ᠲᠣᠭᠲᠠᠬᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢ ᠰᠢᠩᠭᠡᠬᠡᠨ ᠠᠪᠬᠤ ᠲᠠᠯᠠᠪᠤᠷ ᠲᠤᠷᠰᠢᠨ ᠡᠵᠡᠩᠨᠡᠬᠦ ᠬᠤᠭᠤᠴᠠᠭᠠᠨ ᠳᠤ ᠬᠤᠪᠢ ᠬᠥᠮᠥᠨ ᠤ ᠪᠠᠷᠢᠯᠭ᠎ᠠ ᠶᠢᠨ ᠬᠤᠭ ᠨᠣᠪᠰᠢ ᠶᠢ ᠰᠦᠢᠳᠬᠡᠯ ᠬᠤᠷᠢᠶᠠᠬᠤ ᠦᠭᠡᠢ ᠪᠠᠷ ᠰᠢᠩᠭᠡᠬᠡᠨ ᠠᠪᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/6/16
ᠥᠷᠭᠡᠨ ᠣᠯᠠᠨ ᠰᠠᠭᠤᠭᠠᠯᠢ ᠠᠷᠠᠳ ︵ᠲᠣᠰᠬᠤᠨ ᠤ ᠠᠷᠠᠳ︶ ᠤᠨ ᠨᠠᠶᠢᠵᠠ ᠨᠥᠬᠦᠳ᠂ ᠠᠳᠠᠯ ᠠᠬᠤᠢ ᠰᠠᠭᠤᠭᠠᠯᠢ ᠠᠷᠠᠳ ᠤᠨ ᠲᠣᠭᠤᠷᠢᠭ ᠲᠤ᠄      ᠮᠠᠨ ᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠨᠢᠭᠡᠨᠲᠡ ᠲᠤᠷᠰᠢᠨ ᠠᠵᠢᠯᠯᠠᠭᠤᠯᠵᠤ ᠡᠬᠢᠯᠡᠪᠡ᠂ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠬᠤᠪᠢ ᠬᠥᠮᠥᠨ ᠤ ᠪᠠᠷᠢᠯᠭ᠎ᠠ ᠶᠢᠨ ︵ᠵᠠᠰᠠᠵᠤ ᠴᠢᠮᠡᠭᠯᠡᠬᠦ︶ ᠬᠤᠭ ᠨᠣᠪᠰᠢ ᠶᠢ ᠰᠦᠢᠳᠬᠡᠯ ᠬᠤᠷᠢᠶᠠᠬᠤ ᠦᠭᠡᠢ ᠪᠠᠷ ᠬᠤᠷᠢᠶᠠᠵᠤ ᠠᠪᠤᠨ᠎ᠠ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠰᠦᠢᠳᠬᠡᠯ ᠬᠤᠷᠢᠶᠠᠬᠤ ᠦᠭᠡᠢ ᠪᠠᠷ ᠬᠤᠷᠢᠶᠠᠵᠤ ᠠᠪᠬᠤ ᠡᠲᠡᠭᠡᠳ ᠪᠣᠯ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠳᠡᠯᠭᠡᠭᠦᠷ ᠪᠠ ᠪᠠᠶᠢᠰᠢᠩ ᠭᠡᠷ ᠵᠡᠷᠭᠡ ᠬᠤᠪᠢ ᠬᠥᠮᠥᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠵᠠᠰᠠᠵᠤ ᠴᠢᠮᠡᠭᠯᠡᠬᠦ ᠬᠤᠭᠤᠴᠠᠭᠠᠨ ᠳᠤ ᠭᠠᠷᠭᠠᠭᠰᠠᠨ ᠬᠤᠭ ᠨᠣᠪᠰᠢ ᠪᠣᠯᠣᠨ᠎ᠠ᠃ ᠭᠤᠣᠯᠳᠠᠭᠤ ᠪᠠᠷᠢᠯᠭ᠎ᠠ ᠶᠢᠨ ᠬᠤᠭ ᠨᠣᠪᠰᠢ ᠪᠠ ᠵᠠᠰᠠᠵᠤ ᠴᠢᠮᠡᠭᠯᠡᠬᠦ ᠬᠤᠭ ᠨᠣᠪᠰᠢ ᠪᠣᠯᠣᠨ᠎ᠠ᠃        ᠬᠤᠶᠠᠷ᠂ ᠪᠠᠷᠢᠯᠭ᠎ᠠ ᠶᠢᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠠᠴᠠ ᠡᠮᠦᠨ᠎ᠡ ᠡᠷᠬᠡᠪᠰᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠤ ᠳᠠᠷᠠᠭ᠎ᠠ᠂ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠬᠢᠷᠢ ᠬᠡᠮ ᠲᠠᠢ ᠲᠡᠷᠭᠡ ᠬᠥᠰᠬᠡ ᠠᠴᠠ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠶ ᠳᠤ ᠰᠢᠯᠵᠢᠭᠦᠯᠦᠨ ᠲᠡᠭᠡᠭᠡᠪᠦᠷᠢᠯᠡᠨ᠎ᠡ᠃ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠥᠨ ᠪᠤᠶᠤ ᠬᠢᠨᠠᠨ ᠵᠥᠪᠰᠢᠶᠡᠷᠡᠭᠦᠯᠦᠭᠰᠡᠨ ᠤᠶᠢᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠠᠵᠤ ᠠᠬᠤᠶᠢᠯᠠᠯ ᠳᠤ ᠥᠭᠴᠦ ᠲᠡᠭᠡᠭᠡᠪᠦᠷᠢᠯᠡᠭᠦᠯᠵᠦ ᠪᠣᠯᠬᠤ ᠦᠭᠡᠢ᠃      ᠭᠤᠷᠪᠠ᠂ ᠪᠠᠷᠢᠯᠭ᠎ᠠ ᠶᠢᠨ ︵ᠵᠠᠰᠠᠵᠤ ᠴᠢᠮᠡᠭᠯᠡᠬᠦ︶ ᠬᠤᠭ ᠨᠣᠪᠰᠢ ᠶᠢᠨ ᠳᠣᠲᠣᠷ᠎ᠠ ᠠᠮᠢᠳᠤᠷᠠᠯ ᠤᠨ ᠬᠤᠭ ᠨᠣᠪᠰᠢ᠂ ᠬᠤᠣᠷ ᠬᠥᠨᠥᠭᠡᠯ ᠲᠠᠢ ᠬᠤᠭ ᠨᠣᠪᠰᠢ ᠠᠭᠤᠯᠵᠤ ᠪᠣᠯᠬᠤ ᠦᠭᠡᠢ︔ ᠡᠭᠦᠨ ᠤ ᠬᠠᠮᠲᠤ ᠱᠠᠹᠠ᠂ ᠣᠷᠣ ᠶᠢᠨ ᠳᠡᠪᠢᠰᠬᠡᠷ᠂ ᠡᠭᠦᠳᠡ ᠴᠣᠩᠬᠤ᠂ ᠭᠡᠷ ᠤᠨ ᠬᠡᠷᠡᠭᠰᠡᠯ᠂ ᠰᠢᠯ ᠵᠡᠷᠭᠡ ᠲᠣᠮᠣ ᠵᠦᠢᠯ ᠤᠨ ᠬᠤᠭ ᠨᠣᠪᠰᠢ ᠶᠢ ᠠᠭᠤᠯᠵᠤ ᠪᠣᠯᠬᠤ ᠦᠭᠡᠢ᠃      ᠳᠥᠷᠪᠡ᠂ ᠲᠣᠭᠲᠠᠬᠤ ᠰᠢᠶᠠᠨ ᠤ ᠪᠠᠷᠢᠯᠭ᠎ᠠ ᠶᠢᠨ ᠬᠤᠭ ᠨᠣᠪᠰᠢ ᠰᠢᠩᠭᠡᠭᠡᠬᠦ ᠲᠠᠯᠠᠪᠠᠢ ᠶᠢᠨ ᠬᠠᠶ᠋ᠢᠭ᠄ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠵᠠᠩ ᠰᠧ ᠬᠤᠤ ᠲᠣᠰᠬᠤᠨ ᠤ ᠬᠤᠶᠢᠲᠤ ᠲᠠᠯ᠎ᠠ ᠶᠢᠨ ᠠᠷᠠᠳ ᠲᠤ ᠠᠰᠢᠭ ᠬᠦᠷᠲᠡᠭᠡᠬᠦ ᠬᠤᠭ ᠨᠣᠪᠰᠢ ᠶᠢᠨ ᠲᠠᠯᠠᠪᠠᠢ ᠶᠢᠨ ᠵᠡᠭᠦᠨ ᠲᠠᠯ᠎ᠠ ᠳᠤ ᠪᠠᠶᠢᠨ᠎ᠠ᠂ ᠲᠤᠰ ᠡᠳᠦᠷ ᠠᠴᠠ ᠡᠬᠢᠯᠡᠨ 2025 ᠣᠨ ᠤ 7 ᠳ᠋ᠤᠭᠠᠷ ᠰᠠᠷ᠎ᠠ ᠶᠢᠨ 13  ᠤ ᠡᠳᠦᠷ ᠪᠤᠯᠳᠠᠯ᠎ᠠ ᠰᠦᠢᠳᠬᠡᠯ ᠬᠤᠷᠢᠶᠠᠬᠤ ᠦᠭᠡᠢ ᠪᠠᠷ ᠰᠢᠩᠭᠡᠨ ᠠᠪᠤᠨ᠎ᠠ᠃      ᠲᠠᠪᠤ᠂ ᠲᠤᠰ ᠠᠯᠪᠠᠨ ᠵᠠᠷ ᠤᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠲᠣᠭᠲᠠᠬᠤ ᠰᠢᠶᠠᠨ ᠤ ᠲᠣᠭᠲᠠᠬᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠨ᠎ᠠ᠃ ᠠᠰᠠᠭᠤᠨ ᠯᠠᠪᠯᠠᠬᠤ ᠤᠲᠠᠰᠤ᠄ 15598046255      ᠲᠣᠭᠲᠠᠬᠤ ᠰᠢᠶᠠᠨ ᠤ ᠲᠣᠭᠲᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ              2025 ᠣᠨ ᠤ 6 ᠳ᠋ᠤᠭᠠᠷ ᠰᠠᠷ᠎ᠠ ᠶᠢᠨ 13 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1