6 ᠳ᠋ᠤᠭᠠᠷ ᠰᠠᠷ᠎ᠠ ᠶᠢᠨ 16 ᠤ ᠡᠳᠦᠷ᠂ ᠲᠣᠭᠲᠠᠬᠤ ᠰᠢᠶᠠᠨ ᠤ 2025 ᠣᠨ ᠤ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠰᠠᠷᠭᠠᠢ | ᠴᠡᠴᠡᠭ ᠤᠨ ᠬᠦᠷᠢᠶᠡᠯᠡᠩ ᠤᠨ ᠠᠭᠤᠳᠠᠮ ᠲᠠᠯᠠᠪᠠᠶ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠲᠣᠭᠲᠠᠬᠤ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠯᠣᠨ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ | ᠦᠢᠯᠡᠴᠢᠯᠡᠭᠡᠨ ᠤ ᠲᠥᠪ ᠠᠴᠠ ᠲᠦᠷᠦᠭᠦᠯᠡᠨ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠲᠣᠭᠲᠠᠬᠤ ᠰᠢᠶᠠᠨ ᠳᠤ | ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ ᠲᠠᠢ ᠬᠠᠮᠲᠤᠷᠠᠨ ᠥᠷᠨᠢᠭᠦᠯᠵᠦ᠂ | ᠣᠯᠠᠨ ᠨᠡᠶᠢᠲᠡ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠣᠯᠠᠨ ᠨᠡᠶᠢᠲᠡ ᠶᠢᠨ | ᠤᠬᠠᠭᠤᠯᠭ᠎ᠠ ᠪᠠᠷ ᠳᠠᠮᠵᠢᠭᠤᠯᠤᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠡᠮᠬᠢ | ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠶᠤᠮ᠃ | ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠰᠡᠷᠡᠮᠵᠢᠯᠡᠭᠦᠯᠬᠦ ᠵᠠᠷᠯᠠᠯ ᠨᠠᠭᠠᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ︽ | ᠭᠤᠷᠪᠠ ᠶᠢ ᠠᠪᠬᠤ᠂ ᠭᠤᠷᠪᠠ ᠶᠢ ᠠᠪᠬᠤ ᠦᠭᠡᠢ︾ ᠰᠡᠷᠭᠡᠶᠢᠯᠡᠯᠲᠡ ᠶᠢᠨ ᠠᠮᠠᠨ ᠤᠩᠰᠢᠯᠭ᠎ᠠ ᠶᠢ ᠡᠭᠡᠯᠵᠢᠯᠡᠨ | ᠨᠡᠪᠲᠡᠷᠡᠭᠦᠯᠬᠦ ᠪᠠᠷ ᠳᠠᠮᠵᠢᠭᠤᠯᠤᠨ ︵ᠣᠶᠤᠨᠴᠢ᠂ ᠬᠢᠨᠠᠨ ᠬᠠᠷᠭᠤᠭᠤᠯᠬᠤ᠂ ᠰᠡᠷᠡᠮᠵᠢᠯᠡᠬᠦ︔ ᠠᠮᠠᠷᠬᠠᠨ ᠢᠲᠡᠭᠡᠬᠦ | ᠦᠭᠡᠢ᠂ ᠰᠣᠬᠤᠷ ᠪᠠᠯᠠᠢ ᠪᠠᠷ ᠳᠠᠭᠠᠬᠤ ᠦᠭᠡᠢ᠂ ᠣᠷᠣᠯᠴᠠᠬᠤ ᠦᠭᠡᠢ︶ ᠪᠠᠷ ᠥᠷᠭᠡᠨ ᠤᠯᠠᠨ ᠲᠦᠮᠡᠨ ᠳᠤ ᠬᠠᠤᠯᠢ | ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠭᠤᠯᠵᠤ᠂ ᠬᠠᠤᠯᠢ | ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ | ᠡᠵᠡᠮᠰᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ | ᠨᠡᠮᠡᠭᠳᠡᠭᠦᠯᠪᠡ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ | ᠦᠢᠯᠡᠴᠢᠯᠡᠭᠡᠨ ᠤ ᠲᠥᠪ ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ | ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ᠂ ᠲᠥᠪᠯᠡᠷᠡᠭᠦᠯᠦᠨ ᠤᠬᠠᠭᠤᠯᠬᠤ ᠪᠠ ᠡᠳᠦᠷ ᠳᠤᠳᠤᠮ ᠤᠨ ᠤᠬᠠᠭᠤᠯᠭ᠎ᠠ ᠶᠢ ᠠᠭᠤᠰᠤᠯᠴᠠᠭᠤᠯᠬᠤ | ᠵᠡᠷᠭᠡ ᠠᠷᠭ᠎ᠠ ᠬᠡᠯᠪᠡᠷᠢ ᠪᠠᠷ ᠪᠦᠬᠦ ᠰᠢᠶᠠᠨ ᠤ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠢ ᠤᠯᠠᠮ | ᠴᠢᠨᠠᠭᠰᠢᠳᠠ ᠬᠠᠮᠠᠭᠠᠯᠠᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ | |