ᠡᠨᠡ ᠵᠢᠯ ᠤᠨ 6 ᠳ᠋ᠤᠭᠠᠷ ᠰᠠᠷ᠎ᠠ ᠪᠣᠯ 24 ᠳ᠋ᠤᠭᠡᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠪᠣᠯᠣᠨ᠎ᠠ᠂ ᠭᠤᠣᠯ ᠰᠡᠳᠦᠪ ᠨᠢ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ | ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︱ ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠡᠷᠢᠶ᠎ᠡ︾᠃ | ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠤᠬᠠᠭᠤᠯᠤᠨ ᠲᠤᠤᠱᠯᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ | ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠲᠠᠬᠤ ᠰᠢᠶᠠᠨ ᠤ ᠬᠤᠷᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠲᠣᠭᠲᠠᠬᠤ | ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠭᠤᠤᠯᠴᠢᠯᠠᠨ ᠡᠷᠬᠢᠯᠡᠭᠰᠡᠡ 2025 ᠣᠨ ᠤ ᠲᠣᠭᠲᠠᠬᠤ | ᠰᠢᠶᠠᠨ ᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠳ᠋ᠦᠩᠱᠧᠩ | ᠰᠣᠶᠣᠯ ᠤᠨ ᠲᠠᠯᠠᠪᠠᠢ ᠳᠤ ᠶᠠᠪᠤᠭᠳᠠᠪᠠ᠃ ᠲᠤᠰ ᠠᠵᠢᠯᠯᠠᠭ᠎ᠠ ᠨᠢ ︽ᠲᠥᠪᠯᠡᠷᠡᠭᠦᠯᠦᠨ ᠤᠬᠠᠭᠤᠯᠬᠤ + ᠠᠮᠤᠷ | ᠲᠦᠪᠰᠢᠨ ᠤ ᠮᠡᠳᠡᠯᠭᠡ ᠶᠢᠨ ᠥᠷᠢᠰᠦᠯᠳᠦᠭᠡᠨ ᠤ ᠬᠠᠷᠢᠭᠤᠯᠲᠠ + ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠲᠤᠨᠤᠭ ᠲᠥᠬᠦᠭᠡᠷᠦᠮᠵᠢ ᠶᠢᠨ ᠦᠵᠡᠭᠦᠯᠦᠯᠭᠡ︾ ᠶᠢᠨ ᠬᠡᠯᠪᠡᠷᠢ ᠪᠠᠷ ᠤᠯᠠᠨ ᠲᠦᠮᠡᠨ ᠳᠤ ︽ᠠᠮᠤᠷ | ᠲᠦᠪᠰᠢᠨ ᠤ ᠮᠡᠳᠡᠯᠭᠡ ᠶᠢᠨ ᠲᠣᠮᠣ ᠪᠡᠯᠡᠭ︾ ᠬᠦᠷᠭᠡᠵᠦ᠂ 1200 ᠭᠠᠷᠤᠢ ᠤᠯᠠᠨ ᠲᠦᠮᠡᠨ ᠢ ᠢᠳᠡᠪᠬᠢᠲᠡᠢ | ᠤᠷᠤᠯᠴᠠᠵᠠᠢ᠃ ᠲᠤᠬᠠᠢ ᠶᠢᠨ ᠲᠠᠯᠠᠪᠤᠷ ᠲᠤ ᠨᠡᠶᠢᠲᠡ 20 ᠤᠬᠠᠭᠤᠯᠭ᠎ᠠ ᠶᠢᠨ ᠲᠠᠪᠴᠠᠩ᠂ 60 ᠭᠤᠣᠯ ᠰᠡᠳᠦᠪᠲᠦ | ᠦᠵᠡᠭᠦᠯᠦᠯᠭᠡ ᠶᠢᠨ ᠰᠠᠮᠪᠠᠷ᠎ᠠ ᠭᠠᠷᠭᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ | ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠭᠤᠯᠭ᠎ᠠ ᠶᠢᠨ | ᠲᠣᠭᠤᠷᠢᠨ ᠳᠤ᠂ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ᠂ ᠠᠮᠤᠷ ᠲᠦᠪᠰᠢᠨ ᠤ ᠰᠣᠶᠣᠯ ᠤᠨ ᠰᠢᠨ᠎ᠡ | ᠡᠭᠦᠳᠦᠯᠲᠡ ᠶᠢᠨ ᠪᠡᠯᠡᠭ ᠤᠨ ᠡᠳ᠋ ᠵᠡᠷᠭᠡ ᠶᠢ 3000 ᠭᠠᠷᠤᠢ ᠬᠤᠪᠢ ᠲᠠᠷᠬᠠᠭᠠᠵᠠᠢ᠃ ᠡᠯ᠎ᠡ ᠪᠠᠶᠢᠭᠤᠯᠤᠯᠭ᠎ᠠ ᠶᠢᠨ | ᠬᠢᠨ ︽ᠠᠮᠤᠷ ᠲᠦᠪᠰᠢᠨ ᠤ ᠮᠡᠳᠡᠯᠭᠡ ᠶᠢ ᠱᠠᠩᠨᠠᠯ ᠲᠠᠢ ᠥᠷᠢᠰᠦᠯᠳᠦᠭᠦᠯᠦᠨ ᠬᠠᠷᠢᠭᠤᠯᠬᠤ︾ ︽ᠠᠮᠤᠷ ᠲᠦᠪᠰᠢᠨ ᠤ | ᠣᠨᠢᠰᠤᠭ᠎ᠠ ᠶᠢ ᠥᠷᠢᠰᠦᠯᠳᠦᠭᠦᠯᠦᠨ ᠲᠠᠭᠠᠮᠠᠭᠯᠠᠬᠤ︾ ᠵᠡᠷᠭᠡ ᠰᠣᠨᠢᠷᠬᠠᠯᠲᠤ ᠨᠥᠬᠦᠴᠡᠯᠳᠦᠯ ᠤᠨ ᠭᠤᠭᠴᠤᠭ᠎ᠠ ᠶᠢ | ᠨᠠᠷᠢᠨ ᠨᠢᠮᠪᠠᠢ ᠪᠠᠶᠢᠷᠢᠯᠠᠭᠤᠯᠵᠤ᠂ ᠣᠯᠠᠨ ᠲᠦᠮᠡᠨ ᠰᠡᠳᠦᠪ ᠬᠠᠷᠢᠭᠤᠯᠬᠤ ᠪᠠᠷ ᠳᠠᠮᠵᠢᠭᠤᠯᠤᠨ ᠵᠢᠵᠢᠭ ᠪᠡᠯᠡᠭ ᠰᠡᠯᠲᠡ | ᠣᠯᠵᠤ᠂ ᠬᠥᠮᠦᠵᠢᠯ ᠢ ᠪᠠᠶᠠᠷ ᠴᠡᠩᠭᠡᠯ ᠳᠤ ᠠᠬᠤᠭᠤᠯᠬᠤ ᠳᠤᠮᠳᠠ ᠠᠮᠤᠷ ᠲᠦᠪᠰᠢᠨ ᠤ ᠮᠡᠳᠡᠯᠭᠡ ᠶᠢᠨ ᠲᠤᠬᠠᠢ | ᠣᠶᠢᠯᠠᠭᠠᠯᠲᠠ ᠪᠠ ᠳᠤᠷᠠᠰᠤᠮᠵᠢ ᠪᠠᠨ ᠭᠦᠨᠵᠡᠭᠡᠶᠢᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠠᠮᠤᠷ ᠲᠦᠪᠰᠢᠨ ᠤ ᠬᠡᠪ ᠴᠢᠨᠠᠷ ᠢ ᠪᠦᠲᠦᠮᠵᠢᠲᠡᠶ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠢᠭᠡᠴᠡ ᠪᠣᠯᠣᠨ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢ ᠠᠬᠢᠭᠤᠯᠪᠠ᠃ ᠡᠭᠦᠨ ᠤ ᠬᠠᠮᠲᠤ᠂ ᠪᠦᠬᠦ ᠰᠢᠶᠠᠨ ᠤ | ᠬᠡᠪᠴᠢᠶᠡᠨ ᠳᠤ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢᠶᠠᠷ ᠬᠦᠭᠵᠢᠭᠦᠯᠬᠦ︾ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠵᠤ᠂ ᠬᠦᠴᠦᠷᠬᠡᠭ ᠶᠡᠭᠡ ᠠᠮᠤᠷ ᠲᠦᠪᠰᠢᠨ ᠢᠶᠠᠷ ᠬᠥᠭᠵᠢᠬᠦ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |