ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠭᠤᠷᠮᠠᠭ ᠮᠠᠭᠤ ᠢᠳᠡᠭᠡᠨ ᠤ ᠵᠦᠢᠯ ᠤᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/6/16
      ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠣᠷᠴᠢᠮᠬᠠᠨ ᠳᠤ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠬᠠᠭᠤᠷᠮᠠᠭ ᠮᠠᠭᠤ ᠢᠳᠡᠭᠡᠨ ᠤ ᠵᠦᠢᠯ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠠᠢ᠃
     ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ᠂ ᠬᠥᠳᠡᠭᠡ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠭᠠᠵᠠᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠢᠵᠢᠭ ᠦᠢᠯᠡᠳᠬᠡᠯ᠂ ᠵᠢᠵᠢᠭ ᠬᠡᠲᠦ ᠳᠡᠯᠭᠡᠭᠦᠷ᠂ ᠢᠳᠡᠭᠡᠨ ᠡᠯᠳᠡᠪ ᠵᠦᠢᠯ ᠤᠨ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ ᠡᠯ᠎ᠡ ᠲᠥᠷᠥᠯ ᠤᠨ ᠢᠳᠡᠭᠡᠨ ᠤ ᠵᠦᠢᠯ ᠤᠨ ᠡᠵᠡᠩᠨᠡᠯᠲᠡ ᠶᠢᠨ ᠭᠤᠣᠯ ᠴᠣᠭᠴᠠ ᠳᠤ ᠴᠢᠭᠯᠡᠭᠦᠯᠦᠨ ᠪᠥᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠬᠡᠮ ᠤᠨ ᠦᠨᠡᠮᠯᠡᠯ ᠤᠨ ᠪᠦᠷᠢᠨ ᠭᠦᠢᠴᠡᠳ ᠬᠦᠴᠦᠨ ᠲᠠᠢ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠦᠨᠡᠮᠯᠡᠯ ᠦᠭᠡᠢ ᠪᠠᠷ ᠡᠵᠡᠩᠨᠡᠬᠦ ᠦᠵᠡᠭᠳᠡᠯ ᠢ ᠡᠷᠡᠰ ᠬᠤᠷᠢᠭᠯᠠᠪᠠ︔ ᠢᠳᠡᠭᠡᠨ ᠤ ᠵᠦᠢᠯ ᠤᠨ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ ᠨᠢᠮᠪᠠᠢ ᠬᠠᠷᠭᠤᠭᠤᠯᠤᠨ ᠪᠠᠶᠢᠴᠠᠭᠠᠵᠤ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠵᠤ᠂ ᠢᠳᠡᠭᠡᠨ ᠤ ᠵᠦᠢᠯ ᠤᠨ ᠢᠷᠡᠯᠲᠡ ᠶᠢ ᠨᠡᠬᠡᠮᠵᠢᠯᠡᠵᠦ ᠪᠣᠯᠬᠤ ᠶᠢ ᠦᠨᠡᠨ ᠬᠦ ᠪᠠᠳᠤᠯᠠᠪᠠ︔ ᠢᠳᠡᠭᠡᠨ ᠤ ᠱᠣᠰᠢᠭ᠎ᠠ ᠲᠡᠮᠳᠡᠭ ᠲᠤ ᠴᠢᠩᠭ᠎ᠠ ᠬᠢᠨᠠᠨ ᠪᠠᠶᠢᠴᠠᠭᠠᠯᠲᠠ ᠬᠢᠵᠦ᠂ ︽ᠭᠤᠷᠪᠠ ᠦᠭᠡᠢ︾ ᠢᠳᠡᠭᠡᠨ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ᠂ ᠬᠠᠭᠤᠷᠮᠠᠭ ᠮᠠᠭᠤ ᠢᠳᠡᠭᠡᠨ ᠵᠢᠴᠢ ᠡᠷᠬᠡ ᠳᠤ ᠬᠠᠯᠳᠠᠭᠰᠠᠨ ︽ᠬᠠᠭᠤᠷᠮᠠᠭ︾ ᠢᠳᠡᠭᠡᠨ ᠵᠡᠷᠭᠡ ᠳᠤ ᠴᠢᠩᠭ᠎ᠠ ᠴᠣᠬᠢᠯᠲᠠ ᠦᠭᠪᠡ᠃
     ᠣᠲᠣ ᠪᠣᠯᠲᠠᠯ᠎ᠠ᠂ ᠢᠳᠡᠭᠡᠨ ᠤ ᠵᠦᠢᠯ ᠤᠨ ᠡᠵᠡᠩᠨᠡᠯᠲᠡ ᠶᠢᠨ ᠭᠤᠤᠯ ᠴᠣᠭᠴᠠ ᠶᠢ 49 ᠤᠳᠠᠭ᠎ᠠ ᠪᠠᠶᠢᠴᠠᠭᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠡᠯ᠎ᠡ ᠲᠥᠷᠥᠯ ᠤᠨ ᠠᠰᠠᠭᠤᠳᠠᠯ ᠢ 15 ᠢᠯᠡᠷᠡᠭᠦᠯᠵᠦ᠂ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠤᠯ ᠴᠣᠭᠴᠠ ᠶᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃         ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠭᠤᠷᠮᠠᠭ ᠮᠠᠭᠤ ᠢᠳᠡᠭᠡᠨ ᠤ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠢᠷᠡᠯᠳᠡ᠄  ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1