂ ︽ᠨᠢᠭᠡ ᠨᠠᠰᠤᠲᠠᠨ ᠨᠢᠭᠡ ᠨᠢᠯᠬᠠᠰ︾ ᠤᠨ ᠪᠡᠯᠡᠳᠬᠡᠮᠵᠢ ᠵᠡᠷᠭᠡ ᠶᠢ | ᠲᠡᠭᠦᠯᠳᠡᠷᠵᠢᠭᠦᠯᠵᠦ᠂ ᠬᠤᠭᠤᠯᠠ ᠤᠮᠳᠠ᠂ ᠠᠳᠠᠯ ᠠᠬᠤᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ᠂ ᠨᠡᠶᠢᠳᠡᠮ ᠬᠠᠷᠠᠭᠠᠯᠵᠠᠬᠤ ᠨᠠᠶᠢᠳᠠᠨ ᠬᠥᠮᠥᠵᠢᠭᠦᠯᠬᠦ ᠪᠡᠯᠡᠳᠬᠡᠮᠵᠢ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠨᠡᠮᠡᠵᠦ ᠪᠠᠶᠢᠭᠤᠯᠬᠤ ᠪᠣᠯ ᠬᠡᠷᠡᠭᠯᠡᠭᠡ ᠶᠢ ᠥᠷᠭᠡᠳᠬᠡᠬᠦ ᠪᠣᠳᠠᠰ ᠤᠨ | ᠠᠴᠢᠶᠠᠯᠠᠪᠤᠷᠢ ᠪᠣᠯᠣᠨ᠎ᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ ᠪᠦᠬᠦ ᠤᠯᠤᠰ ᠤᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠦᠢᠯᠡᠴᠢᠯᠡᠭᠡᠨ ᠤ ᠴᠢᠨᠠᠷᠲᠠᠢ ᠬᠡᠷᠡᠭᠯᠡᠭᠡᠨ ᠤ ᠵᠠᠷᠤᠯᠭ᠎ᠠ ᠨᠢ ᠰᠠᠭᠤᠭᠠᠯᠢ | ᠠᠷᠠᠳ ᠤᠨ ᠬᠡᠷᠡᠭᠯᠡᠭᠡᠨ ᠤ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 46.1% ᠪᠠᠶᠢᠵᠤ᠂ ᠶᠡᠬᠡᠩᠬᠢ ᠬᠡᠰᠡᠭ | ᠨᠢ ᠨᠡᠶᠢᠭᠡᠮ ᠲᠣᠭᠤᠷᠢᠭ ᠤᠨ ᠳᠠᠪᠬᠤᠷᠭ᠎ᠠ ᠳᠤ ᠶᠠᠪᠤᠭᠳᠠᠵᠤ᠂ ᠬᠡᠷᠡᠭᠯᠡᠭᠡᠨ ᠤ ᠰᠡᠷᠭᠦᠨ ᠨᠡᠮᠡᠭᠳᠡᠬᠦ ᠶᠢᠨ ᠴᠢᠬᠤᠯᠠ | ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠭᠤᠷᠪᠠ ᠳᠤ᠂ ᠣᠷᠣᠨ ᠰᠠᠭᠤᠴᠠ ᠶᠢᠨ ᠬᠡᠷᠡᠭᠯᠡᠭᠡ ᠶᠢ ᠲᠠᠶᠢᠴᠢᠯᠠᠨ᠎ᠠ᠃ ︽ | ᠰᠠᠨᠠᠯ︾ ᠳᠤ ︽ᠰᠠᠶᠢᠨ ᠭᠡᠷ ᠪᠠᠶᠢᠰᠢᠩ ᠢ ᠪᠦᠲᠦᠭᠡᠨ ᠪᠠᠶᠢᠭᠤᠯᠬᠤ︾ ᠪᠠ ︽ᠭᠠᠵᠠᠷ ᠰᠢᠷᠣᠢ ᠶᠢ ᠬᠤᠯᠢᠯᠳᠤᠭᠤᠯᠤᠨ | ᠨᠡᠭᠡᠭᠡᠨ ᠠᠰᠢᠭᠯᠠᠬᠤ ᠪᠠ ᠬᠡᠷᠡᠭᠯᠡᠯᠲᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠤᠨ᠎ᠠ︾ | ᠭᠡᠵᠦ ᠳᠤᠷᠠᠳᠤᠨ ᠭᠠᠷᠭᠠᠭᠰᠠᠨ ᠨᠢ ᠣᠷᠣᠨ ᠰᠠᠭᠤᠴᠠ ᠶᠢᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠪᠠ | ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠶᠢᠭᠤᠯᠤᠮᠵᠢ ᠵᠡᠷᠭᠡ ᠶᠢᠨ ᠬᠥᠭᠵᠢᠯᠲᠡ ᠶᠢ ᠠᠬᠢᠭᠤᠯᠬᠤ ᠳᠤ ᠠᠰᠢᠭᠲᠠᠢ | ᠶᠤᠮ᠃ ᠡᠭᠦᠨ ᠠᠴᠠ ᠭᠠᠳᠠᠨ᠎ᠠ᠂ ᠣᠷᠣᠨ ᠰᠠᠭᠤᠴᠠ ᠶᠢ ᠪᠡᠶ᠎ᠡ ᠪᠠᠨ ᠳᠠᠭᠠᠭᠠᠵᠤ ᠰᠢᠨᠡᠳᠬᠡᠬᠦ ᠳᠤ᠂ ᠡᠩ ᠤᠨ | ᠪᠠᠶᠢᠳᠠᠯ ᠳᠤ ᠭᠠᠵᠠᠷ ᠳᠣᠣᠷᠠᠬᠢ ᠲᠡᠷᠭᠡᠨ ᠵᠣᠭᠰᠣᠭᠠᠯ᠂ ᠬᠡᠪᠴᠢᠶ᠎ᠡ ᠶᠢ ᠥᠷᠭᠡᠳᠬᠡᠬᠦ᠂ ᠣᠯᠠᠨ ᠨᠡᠶᠢᠲᠡ ᠶᠢᠨ | ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠶᠢ ᠨᠡᠮᠡᠨ ᠪᠠᠶᠢᠭᠤᠯᠵᠤ᠂ ᠭᠡᠷ ᠤᠨ ᠡᠳ᠋ᠯᠡᠯ ᠬᠡᠷᠡᠭᠰᠡᠯ᠂ ᠵᠠᠰᠠᠵᠤ | ᠴᠢᠮᠡᠭᠯᠡᠬᠦ᠂ ᠭᠡᠷ ᠤᠨ ᠴᠠᠬᠢᠯᠭᠠᠨ ᠬᠡᠷᠡᠭᠰᠡᠯ᠂ ᠲᠡᠷᠭᠡ ᠬᠥᠰᠬᠡ ᠬᠤᠳᠠᠯᠳᠤᠨ ᠠᠪᠬᠤ ᠵᠡᠷᠭᠡ ᠶᠢ ᠪᠦᠲᠦᠮᠵᠢᠲᠡᠶ | ᠠᠬᠢᠭᠤᠯᠵᠤ ᠴᠢᠳᠠᠨ᠎ᠠ᠃ | ᠭᠦᠢᠯᠭᠡᠭᠡᠨ ᠤ ᠬᠤᠷᠳᠤᠴᠠ ᠶᠢ ᠲᠦᠷᠭᠡᠳᠬᠡᠨ᠎ᠡ᠃ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠪᠣᠯ ᠬᠤᠳᠠ ᠶᠢᠨ ᠦᠢᠯᠡᠳᠪᠦᠷᠢᠯᠡᠯ ᠠᠮᠢᠳᠤᠷᠠᠯ ᠤᠨ ᠠᠮᠢᠨ ᠰᠤᠳᠠᠰᠤ ᠮᠥᠨ᠃ | ᠡᠭᠦᠨ ᠢ ᠠᠮᠢᠳᠤᠷᠠᠯ ᠤᠨ ᠲᠥᠷᠥᠯ ᠤᠨ ᠲᠥᠬᠦᠭᠡᠷᠦᠮᠵᠢ ᠪᠠ ᠦᠢᠯᠡᠳᠪᠦᠷᠢᠯᠡᠯ ᠤᠨ ᠲᠥᠷᠥᠯ ᠤᠨ ᠲᠥᠬᠦᠭᠡᠷᠦᠮᠵᠢ | ᠭᠡᠵᠦ ᠬᠤᠪᠢᠶᠠᠵᠤ ᠪᠣᠯᠣᠨ᠎ᠠ᠃ ᠨᠢᠭᠡ ᠳᠤ᠂ ᠠᠮᠢᠳᠤᠷᠠᠯ ᠤᠨ ᠲᠦᠷᠦᠯ ᠤᠨ ᠲᠥᠬᠦᠭᠡᠷᠦᠮᠵᠢ᠂ ᠵᠢᠱᠢᠶᠡᠯᠡᠪᠡᠯ | ᠬᠤᠳᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠪᠣᠬᠢᠷ ᠤᠰᠤ᠂ ᠢᠯᠴᠢ | ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠲᠣᠣᠷ ᠪᠠ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ | ᠬᠤᠩᠭᠢᠯ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠵᠦ᠂ ᠠᠷᠠᠳ ᠤᠨ ᠠᠮᠢᠳᠤᠷᠠᠯ ᠢ ᠨᠡᠩ | ᠳᠥᠭᠦᠮ ᠳᠥᠲᠡ᠂ ᠨᠡᠩ ᠲᠠᠭᠠᠯᠠᠮᠵᠢᠲᠠᠢ ᠪᠣᠯᠭᠠᠨ᠎ᠠ︔ ᠬᠤᠶᠠᠷ ᠲᠤ᠂ ᠦᠢᠯᠡᠳᠪᠦᠷᠢᠯᠡᠯ ᠤᠨ ᠲᠥᠷᠥᠯ ᠤᠨ | ᠲᠥᠬᠦᠭᠡᠷᠦᠮᠵᠢ ᠪᠣᠯᠣᠨ᠎ᠠ᠂ ︽ᠰᠠᠨᠠᠯ︾ ᠳᠤ ︽ᠲᠦᠷᠭᠡᠨ ᠤ ᠵᠠᠮ ᠬᠠᠷᠢᠯᠴᠠᠭ᠎ᠠ᠂ ᠠᠮᠢᠳᠤᠷᠠᠯ ᠤᠨ ᠴᠢᠨᠠᠷᠲᠠᠢ | ᠲᠥᠪᠯᠡᠷᠡᠭᠦᠯᠵᠦ ᠲᠠᠷᠬᠠᠭᠠᠬᠤ ᠵᠠᠮ ᠬᠠᠷᠢᠯᠴᠠᠭ᠎ᠠ ᠪᠠ ᠪᠣᠬᠢᠷᠲᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ | ᠬᠥᠭᠵᠢᠭᠦᠯᠵᠦ᠂ ᠲᠡᠷᠭᠡ ᠵᠣᠭᠰᠣᠬᠤ ᠲᠥᠬᠦᠭᠡᠷᠦᠮᠵᠢ ᠶᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ︾ ᠭᠡᠵᠦ | ᠳᠤᠷᠠᠳᠤᠨ ᠭᠠᠷᠭᠠᠪᠠ᠃ ︽ᠬᠤᠲᠠ ᠶᠢᠨ ᠪᠠᠷᠠᠭᠠᠨ ᠤ ᠲᠡᠭᠡᠭᠡᠪᠦᠷᠢ ᠶᠢᠨ ᠰᠦᠯᠵᠢᠶ᠎ᠡ ᠶᠢᠨ ᠲᠥᠯᠦᠪᠵᠢᠭᠦᠯᠭᠡ ᠵᠢᠷᠤᠭ | ᠲᠥᠯᠥᠪᠯᠡᠭᠡ ᠶᠢ ᠰᠢᠯᠢᠳᠡᠭᠵᠢᠭᠦᠯᠵᠦ᠂ ᠱᠠᠲᠤ ᠬᠤᠪᠢᠶᠠᠨ ᠲᠣᠬᠢᠷᠠᠭᠤᠯᠤᠨ ᠬᠦᠷᠭᠡᠬᠦ ᠪᠡᠯᠡᠳᠬᠡᠮᠵᠢ ᠶᠢᠨ ᠰᠢᠰᠲ᠋ᠧᠮᠵᠢ ᠶᠢ | ᠪᠦᠷᠢᠨᠰᠢᠭᠦᠯᠦᠨ᠎ᠡ︾᠃ ᠡᠨᠡ ᠪᠣᠯ ᠮᠠᠨ ᠤ ᠤᠯᠤᠰ ᠤᠨ ᠬᠤᠲᠠ ᠶᠢᠨ ᠵᠠᠮ ᠬᠠᠷᠢᠯᠴᠠᠭ᠎ᠠ ᠪᠣᠯᠣᠨ ᠪᠠᠷᠠᠭᠠᠨ ᠤ | ᠭᠦᠢᠯᠭᠡᠭᠡᠨ ᠤ ᠰᠢᠰᠲ᠋ᠧᠮ ᠤᠨ ᠥᠭᠡᠷᠡᠴᠢᠯᠡᠯᠲᠡ ᠶᠢᠨ ᠴᠢᠬᠤᠯᠠ ᠪᠦᠷᠢᠯᠳᠦᠭᠦᠨ ᠬᠡᠰᠡᠭ ᠤᠨ ᠨᠢᠭᠡ ᠪᠣᠯᠬᠤ ᠪᠥᠭᠡᠳ ︽ | ᠡᠴᠦᠰ ᠤᠨ ᠨᠢᠭᠡ ᠺᠢᠯᠣᠮᠧᠲᠷ︾ ᠪᠣᠯᠣᠨ᠎ᠠ᠃ ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡ ᠬᠢᠭᠡᠳ ᠬᠤᠳᠠᠯᠳᠤᠨ | ᠠᠪᠬᠤ ᠬᠤᠯᠪᠤᠭ᠎ᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ 2024 ᠣᠨ ᠳᠤ ᠮᠠᠨ ᠤ ᠤᠯᠤᠰ ᠤᠨ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠶᠡᠷᠦᠩᠬᠡᠢ ᠵᠠᠷᠤᠳᠠᠯ ᠬᠢᠭᠡᠳ GDP ᠶᠢᠨ ᠬᠠᠷᠢᠴᠠᠯ 14.1% ᠪᠠᠶᠢᠵᠤ᠂ | ᠠᠮᠧᠷᠢᠺᠠ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠢ ᠥᠪᠡᠷ ᠤᠨ ᠦᠷᠳᠡᠭ GDP ᠶᠢᠨ ᠬᠠᠷᠢᠴᠠᠯ ︵2022 | ᠣᠨ ᠳᠤ 8% ᠢ ᠡᠵᠡᠯᠡᠪᠡ︶ ᠠᠴᠠ ᠥᠨᠳᠥᠷ ᠪᠣᠯᠵᠠᠢ᠃ ᠬᠡᠯᠡᠯᠭᠡᠨ ᠦᠭᠡᠢ᠂ ᠬᠤᠲᠠ ᠶᠢᠨ ᠰᠢᠨᠡᠴᠢᠯᠡᠯᠲᠡ ᠨᠢ | ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠳᠤ ᠠᠰᠢᠭᠲᠠᠢ ᠪᠠᠶᠢᠵᠤ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠶᠡᠭᠡ ᠣᠷᠴᠢᠯ ᠵᠢᠴᠢ GDP ᠶᠢᠨ ᠨᠡᠮᠡᠭᠳᠡᠯ ᠢ ᠠᠬᠢᠭᠤᠯᠬᠤ ᠳᠤ ᠬᠦᠴᠦᠷᠬᠡᠭ | ᠶᠡᠭᠡ ᠲᠦᠰᠢᠭ ᠲᠤᠯᠭᠠᠭᠤᠷᠢ ᠬᠠᠩᠭᠠᠬᠤ ᠪᠣᠯᠣᠨ᠎ᠠ᠃ | ᠬᠡᠯᠪᠡᠷᠢ ᠬᠤᠪᠢᠷᠠᠭᠤᠯᠬᠤ ᠶᠢ ᠠᠬᠢᠭᠤᠯᠤᠨ᠎ᠠ᠃ ᠨᠢᠭᠡ ᠳᠤ᠂ ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠶᠢ | ᠠᠬᠢᠭᠤᠯᠤᠨ᠎ᠠ᠃ ᠤᠯᠤᠰ ᠠᠷᠠᠳ ᠤᠨ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠲᠣᠬᠢᠷᠠᠭᠤᠯᠤᠯᠲᠠ ᠶᠢ | ᠳᠠᠭᠠᠯᠳᠤᠨ᠂ ᠬᠤᠶᠠᠷ ᠢ ᠤᠬᠤᠷᠢᠭᠤᠯᠤᠨ ᠭᠤᠷᠪᠠ ᠶᠢ ᠠᠬᠢᠭᠤᠯᠬᠤ ᠨᠢ ᠬᠡᠪ ᠤᠨ ᠪᠠᠶᠢᠳᠠᠯ ᠪᠣᠯᠵᠤ᠂ ᠬᠠᠭᠤᠴᠢᠨ | ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠳᠤ ᠰᠢᠨ᠎ᠡ ᠡᠵᠡᠩᠨᠡᠯᠲᠡ ᠶᠢᠨ ᠬᠡᠯᠪᠡᠷᠢ | ᠶᠢ ᠤᠷᠤᠭᠤᠯᠬᠤ ᠨᠢ ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠶᠢ ᠠᠬᠢᠭᠤᠯᠬᠤ ᠳᠤ ᠠᠰᠢᠭᠲᠠᠢ ᠶᠤᠮ᠃ | ᠵᠢᠱᠢᠶᠡᠯᠡᠪᠡᠯ ᠳ᠋ᠠᠯᠢᠶᠠᠨ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠧᠶ ᠢ ᠳᠡᠭᠡᠳᠦ | ᠨᠡᠪᠴᠢᠭᠦᠯᠦᠭᠴᠢ ᠶᠢᠨ ᠠᠵᠤ ᠦᠢᠯᠡᠰ ᠤᠨ ᠬᠦᠷᠢᠶᠡᠯᠡᠩ ᠨᠢ ᠣᠯᠠᠨ ᠵᠢᠯ ᠰᠤᠯᠠ ᠲᠠᠯᠪᠢᠭᠳᠠᠵᠤ ᠪᠠᠶᠢᠭᠰᠠᠨ | ᠦᠢᠯᠡᠳᠪᠦᠷᠢ ᠶᠢᠨ ᠪᠠᠶᠢᠰᠢᠩ ᠢᠶᠠᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠯᠡᠩ ᠪᠣᠯᠭᠠᠨ ᠥᠭᠡᠷᠡᠴᠢᠯᠡᠵᠦ᠂ ᠨᠡᠶᠢᠲᠡ 50 ᠰᠢᠬᠠᠮ ᠠᠵᠤ ᠠᠬᠤᠶᠢᠯᠠᠯ ᠢ ᠪᠤᠢ | ᠪᠤᠯᠭᠠᠵᠠᠢ᠃ ᠬᠤᠶᠠᠷ ᠲᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠵᠠᠭᠪᠤᠷ ᠤᠨ | ᠬᠡᠯᠪᠡᠷᠢ ᠬᠤᠪᠢᠷᠠᠭᠤᠯᠬᠤ ᠶᠢ ᠠᠬᠢᠭᠤᠯᠤᠨ᠎ᠠ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠦᠷ᠎ᠡ ᠠᠰᠢᠭ ᠢᠶᠠᠷ | ᠳᠣᠣᠷ᠎ᠠ ᠠᠰᠠᠷ ᠪᠠᠶᠢᠰᠢᠩ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ | ᠥᠭᠡᠷᠡᠴᠢᠯᠡᠨ ᠵᠠᠰᠠᠵᠤ ᠠᠰᠢᠭᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ | ᠬᠤᠯᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠬᠤ ᠨᠢ ᠠᠵᠤ ᠦᠢᠯᠡᠳᠪᠦᠷᠢ ᠶᠢᠨ ᠲᠦᠷᠢᠶᠡᠰᠦᠯᠡᠯ ᠢ | ᠥᠭᠡᠷᠡᠴᠢᠯᠡᠬᠦ᠂ ᠬᠤᠳᠠᠯᠳᠤᠭ᠎ᠠ ᠶᠢᠨ ᠲᠦᠷᠢᠶᠡᠰᠦᠯᠡᠯ ᠢ ᠥᠭᠡᠷᠡᠴᠢᠯᠡᠬᠦ ᠵᠢᠴᠢ ᠲᠦᠷᠢᠶᠡᠰᠦᠯᠡᠬᠦ ᠴᠢᠨᠠᠷᠲᠠᠢ | ᠪᠠᠶᠢᠭᠤᠯᠤᠮᠵᠢ ᠶᠢᠨ ᠥᠷᠨᠢᠩᠭᠦᠢ ᠬᠥᠭᠵᠢᠬᠦ ᠶᠢ ᠠᠬᠢᠭᠤᠯᠬᠤ ᠳᠤ ᠠᠰᠢᠭᠲᠠᠢ ᠶᠤᠮ᠃ ᠡᠭᠦᠨ ᠠᠴᠠ ᠭᠠᠳᠠᠨ᠎ᠠ᠂ ᠭᠡᠷ | ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ | ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠥᠭᠡᠷᠡᠴᠢᠯᠡᠯᠲᠡ ᠪᠠ ᠣᠯᠠᠨ ᠨᠡᠶᠢᠲᠡ ᠶᠢᠨ ᠪᠡᠯᠡ ᠮᠥᠩᠭᠦ | ᠴᠤᠭᠯᠠᠭᠤᠯᠬᠤ᠂ ᠬᠡᠷᠡᠭᠯᠡᠬᠦ᠂ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠡᠷ ᠪᠠᠶᠢᠰᠢᠩ ᠤᠨ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢ ᠪᠠᠲᠤᠯᠠᠭ᠎ᠠ ᠲᠠᠢ ᠪᠣᠯᠭᠠᠨ᠎ᠠ᠃ ᠭᠤᠷᠪᠠ ᠳᠤ᠂ ᠬᠤᠳᠠ ᠶᠢᠨ | ᠬᠠᠮᠢᠶᠠᠷᠤᠯᠲᠠ ᠶᠢᠨ ᠵᠠᠭᠪᠤᠷ ᠤᠨ ᠬᠡᠯᠪᠡᠷᠢ ᠬᠤᠪᠢᠷᠠᠭᠤᠯᠬᠤ ᠶᠢ ᠠᠬᠢᠭᠤᠯᠤᠨ᠎ᠠ᠃ ︽ᠰᠠᠨᠠᠯ︾ ᠳᠤ ᠬᠤᠲᠠ ᠶᠢᠨ | ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢ | ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ | ᠱᠠᠭᠠᠷᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ | ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ | ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠤᠶᠤᠨᠴᠢ ᠪᠠᠷ ᠡᠨᠧᠷᠢᠬᠢ | ᠤᠯᠭᠤᠬᠤ ᠪᠠᠷ ᠳᠠᠮᠵᠢᠭᠤᠯᠤᠨ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠦᠷᠳᠡᠭ ᠢ ᠨᠡᠮᠡᠭᠳᠡᠬᠦᠯᠦᠨ᠎ᠡ᠃ ᠨᠢᠭᠡ ᠳᠤ᠂ ᠡᠳ᠋ ᠬᠥᠷᠥᠩᠭᠡ ᠶᠢ ᠰᠢᠯᠢᠳᠡᠭᠵᠢᠭᠦᠯᠦᠨ᠎ᠡ᠃ ︽ᠰᠠᠨᠠᠯ︾ ᠳᠤ᠂ | ᠦᠯᠡᠳᠡᠭᠡᠯ ᠰᠤᠯᠠ ᠪᠠᠶᠢᠭ᠎ᠠ ᠪᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢ ᠠᠮᠢᠳᠤᠯᠢᠭᠵᠢᠭᠤᠯᠤᠨ | ᠠᠰᠢᠭᠯᠠᠵᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠨ᠎ᠡ ᠭᠡᠵᠦ | ᠳᠤᠷᠠᠳᠤᠨ ᠭᠠᠷᠭᠠᠪᠠ᠃ ᠵᠢᠱᠢᠶᠡᠯᠡᠪᠡᠯ ᠣᠷᠣᠨ ᠰᠠᠭᠤᠴᠠ ᠶᠢ ᠪᠡᠶ᠎ᠡ ᠪᠠᠨ ᠳᠠᠭᠠᠭᠠᠵᠤ ᠰᠢᠨᠡᠳᠬᠡᠬᠦ ᠳᠤ ᠵᠠᠷᠢᠮ C᠂ | D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢ ︽ᠭᠤᠷᠪᠠᠨ ᠴᠢᠬᠤᠯᠠ ᠳᠡᠭᠡᠭᠰᠢᠯᠡᠯᠲᠡ︾ ᠲᠠᠢ ᠪᠤᠯᠭᠠᠨ᠎ᠠ᠂ | ᠲᠤᠬᠠᠶᠢᠯᠠᠪᠠᠯ ︽ᠬᠠᠭᠤᠴᠢᠨ ᠭᠡᠷ ᠪᠠᠶᠢᠰᠢᠩ ᠢ ᠰᠢᠨ᠎ᠡ ᠭᠡᠷ ᠪᠠᠶᠢᠰᠢᠩ ᠪᠣᠯᠭᠠᠵᠤ᠂ ᠪᠠᠭ᠎ᠠ ᠭᠡᠷ ᠪᠠᠶᠢᠰᠢᠩ ᠢ ᠶᠡᠭᠡ | ᠭᠡᠷ ᠪᠠᠶᠢᠰᠢᠩ ᠪᠣᠯᠭᠠᠵᠤ᠂ ᠴᠢᠨᠠᠷ ᠮᠠᠭᠤᠲᠠᠢ ᠡᠳ᠋ ᠬᠥᠷᠥᠩᠭᠡ ᠶᠢ ᠴᠢᠨᠠᠷ ᠰᠠᠶᠢᠲᠠᠢ ᠡᠳ᠋ ᠬᠥᠷᠥᠩᠭᠡ ᠪᠣᠯᠭᠠᠬᠤ︾ | ᠶᠠᠪᠤᠳᠠᠯ ᠪᠣᠯᠣᠨ᠎ᠠ᠃ ᠬᠤᠶᠠᠷ ᠲᠤ᠂ ᠡᠳ᠋ ᠬᠥᠷᠥᠩᠭᠡ ᠶᠢ ᠡᠭᠦᠳᠦᠨ ᠪᠦᠳᠦᠭᠡᠨ᠎ᠡ᠃ ︽ᠰᠠᠨᠠᠯ︾ ᠳᠤ ︽ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠭᠠᠵᠠᠷ ᠤᠨ ᠭᠠᠳᠠᠷᠭᠤ᠂ ᠭᠠᠵᠠᠷ ᠳᠡᠭᠡᠷ᠎ᠡ ᠪᠤᠶᠤ | ᠭᠠᠵᠠᠷ ᠳᠣᠣᠷ᠎ᠠ ᠲᠣᠰ ᠲᠣᠰ ᠲᠣᠭᠲᠠᠭᠠᠬᠤ ᠶᠢ ᠲᠦᠯᠬᠢᠨ ᠠᠬᠢᠭᠤᠯᠤᠨ᠎ᠠ︾ ᠭᠡᠵᠦ ᠳᠤᠷᠠᠳᠤᠨ ᠭᠠᠷᠭᠠᠵᠠᠢ᠃ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠬᠡᠷᠡᠭᠯᠡᠬᠦ ᠡᠷᠬᠡ ᠶᠢᠨ ᠠᠩᠬᠠᠷᠤᠯ ᠤᠨ ᠬᠡᠮᠵᠢᠶ᠎ᠡ | ᠨᠢ ᠭᠠᠵᠠᠷ ᠤᠨ ᠭᠠᠳᠠᠷᠭᠤ ᠠᠴᠠ ᠠᠯᠬᠤᠮ ᠠᠯᠬᠤᠮ ᠢᠶᠠᠷ ᠭᠠᠵᠠᠷ ᠳᠡᠭᠡᠷ᠎ᠡ ᠪᠠ ᠭᠠᠵᠠᠷ ᠳᠣᠣᠷ᠎ᠠ ᠬᠦᠷᠲᠡᠯ᠎ᠡ | ᠥᠷᠭᠡᠵᠢᠪᠡ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠣᠷᠣᠭᠤᠯᠤᠯᠲᠠ ᠶᠢ ᠭᠠᠵᠠᠷ ᠳᠣᠣᠷᠠᠬᠢ ᠣᠷᠣᠨ | ᠵᠠᠢ ᠪᠤᠶᠤ ᠬᠡᠰᠡᠭ ᠪᠠᠭᠲᠠᠭᠠᠮᠵᠢ ᠶᠢ ᠨᠡᠮᠡᠭᠳᠡᠭᠦᠯᠬᠦ ᠲᠠᠯᠠᠪᠠᠶ ᠶᠢᠨ ᠬᠦᠷᠢᠶᠡᠯᠡᠬᠦ ᠡᠷᠬᠡ ᠪᠣᠯᠭᠠᠨ ᠬᠤᠪᠢᠷᠠᠭᠤᠯᠬᠤ ᠨᠢ | ᠦᠷᠭᠦᠯᠵᠢᠯᠡᠨ ᠠᠰᠢᠭ ᠣᠷᠣᠯᠭ᠎ᠠ ᠶᠢᠨ ᠴᠢᠨᠠᠷᠲᠠᠢ ᠨᠡᠮᠡᠭᠳᠡᠯ ᠡᠳ᠋ ᠬᠥᠷᠥᠩᠭᠡ ᠶᠢ ᠪᠦᠷᠢᠯᠳᠦᠭᠦᠯᠬᠦ ᠳᠤ ᠠᠰᠢᠭᠲᠠᠢ ᠶᠤᠮ | ᠃ | ᠳᠠᠯᠳᠠ ᠴᠢᠳᠠᠪᠤᠷᠢ ᠶᠢ ᠬᠥᠭᠵᠢᠭᠡᠨ᠎ᠡ᠃ ︽ᠰᠠᠨᠠᠯ︾ ᠳᠤ ︽ᠬᠤᠲᠠ ᠶᠢᠨ ᠰᠢᠨᠡᠴᠢᠯᠡᠯᠲᠡ ᠳᠤ ᠬᠤᠯᠪᠣᠭᠳᠠᠬᠤ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ︾ ᠭᠡᠵᠦ ᠳᠤᠷᠠᠳᠤᠨ | ᠭᠠᠷᠭᠠᠵᠠᠢ᠃ ᠬᠤᠲᠠ ᠶᠢᠨ ᠰᠢᠨᠡᠴᠢᠯᠡᠯᠲᠡ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠥᠮᠴᠢᠯᠡᠯ ᠤᠨ ᠡᠷᠬᠡ ᠶᠢᠨ | ᠰᠠᠭᠤᠷᠢ ᠲᠤᠭ᠎ᠠ ᠪᠠ ᠪᠠᠶᠢᠳᠠᠯ ᠢ ᠲᠣᠳᠣᠷᠬᠠᠢ ᠪᠣᠯᠭᠠᠵᠤ᠂ ᠲᠡᠦᠬᠡ ᠶᠢᠨ ᠬᠦᠴᠦᠨ ᠵᠦᠢᠯ ᠢ ᠪᠣᠳᠣᠯᠬᠢᠯᠠᠨ᠂ ᠵᠣᠬᠢᠬᠤ | ᠲᠠᠯᠠᠪᠠᠶ ᠲᠠᠢ ᠣᠷᠣᠨ ᠰᠠᠭᠤᠴᠠ ᠶᠢ ᠵᠢᠩᠬᠢᠨᠢ ᠥᠮᠴᠢᠯᠡᠯ ᠤᠨ ᠡᠷᠬᠡ ᠶᠢᠨ ᠰᠢᠰᠲ᠋ᠧᠮ ᠳᠤ ᠣᠷᠣᠭᠤᠯᠬᠤ᠂ ᠠᠷᠠᠳ | ᠢᠷᠭᠡᠳ ᠡᠭᠦᠨ ᠢᠶᠠᠷ ᠪᠠᠷᠢᠴᠠᠭ᠎ᠠ ᠪᠣᠯᠭᠠᠵᠤ ᠵᠢᠭᠡᠯᠡᠯᠭᠡ ᠠᠪᠬᠤ ᠵᠡᠷᠭᠡ ᠶᠢ ᠰᠦᠪᠡᠭᠴᠢᠯᠡᠵᠦ᠂ ᠡᠭᠦᠨ ᠤ ᠤᠯᠠᠮ ᠠᠴᠠ | ᠪᠡᠯᠡ ᠣᠷᠣᠭᠤᠯᠤᠯᠲᠠ᠂ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠬᠦ ᠬᠠᠷᠠᠯᠳᠠ ᠳᠤ ᠬᠦᠷᠭᠡᠨ᠎ᠡ᠃ ᠵᠢᠱᠢᠶᠡᠯᠡᠪᠡᠯ | ᠨᠠᠨᠵᠢᠩ ᠤᠨ ᠠᠨᠠᠷ ᠰᠢᠨ᠎ᠡ ᠲᠣᠰᠬᠤᠨ ᠤ ᠬᠢᠨ ᠲᠡᠦᠬᠡᠨ ᠳᠡᠭᠡᠷ᠎ᠡ ᠪᠦᠷᠢᠯᠳᠦᠭᠰᠡᠨ ᠴᠤᠷ ᠤᠨ ᠭᠠᠭᠴᠠ ᠥᠪᠡᠰᠦᠪᠡᠨ | ᠪᠠᠷᠢᠭᠰᠠᠨ ᠭᠡᠷ ᠪᠠᠶᠢᠰᠢᠩ ᠢ ᠬᠥᠮᠥᠨ ᠳᠤᠮᠳᠠᠴᠢ ᠶᠢᠨ ᠪᠠᠷᠢᠯᠭ᠎ᠠ ᠶᠢᠨ ᠲᠠᠯᠠᠪᠠᠢ ᠨᠢ 15 ᠲᠡᠭᠰᠢ ᠳᠥᠷᠪᠡᠯᠵᠢᠨ | ᠮᠧᠲᠷ ᠠᠴᠠ ᠬᠡᠲᠦᠷᠡᠬᠦ ᠦᠭᠡᠢ ᠪᠠᠶᠢᠬᠤ ᠪᠠᠷ ᠮᠠᠭᠠᠳᠯᠠᠨ ᠲᠣᠭᠲᠠᠭᠠᠵᠤ᠂ ᠠᠷᠠᠳ ᠤᠯᠠᠨ ᠤ ᠥᠮᠴᠢᠯᠡᠯ ᠤᠨ | ᠡᠷᠬᠡ ᠶᠢᠨ ᠬᠦᠰᠡᠯ ᠡᠷᠡᠮᠡᠯᠵᠡᠯ ᠢ ᠬᠠᠩᠭᠠᠭᠰᠠᠨ ᠪᠠᠶᠢᠨ᠎ᠠ᠃ | ᠬᠤᠳᠠ ᠶᠢᠨ ᠰᠢᠨᠡᠴᠢᠯᠡᠯᠳᠡ ᠪᠣᠯ ᠨᠢᠭᠡᠨ ᠨᠠᠷᠢᠨ ᠪᠤᠳᠤᠯᠢᠶᠠᠨᠲᠠᠢ᠂ ᠪᠡᠷᠬᠡ ᠬᠠᠲᠠᠭᠤᠵᠢᠯᠲᠠᠢ ᠰᠢᠰᠲ᠋ᠧᠮᠲᠦ | ᠴᠢᠨᠠᠷᠲᠠᠢ ᠢᠨᠵᠧᠨᠧᠷᠢᠩ ᠮᠥᠨ᠃ ᠲᠠᠨᠢᠯᠲᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠤ ᠲᠦᠷᠭᠡᠨ | ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠬᠤ ᠬᠡᠷᠡᠭᠲᠡᠢ᠃ ᠬᠤᠳᠠ ᠶᠢᠨ ᠰᠢᠨᠡᠴᠢᠯᠡᠯᠳᠡ ᠶᠢᠨ ᠠᠵᠤ | ᠠᠬᠤᠢ ᠶᠢ ᠲᠣᠭᠲᠠᠭᠤᠨ ᠪᠠᠶᠢᠯᠭᠠᠬᠤ ᠵᠢᠷᠭᠤᠭᠠᠨ ᠶᠡᠭᠡ ᠴᠢᠳᠠᠮᠵᠢ ᠶᠢ ᠴᠢᠳᠠᠮᠠᠭᠠᠢ ᠪᠠᠷ ᠪᠠᠳᠠᠷᠠᠭᠤᠯᠵᠤ᠂ ᠵᠣᠬᠢᠴᠠᠩᠭᠤᠢ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ | ᠪᠣᠳᠠᠲᠠᠢ ᠪᠠᠷ ᠬᠢᠵᠦ᠂ ᠬᠤᠳᠠ ᠶᠢᠨ ᠰᠢᠨᠡᠴᠢᠯᠡᠯᠲᠡ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠬᠤ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |