ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2025/6/16
      ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠨᠢ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠬᠤᠳᠠ ᠶᠢᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠲᠡᠯᠡᠭᠰᠡᠨ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠤ ︽ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ︾ ᠶᠢ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠯᠬᠢᠨ ᠠᠬᠢᠭᠤᠯᠬᠤ ᠨᠠᠢᠮᠠᠨ ᠶᠡᠭᠡ ᠭᠤᠣᠯ ᠡᠭᠦᠷᠭᠡ ᠶᠢᠨ ᠨᠢᠭᠡ ᠪᠣᠯᠭᠠᠬᠤ ᠶᠢᠨ ᠬᠠᠮᠲᠤ ᠪᠣᠳᠠᠲᠠᠢ ᠠᠵᠢᠯ ᠤᠨ ᠪᠠᠶᠢᠷᠢᠯᠠᠭᠤᠯᠤᠯᠲᠠ ᠬᠢᠪᠡ᠃        ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠶᠢ ᠪᠠᠲᠤᠳᠬᠠᠨ᠎ᠠ᠃ ᠣᠶᠢᠷ᠎ᠠ ᠶᠢᠨ ᠵᠢᠯ ᠤᠳ ᠲᠤ ᠬᠤᠲᠠ ᠳᠤ ᠲᠤᠯᠭᠠᠷᠠᠵᠤ ᠪᠠᠶᠢᠭ᠎ᠠ ᠭᠠᠢ ᠭᠠᠮᠰᠢᠭ ᠤᠨ ᠠᠶᠤᠯ ᠲᠦᠭᠰᠢᠭᠦᠷᠢ ᠡᠳᠦᠷ ᠢᠷᠡᠬᠦᠶ᠎ᠡ ᠪᠤᠳᠤᠯᠢᠶᠠᠨᠲᠠᠢ ᠪᠥᠭᠡᠳ ᠣᠯᠠᠨ ᠶᠠᠩᠵᠤ ᠶᠢᠨ ᠪᠣᠯᠵᠤ ᠪᠠᠶᠢᠭ᠎ᠠ ᠪᠣᠯᠬᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠦᠲᠦᠭᠡᠨ ᠪᠠᠶᠢᠭᠤᠯᠤᠯᠲᠠ ᠶᠢᠨ ᠲᠤᠳᠠᠭᠳᠠᠯ ᠢ ᠨᠥᠬᠦᠪᠦᠷᠢᠯᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃  ︽ᠰᠠᠨᠠᠯ︾ ᠳᠤ᠂ ︽ᠡᠩ ᠤᠨ ᠪᠠ ᠪᠠᠴᠢᠮ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠲᠠ ᠶᠢᠨ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃ ᠨᠢᠭᠡ ᠲᠠᠯ᠎ᠠ ᠪᠠᠷ᠂ ︽ᠡᠩ ᠤᠨ ᠪᠠ ᠪᠠᠴᠢᠮ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠨᠢ ᠡᠳᠦᠷ ᠲᠤᠲᠤᠮ ᠤᠨ ᠡᠵᠡᠩᠨᠡᠯᠲᠡ ᠶᠢᠨ ᠴᠢᠳᠠᠮᠵᠢ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠬᠤᠣᠰᠯᠠᠭᠤᠯᠵᠤ᠂ ᠭᠡᠨᠡᠳᠲᠡ ᠶᠢᠨ ᠪᠠᠴᠢᠮ ᠬᠡᠷᠡᠭ ᠢ ᠨᠠᠩ ᠰᠠᠶᠢᠨ ᠠᠷᠭᠠᠴᠠᠭᠠᠨ᠎ᠠ᠃ ᠨᠥᠭᠦᠭᠡ ᠲᠠᠯ᠎ᠠ ᠪᠠᠷ᠂ ᠬᠤᠲᠠ ᠶᠢᠨ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠰᠢᠰᠲ᠋ᠧᠮ ᠨᠢ ᠲᠦᠷᠭᠡᠨ ᠠᠷᠭᠠᠴᠠᠬᠤ ᠲᠣᠭᠲᠠᠴᠠ ᠪᠠ ᠱᠠᠲᠤ ᠬᠤᠪᠢᠶᠠᠨ ᠠᠪᠤᠷᠠᠨ ᠵᠠᠰᠠᠬᠤ ᠰᠦᠯᠵᠢᠶ᠎ᠡ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂ ᠪᠠᠶᠢᠭᠠᠯᠢ ᠶᠢᠨ ᠭᠠᠮᠰᠢᠭ ᠵᠡᠷᠭᠡ ᠬᠢᠮᠤᠷᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠪᠣᠯᠣᠨ᠎ᠠ᠃ ᠡᠭᠦᠨ ᠤ ᠤᠯᠠᠮ ᠠᠴᠠ ᠬᠤᠳᠠ ᠶᠢᠨ ︽ᠰᠠᠨᠠᠭᠠᠴᠢᠯᠠᠭᠠᠲᠤ ᠪᠤᠰᠤ ᠪᠠᠴᠢᠮ ᠪᠠᠶᠢᠳᠠᠯ ᠢ ᠠᠷᠭᠠᠴᠠᠬᠤ︾ ᠠᠴᠠ ︽ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ︾ ᠪᠣᠯᠵᠤ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠬᠤᠳᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃         ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ︽ᠨᠢᠭᠡ ᠨᠠᠰᠤᠲᠠᠨ ᠨᠢᠭᠡ ᠨᠢᠯᠬᠠᠰ︾ ᠵᠡᠷᠭᠡ ᠬᠠᠮᠲᠤᠯᠢᠭ ᠤᠨ ᠬᠡᠷᠡᠭᠴᠡᠭᠡ ᠶᠢ ᠤᠷᠢᠳ ᠢᠶᠠᠷ ᠬᠠᠩᠭᠠᠨ᠎ᠠ᠃ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ  ᠲᠤᠳᠠᠭᠳᠠᠯ ᠢ ᠤᠷᠢᠳᠠᠪᠠᠷ ᠨᠥᠬᠦᠪᠦᠷᠢᠯᠡᠵᠦ᠂ ᠪᠦᠬᠦᠯᠢ ᠨᠠᠰᠤᠨ ᠤ ᠨᠥᠬᠦᠷᠰᠡᠭ ᠣᠷᠣᠨ ᠪᠦᠰᠡ ᠶᠢ ᠪᠤᠢ ᠪᠣᠯᠭᠠᠬᠤ ᠬᠡᠷᠡᠭᠲᠡᠢ᠃ ᠨᠢᠭᠡ ᠳᠤ᠂ ᠨᠠᠰᠤᠵᠢᠯ ᠳᠤ ᠲᠤᠬᠢᠷᠠᠬᠤ ᠬᠡᠦᠬᠡᠳᠵᠢᠬᠦ ᠳᠤ ᠵᠣᠬᠢᠴᠠᠬᠤ ᠶᠢ ᠥᠭᠡᠷᠡᠴᠢᠯᠡᠬᠦ ᠶᠢ ᠠᠬᠢᠭᠤᠯᠵᠤ ᠂ ᠤᠯᠠᠨ ᠨᠡᠶᠢᠲᠡ ᠶᠢᠨ ᠲᠠᠯᠠᠪᠤᠷ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠪᠠᠭᠲᠠᠭᠠᠮᠵᠢᠲᠠᠢ ᠨᠥᠬᠦᠷᠰᠡᠭ ᠬᠤᠳᠠ ᠶᠢᠨ ᠤᠯᠠᠨ ᠨᠡᠶᠢᠲᠡ ᠶᠢᠨ ᠣᠷᠣᠨ ᠪᠦᠰᠡ ᠶᠢ ᠪᠤᠢ ᠪᠣᠯᠭᠠᠨ᠎ᠠ᠃ ᠵᠢᠱᠢᠶᠡᠯᠡᠪᠡᠯ᠂ ᠱᠠᠩᠬᠠᠢ ᠬᠤᠳᠠ ᠶᠢᠨ ᠶᠠᠩᠫᠦ᠋ ᠲᠣᠭᠤᠷᠢᠭ ᠤᠨ ᠪᠢᠨᠵᠢᠶᠠᠩ ᠤᠯᠠᠨ ᠨᠡᠶᠢᠲᠡ ᠶᠢᠨ ᠣᠷᠣᠨ ᠪᠦᠰᠡ᠂ ᠵᠢᠱᠢᠶᠡᠯᠡᠪᠡᠯ ᠲᠦᠰᠢᠭᠦᠷ᠂ ᠱᠠᠲᠤ᠂ ᠤᠯᠠᠨ ᠨᠡᠶᠢᠲᠡ ᠶᠢᠨ ᠵᠣᠷᠯᠣᠩ᠂ ᠬᠤᠳᠠ ᠶᠢᠨ ᠵᠠᠮ ᠤᠨ ᠣᠷᠣᠬᠤ ᠡᠭᠦᠳᠡ ᠵᠡᠷᠭᠡ 20 ᠭᠠᠷᠤᠢ ᠵᠠᠩᠭᠢᠯᠠᠭ᠎ᠠ ᠶᠢᠨ ᠲᠥᠬᠦᠭᠡᠷᠦᠮᠵᠢ ᠳᠤ ᠬᠠᠷᠰᠢ ᠰᠠᠭᠠᠳ ᠦᠭᠡᠢ ᠳᠡᠭᠡᠭᠰᠢᠯᠡᠭᠦᠯᠬᠦ ᠥᠭᠡᠷᠡᠴᠢᠯᠡᠯᠲᠡ ᠬᠢᠵᠦ᠂ ᠵᠠᠮ ᠨᠡᠪᠲᠡᠷᠡᠯᠭᠡ ᠶᠢᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ᠂ ᠮᠡᠳᠡᠯᠭᠡ ᠶᠢᠨ ᠲᠥᠬᠦᠭᠡᠷᠦᠮᠵᠢ ᠵᠡᠷᠭᠡ 3 ᠶᠡᠭᠡ ᠰᠢᠰᠲ᠋ᠧᠮ ᠢ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠪᠢᠨᠵᠢᠶᠠᠩ ᠡᠷᠭᠢ ᠳᠠᠭᠠᠤ ᠶᠢᠨ ᠲᠥᠬᠦᠭᠡᠷᠦᠮᠵᠢ᠂ ᠮᠡᠳᠡᠭᠡ ᠵᠠᠩᠭᠢ᠂ ᠦᠢᠯᠡᠴᠢᠯᠡᠭᠡ ᠳᠤ ᠬᠠᠷᠰᠢ ᠰᠠᠭᠠᠳ ᠦᠭᠡᠢ ᠪᠠᠶᠢᠬᠤ ᠶᠢ ᠪᠡᠶᠡᠯᠡᠭᠦᠯᠵᠡᠢ᠃ ᠬᠤᠶᠠᠷ ᠲᠤ᠂ ︽ᠨᠢᠭᠡ ᠨᠠᠰᠤᠲᠠᠨ ᠨᠢᠭᠡ ᠨᠢᠯᠬᠠᠰ︾ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠥᠲᠡᠯᠪᠡᠯ ᠠᠰᠠᠷᠠᠮᠵᠢ ᠲᠠᠢ᠂ ᠨᠢᠯᠬ᠎ᠠ ᠬᠡᠦᠬᠡᠳ ᠲᠤ ᠰᠤᠷᠭᠠᠨ ᠬᠥᠮᠦᠵᠢᠯ ᠲᠠᠢ ᠪᠣᠯᠭᠠᠬᠤ ᠶᠢ ᠨᠡᠩ ᠰᠠᠶᠢᠲᠤᠷ ᠪᠡᠶᠡᠯᠡᠭᠦᠯᠦᠨ᠎ᠡ᠃ ᠣᠳᠣᠬᠢ ᠱᠠᠲᠤᠨ ᠳᠤ᠂ ᠮᠠᠨ ᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠤᠷᠬᠤ ᠬᠥᠮᠥᠰ ᠨᠡᠯᠢᠶᠡᠳ ᠴᠥᠭᠡᠨ ᠪᠠᠶᠢᠵᠤ᠂ ᠵᠠᠬ᠎ᠠ ᠳᠡᠯᠭᠡᠭᠦᠷᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠠᠷᠤᠳᠠᠯ ᠨᠡᠯᠢᠶᠡᠳ ᠥᠨᠳᠥᠷ᠂ ᠭᠡᠷ ᠲᠡᠭᠡᠨ ᠰᠠᠭᠤᠵᠤ ᠨᠠᠰᠤᠲᠠᠶᠢᠴᠤᠳ ᠢ ᠠᠰᠠᠷᠠᠬᠤ ᠪᠣᠯ ᠨᠠᠰᠤᠲᠠᠶᠢᠴᠤᠳ ᠤᠨ ᠭᠤᠣᠯ ᠪᠣᠯᠬᠤ ᠨᠠᠰᠤᠵᠢᠯ ᠤᠨ ᠠᠰᠠᠷᠠᠮᠵᠢ ᠶᠢᠨ ᠠᠷᠭ᠎ᠠ ᠮᠠᠶ᠋ᠢᠭ ᠮᠥᠨ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠦᠨᠳᠦᠰᠦᠨ ᠵᠦᠢᠯ ᠢ ᠪᠠᠲᠤᠯᠠᠬᠤ᠂ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠭᠵᠢᠭᠦᠯᠦᠨ᠎ᠡ᠃ ᠵᠠᠷᠢᠮ ᠭᠠᠵᠠᠷ ᠣᠷᠣᠨ ᠳᠤ ᠢᠯᠡᠷᠡᠭᠰᠡᠨ ᠨᠠᠶᠢᠳᠠᠨ ᠬᠥᠮᠥᠵᠢᠭᠦᠯᠬᠦ ᠳᠤ ᠬᠦᠴᠢᠷᠲᠡᠢ ᠠᠰᠠᠭᠤᠳᠠᠯ ᠳᠤ ᠴᠢᠭᠯᠡᠭᠦᠯᠦᠨ᠂ ᠲᠦᠭᠡᠮᠡᠯ ᠬᠠᠷᠠᠭᠠᠯᠵᠠᠳᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃        ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠣᠷᠣᠨ ᠪᠦᠰᠡ ᠶᠢ ᠪᠣᠶ ᠪᠣᠯᠭᠠᠨ᠎ᠠ᠃ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠪᠣᠯ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠣᠯᠬᠤ ᠪᠥᠭᠡᠳ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠬᠠᠩᠭᠠᠬᠤ ᠰᠠᠭᠤᠷᠢ ᠬᠠᠲᠠᠭᠤ ᠬᠡᠷᠡᠭᠰᠡᠯ ᠪᠣᠯᠣᠨ᠎ᠠ᠃ ᠠᠷᠠᠳ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢᠨ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ 2023 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︽ᠫᠢᠩᠫᠠᠩ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ︽ᠫᠢᠩᠫᠠᠩ ᠪᠥᠮᠪᠦᠭᠡ ᠶᠢ ᠴᠡᠴᠡᠷᠯᠢᠭ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠠᠷᠠᠳ ᠤᠨ ᠣᠯᠠᠨ ᠶᠠᠩᠵᠤᠴᠢᠯᠠᠭᠰᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠪᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠣᠯᠠᠨ ᠲᠦᠮᠡᠨ ᠤ ᠳᠡᠷᠭᠡᠳᠡᠬᠢ ᠲᠠᠮᠢᠷ ᠤᠨ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ ᠭᠡᠵᠦ ︽ᠰᠠᠨᠠᠯ︾ ᠳᠤ ᠳᠤᠷᠠᠳᠤᠭᠰᠠᠨ ᠨᠢ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠨ᠎ᠡ︾᠂ ᠦᠷ᠎ᠡ ᠠᠰᠢᠭ ᠢᠶᠠᠷ ᠳᠣᠣᠷ᠎ᠠ ᠰᠤᠯᠠ ᠪᠠᠶᠢᠭ᠎ᠠ ᠣᠷᠣᠨ ᠪᠦᠰᠡ ᠶᠢ ᠭᠦᠢᠴᠡᠳ ᠠᠭᠤᠳᠠᠯᠤᠨ ᠠᠮᠢᠳᠤᠯᠢᠭ ᠠᠰᠢᠭᠯᠠᠵᠤ᠂ ᠨᠡᠶᠢᠭᠡᠮ ᠲᠣᠭᠤᠷᠢᠭ ᠲᠤ ᠣᠶᠢᠷᠠᠲᠤᠭᠰᠠᠨ᠂ ᠲᠥᠬᠦᠮ ᠲᠦᠳᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ ᠥᠭᠡᠷᠡᠴᠢᠯᠡᠵᠦ᠂ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠂ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠬᠤ︾ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ︽ᠪᠠᠶᠢᠬᠤ︾ ᠪᠠᠶᠢᠭᠰᠠᠨ ᠠᠴᠠ ᠨᠢ ︽ᠰᠢᠯᠢᠳᠡᠭ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠤᠷᠠᠳᠤᠨ ᠭᠠᠷᠭᠠᠪᠠ᠃        ᠬᠡᠷᠡᠭᠯᠡᠭᠡᠨ ᠤ ᠰᠢᠨ᠎ᠡ ᠠᠬᠤᠢ ᠪᠠᠶᠢᠳᠠᠯ ᠢ ᠪᠤᠢ ᠪᠣᠯᠭᠠᠬᠤ ᠳᠤ ᠬᠦᠴᠦ ᠨᠡᠮᠡᠷᠢᠯᠡᠵᠦ᠂ ᠬᠡᠷᠡᠭᠯᠡᠭᠡᠨ ᠤ ᠰᠢᠨ᠎ᠡ ᠣᠷᠣᠨ ᠪᠦᠰᠡ ᠶᠢ ᠤᠯᠠᠮ ᠨᠢᠭᠡ ᠠᠯᠬᠤᠮ ᠨᠡᠭᠡᠭᠡᠨ᠎ᠡ᠃ ︽ᠰᠠᠨᠠᠯ︾ ᠳᠤ ︽ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ︾ ᠭᠡᠵᠦ ᠴᠢᠬᠤᠯᠠᠴᠢᠯᠠᠪᠠ᠂ ᠬᠡᠷᠡᠭᠯᠡᠭᠡᠨ ᠤ ᠲᠥᠷᠥᠯ ᠤᠨ ᠰᠠᠭᠤᠷᠢ ᠲᠥᠬᠦᠭᠡᠷᠦᠮᠵᠢ ᠳᠤ ᠪᠦᠷᠢᠨ ᠪᠠᠷᠠᠭᠠᠲᠤ ᠳᠡᠯᠭᠡᠭᠦᠷ᠂ ᠬᠤᠳᠠᠯᠳᠤᠭᠠᠨ ᠤ ᠲᠥᠪ᠂ ᠬᠤᠳᠠᠯᠳᠤᠭᠠᠨ ᠤ ᠵᠡᠭᠡᠯᠢ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠬᠤᠳᠠᠯᠳᠤᠭ᠎ᠠ ᠦᠢᠯᠡᠴᠢᠯᠡᠭᠡᠨ ᠤ ᠲᠥᠬᠦᠭᠡᠷᠦᠮᠵᠢ ᠪᠠᠭᠲᠠᠨ᠎ᠠ᠂ ᠡᠨᠡ ᠪᠣᠯ ᠬᠡᠷᠡᠭᠯᠡᠭᠡᠨ ᠤ ᠭᠤᠣᠯ ᠦᠵᠡᠭᠳᠡᠯ ᠪᠠ ᠣᠷᠣᠨ ᠪᠦᠰᠡ ᠶᠢᠨ ᠠᠴᠢᠶᠠᠯᠠᠪᠤᠷᠢ ᠮᠥᠨ᠃ ᠬᠡᠷᠡᠭᠯᠡᠭᠡᠨ ᠤ ᠲᠦᠷᠦᠯ ᠤᠨ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ ᠥᠭᠡᠷᠡᠴᠢᠯᠡᠯᠲᠡ ᠨᠢ ᠤᠯᠠᠮᠵᠢᠯᠠᠯᠲᠤ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠣᠶᠣᠯ ᠪᠡᠶ᠎ᠡ ᠶᠢᠨ ᠲᠠᠮᠢᠷ᠂ ᠬᠤᠳᠠᠯᠳᠤᠭ᠎ᠠ᠂ ᠰᠡᠯᠡᠭᠦᠴᠡᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠡᠰᠢ ᠬᠤᠪᠢᠷᠠᠭᠤᠯᠬᠤ ᠶᠢ ᠠᠬᠢᠭᠤᠯᠵᠤ᠂ ᠬᠤᠳᠠᠯᠳᠤᠭ᠎ᠠ ᠵᠤᠭᠠᠴᠠᠯ ᠰᠣᠶᠣᠯ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠬᠡᠷᠡᠭᠯᠡᠭᠡᠨ ᠤ ᠰᠢᠨ᠎ᠡ ᠪᠠᠶᠢᠳᠠᠯ ᠢᠶᠠᠷ ᠬᠡᠷᠡᠭᠯᠡᠭᠡᠨ ᠤ ᠰᠢᠨ᠎ᠡ ᠣᠷᠣᠨ ᠪᠦᠰᠡ ᠶᠢ ᠨᠡᠭᠡᠭᠡᠬᠦ ᠪᠣᠯᠣᠨ᠎ᠠ᠃ ᠵᠢᠱᠢᠶᠡᠯᠡᠪᠡᠯ᠂ ᠥᠰᠢ ᠶᠢᠨ ︽ᠤᠯᠠᠭᠠᠨ ᠣᠩᠭᠤᠴᠠᠨ ᠤ ᠲᠠᠯᠠᠪᠠᠢ︾ ᠶᠢᠨ ᠥᠭᠡᠷᠡᠴᠢᠯᠡᠯᠲᠡ ᠶᠢᠨ ᠲᠦᠷᠦᠯ ᠵᠦᠢᠯ  ᠨᠢ ᠰᠣᠶᠣᠯ ᠵᠤᠭᠠᠴᠠᠯ ᠬᠤᠳᠠᠯᠳᠤᠭ᠎ᠠ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠲᠡᠷᠢᠭᠦᠨ ᠳᠡᠯᠭᠡᠭᠦᠷ ᠤᠨ ᠠᠵᠤ ᠠᠬᠤᠢ ᠪᠠᠷ ᠬᠥᠳᠡᠯᠭᠡᠭᠦᠷ ᠪᠣᠯᠭᠠᠵᠤ᠂ ᠤᠤᠯ ᠤᠨ ᠪᠠᠶᠢᠭᠰᠠᠨ ᠪᠠᠷᠢᠯᠭ᠎ᠠ ᠲᠡᠦᠬᠡ ᠰᠣᠶᠣᠯ᠂ ᠠᠵᠤ ᠦᠢᠯᠡᠳᠪᠦᠷᠢ ᠶᠢᠨ ᠪᠤᠯᠴᠢᠩ ᠢ ᠭᠦᠢᠴᠡᠳ ᠬᠦᠨᠳᠦᠳᠬᠡᠵᠦ᠂ ᠬᠠᠭᠤᠴᠢᠨ ᠣᠩᠭᠤᠴᠠᠨ ᠤ ᠦᠢᠯᠡᠳᠪᠦᠷᠢ ᠶᠢᠨ ᠬᠠᠭᠤᠴᠢᠨ ᠪᠠᠭᠤᠷᠢ ᠶᠢ ᠢᠳᠡᠭᠡᠨ ᠤᠮᠳᠠᠭᠠᠨ᠂ ᠰᠣᠶᠣᠯ᠂ ᠪᠡᠶ᠎ᠡ ᠲᠠᠮᠢᠷ ᠤᠨ ᠬᠥᠳᠡᠯᠭᠡᠭᠡᠨ᠂ ᠠᠮᠢᠳᠤᠷᠠᠯ ᠵᠡᠷᠭᠡ ᠤᠯᠠᠨ ᠡᠵᠡᠩᠨᠡᠯᠲᠡ ᠶᠢᠨ ᠬᠡᠯᠪᠡᠷᠢ ᠶᠢ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠰᠢᠨ᠎ᠡ ᠦᠵᠡᠮᠵᠢ ᠪᠣᠯᠭᠠᠵᠤ᠂ ᠬᠤᠳᠠ ᠶᠢᠨ ᠠᠷᠠᠳ ᠵᠤᠭᠠᠴᠠᠭᠰᠠᠳ ᠤᠨ ᠵᠤᠭᠠᠴᠠᠨ ᠲᠣᠭᠤᠷᠢᠬᠤ᠂ ᠪᠡᠶ᠎ᠡ ᠴᠢᠭᠢᠷᠠᠭᠵᠢᠭᠤᠯᠤᠨ ᠰᠡᠯᠡᠭᠦᠴᠡᠬᠦ ᠴᠢᠬᠤᠯᠠ ᠲᠠᠯᠠᠪᠤᠷ ᠪᠣᠯᠭᠠᠭᠰᠠᠨ ᠪᠠᠶᠢᠨ᠎ᠠ᠃      ᠰᠢᠨ᠎ᠡ ᠮᠠᠶ᠋ᠢᠭ ᠤᠨ ᠰᠣᠶᠣᠯ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠤᠶᠤᠨ ᠰᠣᠶᠣᠯ ᠤᠨ ︽ᠲᠣᠰᠣ ᠨᠡᠮᠡᠬᠦ ᠦᠷᠳᠡᠭᠡ︾ ᠶᠢ ᠪᠠᠶᠢᠭᠤᠯᠤᠨ᠎ᠠ᠃ ᠰᠢᠨ᠎ᠡ ᠮᠠᠶ᠋ᠢᠭ ᠤᠨ ᠰᠣᠶᠣᠯ ᠤᠨ ᠣᠷᠣᠨ ᠪᠦᠰᠡ ᠪᠣᠯ ᠤᠩᠰᠢᠯᠭ᠎ᠠ᠂ ᠦᠵᠡᠰᠬᠦᠯᠡᠩ᠂ ᠰᠤᠷᠭᠠᠨ ᠬᠥᠮᠦᠵᠢᠯ᠂ ᠰᠡᠯᠡᠭᠦᠴᠡᠯ᠂ ᠨᠡᠶᠢᠭᠡᠮ ᠤᠨ ᠬᠠᠷᠢᠯᠴᠠᠭ᠎ᠠ ᠵᠡᠷᠭᠡ ᠤᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠮᠥᠨ᠂ ᠲᠡᠷᠡ ᠨᠢ ᠬᠤᠳᠠ ᠶᠢᠨ ᠨᠣᠮ ᠤᠨ ᠦᠷᠦᠭᠡ᠂ ᠰᠣᠶᠣᠯ ᠤᠨ ᠤᠯᠠᠭ᠎ᠠ ᠦᠷᠳᠡᠭᠡ ᠵᠡᠷᠭᠡ ᠤᠯᠠᠨ ᠵᠦᠢᠯ ᠤᠨ ᠬᠡᠯᠪᠡᠷᠢ ᠶᠢ ᠬᠠᠮᠤᠷᠴᠤ᠂ ᠤᠯᠠᠨ ᠲᠦᠮᠡᠨ ᠤ ᠤᠶᠤᠨ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠳᠤ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢ ᠨᠡᠮᠡᠷᠢᠯᠡᠨ᠎ᠡ᠃ ᠵᠢᠱᠢᠶᠡᠯᠡᠪᠡᠯ᠂ ᠵᠢᠶᠠᠩᠰᠤ ᠮᠤᠵᠢ ᠶᠢᠨ ᠲᠠᠢ ᠵᠧᠦ ᠬᠤᠲᠠ 2025 ᠣᠨ ᠳᠤ ᠵᠢᠶᠠᠩᠰᠤ ᠶᠢᠨ ᠳᠠᠪᠤᠰᠤᠨ ᠤ ᠭᠠᠶᠢᠯᠢ ᠶᠢᠨ ᠮᠦᠽᠧᠢ᠂ ᠪᠧᠢ ᠭᠤᠸᠠᠨ ᠴᠠᠢ ᠨᠣᠮ ᠤᠨ ᠥᠷᠥᠭᠡ᠂ ᠯᠦ ᠬᠤᠸᠠ ᠯᠢ ᠨᠣᠮ ᠤᠨ ᠪᠠᠭᠠᠷ ᠵᠡᠷᠭᠡ ᠮᠤᠵᠢ ᠶᠢᠨ ᠱᠠᠲᠤᠨ ᠤ ᠰᠢᠨ᠎ᠡ ᠮᠠᠶ᠋ᠢᠭ ᠤᠨ ᠣᠯᠠᠨ ᠨᠡᠶᠢᠲᠡ ᠶᠢᠨ ᠰᠣᠶᠣᠯ ᠤᠨ ᠣᠷᠣᠨ ᠪᠦᠰᠡ ᠶᠢ ᠰᠢᠨ᠎ᠡ ᠪᠠᠷ ᠨᠡᠮᠡᠪᠡ᠂ ᠡᠭᠦᠨ ᠳᠤ ᠪᠧᠢ ᠭᠤᠸᠠᠨ ᠴᠠᠢ ᠨᠣᠮ ᠤᠨ ᠥᠷᠥᠭᠡ ᠨᠢ ᠴᠠᠢ ᠶᠢᠨ ᠮᠤᠬᠤᠯᠠᠭ ᠪᠠ ᠤᠩᠰᠢᠯᠭ᠎ᠠ ᠶᠢᠨ ᠣᠷᠣᠨ ᠪᠦᠰᠡ ᠶᠢ ᠤᠶᠠᠯᠳᠤᠭᠤᠯᠵᠤ᠂ ᠨᠣᠮ ᠤᠩᠰᠢᠬᠤ᠂ ᠰᠣᠶᠣᠯ ᠤᠨ ᠰᠣᠯᠢᠯᠴᠠᠭ᠎ᠠ ᠬᠢᠬᠦ ᠵᠡᠷᠭᠡ ᠦᠢᠯᠡᠴᠢᠯᠡᠭᠡ ᠬᠠᠩᠭᠠᠨ᠎ᠠ︔ ᠯᠦ ᠬᠤᠸᠠ ᠯᠢ ᠨᠤᠮ ᠤᠨ ᠪᠠᠭᠠᠷ ᠨᠢ ᠭᠡᠷ ᠲᠡᠭᠡᠨ ᠬᠤᠴᠣᠷᠤᠭᠰᠠᠨ ᠬᠡᠦᠬᠡᠳ᠂ ᠨᠤᠲᠤᠭ ᠲᠠᠭᠠᠨ ᠪᠤᠴᠠᠭᠰᠠᠨ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ ᠴᠢᠭᠯᠡᠭᠦᠯᠦᠨ ᠨᠣᠮ ᠤᠩᠰᠢᠵᠤ ᠤᠷᠠᠨ ᠤᠩᠰᠢᠯᠭ᠎ᠠ᠂ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠭ᠎ᠠ ᠥᠷᠨᠢᠭᠦᠯᠬᠦ ᠶᠢᠨ ᠬᠠᠮᠲᠤ ᠵᠢᠭᠤᠯᠴᠢᠯᠠᠭᠴᠢᠳ ᠲᠤ ᠠᠮᠠᠷᠠᠬᠤ ᠣᠷᠣᠨ ᠪᠦᠰᠡ ᠬᠠᠩᠭᠠᠵᠤ᠂ ᠰᠣᠶᠣᠯ ᠤᠨ ᠦᠢᠯᠡᠴᠢᠯᠡᠭᠡ ᠪᠠ ᠰᠡᠯᠡᠭᠦᠴᠡᠯ ᠤᠨ ᠣᠶᠢᠯᠠᠭᠠᠯᠲᠠ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠪᠡ᠃          ᠥᠷᠭᠡᠨ ᠳᠡᠯᠭᠡᠷ ᠪᠥᠭᠡᠳ ᠨᠠᠷᠢᠯᠢᠭ ᠵᠦᠢᠯ ᠢ ᠪᠦᠲᠦᠭᠡᠬᠦ ᠬᠡᠷᠡᠭᠲᠡᠢ᠃ ᠦᠢᠯᠡᠳᠦᠯᠭᠡ ᠶᠢᠨ ᠳᠤᠮᠳᠠ᠂ ᠦᠯᠡᠳᠡᠭᠡᠯ ᠰᠤᠯᠠ ᠪᠠᠶᠢᠭ᠎ᠠ ᠭᠡᠷ ᠪᠠᠶᠢᠰᠢᠩ ᠪᠠ ᠳᠣᠣᠷ᠎ᠠ ᠠᠰᠢᠭᠯᠠᠮᠵᠢᠲᠤ ᠭᠠᠵᠠᠷ ᠢ ᠭᠦᠢᠴᠡᠳ ᠠᠰᠢᠭᠯᠠᠬᠤ ᠪᠣᠯ ᠬᠤᠲᠠ ᠶᠢᠨ ᠰᠢᠨᠡᠴᠢᠯᠡᠯᠳᠡ ᠶᠢᠨ ᠲᠥᠷᠥᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠮᠥᠨ᠂ ᠡᠨᠡ ᠪᠣᠯ ᠬᠤᠲᠠ ᠶᠢᠨ ᠰᠢᠨᠡᠴᠢᠯᠡᠯᠳᠡ ᠶᠢᠨ ᠱᠠᠲᠤ ᠦᠶ᠎ᠡ ᠶᠢᠨ ᠵᠠᠶᠢᠯᠠᠰᠢ ᠦᠭᠡᠢ ᠵᠢᠮ᠎ᠡ ᠶᠣᠰᠣ ᠮᠥᠨ ᠪᠥᠭᠡᠳ ᠪᠠᠰᠠ ᠴᠤ ᠭᠠᠵᠠᠷ ᠰᠢᠷᠣᠢ ᠶᠢᠨ ᠡᠬᠢ ᠪᠠᠶᠠᠯᠢᠭ ᠤᠨ ᠬᠢᠵᠠᠭᠠᠷᠯᠠᠯ ᠢ ᠲᠠᠶᠢᠯᠬᠤ ᠪᠠ ᠰᠢᠨᠡᠴᠢᠯᠡᠯᠳᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠰᠠᠨᠠᠭᠠᠴᠢᠯᠠᠭᠠᠲᠤ ᠰᠣᠩᠭᠤᠯᠲᠠ ᠮᠥᠨ᠃ ᠬᠤᠳᠠ ᠶᠢᠨ ᠴᠢᠳᠠᠪᠬᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠠᠨ ᠳᠡᠰ ᠳᠠᠪᠬᠤᠷᠭ᠎ᠠ ᠲᠠᠢ᠂ ᠪᠦᠬᠦᠨ ᠢ ᠬᠠᠮᠤᠷᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ︕ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1