ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠣᠶ ᠰᠢᠭᠤᠢ ᠡᠪᠡᠰᠦ ᠪᠡᠯᠴᠢᠭᠡᠷ ᠢ ᠰᠦᠢᠳᠬᠡᠬᠦ | ᠵᠠᠰᠠᠭ ᠵᠠᠬᠢᠷᠭᠠᠨ ᠤ ᠰᠢᠢᠳᠭᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠣᠶ ᠰᠢᠭᠤᠢ ᠡᠪᠡᠰᠦ ᠪᠡᠯᠴᠢᠭᠡᠷ ᠢ ᠰᠦᠢᠳᠬᠡᠬᠦ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠡᠷᠡᠭᠵᠢᠭᠦᠯᠬᠦ ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2023 — 2025 ᠣᠨ︶ ᠵᠢᠴᠢ ᠪᠦᠬᠦ ᠤᠯᠤᠰ ᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠬᠡᠷᠡᠭ ᠤᠨ ᠡᠪᠬᠡᠮᠡᠯ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢᠨ | ᠲᠦᠯᠦᠭᠡ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ 2025 ᠣᠨ ᠤ 6 ᠳ᠋ᠤᠭᠠᠷ ᠰᠠᠷ᠎ᠠ ᠶᠢᠨ 12 ᠤᠨ | ᠡᠳᠦᠷ ᠤᠨ ᠦᠳᠡ ᠶᠢᠨ ᠡᠮᠦᠨ᠎ᠡ ᠣᠶ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ᠃ | ᠲᠤᠰ ᠤᠳᠠᠭ᠎ᠠ ᠬᠠᠤᠯᠢ ᠴᠠᠭᠠᠵᠠ ᠶᠢᠨ ᠵᠥᠪᠯᠡᠭᠴᠢ ᠶᠢ ᠰᠢᠯᠭᠠᠨ ᠪᠠᠶᠢᠴᠠᠭᠠᠵᠤ ᠤᠷᠢᠬᠤ ᠳᠠᠭᠠᠨ ᠬᠡᠷᠡᠭ ᠤᠨ | ᠡᠪᠬᠡᠮᠡᠯ ᠢ ᠲᠣᠬᠢᠶᠠᠯᠳᠤᠯ ᠢᠶᠠᠷ ᠰᠣᠩᠭᠤᠨ ᠠᠪᠬᠤ ᠬᠡᠯᠪᠡᠷᠢ ᠪᠠᠷ ᠰᠣᠩᠭᠤᠨ ᠪᠠᠶᠢᠴᠠᠭᠠᠬᠤ ᠬᠡᠪᠴᠢᠶ᠎ᠡ ᠨᠢ 2025 | ᠣᠨ ᠤ ᠳᠡᠭᠡᠷ᠎ᠡ ᠬᠠᠭᠠᠰ ᠵᠢᠯ ᠳᠤ ᠪᠠᠶᠢᠴᠠᠭᠠᠨ ᠰᠢᠢᠳᠪᠦᠷᠢᠯᠡᠭᠰᠡᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ | ᠡᠪᠬᠡᠮᠡᠯ ᠪᠣᠯᠣᠨ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠳᠤ ᠨᠡᠶᠢᠴᠡᠬᠦ | ᠡᠰᠡᠬᠦ ᠶᠢᠨ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠨᠢ ᠲᠣᠳᠣᠷᠬᠠᠢ ᠡᠰᠡᠬᠦ᠂ ᠬᠡᠷᠡᠭ | ᠰᠢᠢᠳᠪᠦᠷᠢᠯᠡᠬᠦ ᠵᠢᠷᠤᠮ ᠨᠢ ᠬᠠᠤᠯᠢ ᠳᠤ ᠨᠡᠶᠢᠴᠡᠬᠦ ᠡᠰᠡᠬᠦ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠣᠨᠣᠪᠴᠢᠲᠠᠶ | ᠡᠰᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠦᠲᠦᠮᠵᠢᠲᠡᠶ | ᠨᠠᠶᠢᠳᠠᠪᠤᠷᠢᠵᠢᠭᠤᠯᠤᠭᠰᠠᠨ ᠡᠰᠡᠬᠦ᠂ ᠴᠢᠯᠦᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠡᠰᠢᠯᠡᠨ | ᠬᠡᠷᠡᠭᠯᠡᠬᠦ ᠵᠡᠷᠭᠡ ᠲᠠᠯ᠎ᠠ ᠪᠠᠷ ᠦᠨᠡᠯᠡᠨ ᠪᠠᠶᠢᠴᠠᠭᠠᠬᠤ ᠶᠢ ᠵᠢᠷᠤᠮᠵᠢᠭᠤᠯᠤᠭᠰᠠᠨ ᠡᠰᠡᠬᠦ᠂ ︽ᠨᠢᠭᠡ ᠡᠪᠬᠡᠮᠡᠯ ᠨᠢᠭᠡ | ᠬᠦᠰᠦᠨᠦᠭᠲᠦ᠂ ᠨᠢᠭᠡ ᠬᠡᠷᠡᠭ ᠢ ᠨᠢᠭᠡ ᠦᠨᠡᠯᠡᠬᠦ︾ ᠶᠢ ᠬᠡᠷᠡᠭᠵᠢᠭᠦᠯᠵᠦ᠂ ᠦᠨᠡᠯᠡᠨ ᠪᠠᠶᠢᠴᠠᠭᠠᠵᠤ ᠭᠠᠷᠭᠠᠭᠰᠠᠨ | ᠠᠰᠠᠭᠤᠳᠠᠯ ᠤᠨ ᠡᠪᠬᠡᠮᠡᠯ ᠳᠤ ᠪᠤᠰᠤᠳᠴᠢ ᠲᠡᠮᠳᠡᠭᠯᠡᠯ ᠬᠢᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠨ᠂ | ᠨᠢᠭᠡᠳ ᠨᠢᠭᠡ ᠪᠠᠷ ᠬᠠᠷᠢᠭᠤ ᠲᠤᠰᠬᠠᠬᠤ ᠶᠢᠨ ᠬᠠᠮᠲᠤ ᠰᠢᠪᠠᠳᠠᠨ ᠴᠡᠭᠴᠡᠯᠡᠨ ᠰᠠᠶᠢᠵᠢᠷᠠᠭᠤᠯᠪᠠ᠃ | ᠬᠤᠶᠢᠰᠢᠳᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ | ᠥᠷᠨᠢᠭᠦᠯᠵᠦ᠂ ᠵᠠᠰᠠᠭ ᠵᠠᠬᠢᠷᠭᠠᠨ ᠤ ᠰᠢᠢᠳᠭᠡᠯ ᠥᠭᠬᠦ ᠬᠡᠷᠡᠭ ᠤᠨ ᠡᠪᠬᠡᠮᠡᠯ ᠤᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ | ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠪᠠ ᠬᠠᠤᠯᠢ ᠪᠠᠷ ᠵᠠᠰᠠᠬᠤ ᠡᠵᠡᠩᠨᠡᠯᠲᠡ ᠶᠢᠨ | ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ | ᠬᠠᠩᠭᠠᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |