ᠭᠡᠷ ᠪᠠᠶᠢᠰᠢᠩ ᠤᠨ ᠦᠨ᠎ᠡ ᠬᠠᠩᠰᠢ ᠶᠢᠨ ᠲᠤᠭ᠎ᠠ ᠪᠠᠷᠢᠮᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/6/17
       ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 16 ᠤ ᠡᠳᠦᠷ 2025 ᠣᠨ ᠤ 5 ᠳ᠋ᠤᠭᠠᠷ ᠰᠠᠷ᠎ᠠ ᠶᠢᠨ 70 ᠲᠣᠮᠣ ᠳᠤᠮᠳᠠ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠶᠢᠨ ᠬᠤᠪᠢᠷᠠᠯᠲᠠ ᠶᠢᠨ ᠪᠠᠶᠢᠳᠠᠯ ᠢ ᠨᠡᠶᠢᠲᠡᠯᠡᠪᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠲᠠ ᠶᠢᠨ ᠵᠤᠷᠭᠠᠨ ᠤ ᠲᠦᠷᠦᠭᠦᠸ ᠪᠦᠷᠢᠳᠬᠡᠭᠴᠢ ᠸᠠᠩ ᠵᠥᠩ ᠬᠤᠸᠠ ᠲᠠᠶᠢᠯᠪᠤᠷᠢᠯᠠᠬᠤ ᠳᠠᠭᠠᠨ᠂ 2025 ᠣᠨ ᠤ 5 ᠳ᠋ᠤᠭᠠᠷ ᠰᠠᠷ᠎ᠠ ᠳᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠦᠷᠭᠦᠯᠵᠢᠯᠡᠨ ᠪᠠᠭᠠᠰᠴᠠᠢ᠃         ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠪᠠᠭᠤᠷᠠᠵᠠᠢ       5 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠲᠠᠢ ᠠᠳᠠᠯᠢ ᠪᠠᠶᠢᠭᠰᠠᠨ  ᠠᠴᠠ ᠪᠠᠨ 0.2% ᠢᠶᠠᠷ ᠪᠠᠭᠤᠷᠠᠪᠠ᠃ ᠡᠭᠦᠨ ᠤ ᠳᠣᠲᠣᠷ᠎ᠠ ᠱᠠᠩᠬᠠᠢ 0.7% ᠪᠠᠷ ᠥᠰᠴᠦ᠂ ᠪᠡᠭᠡᠵᠢᠩ᠂ ᠭᠤᠸᠠᠩᠵᠸᠦ ᠪᠣᠯᠣᠨ ᠱᠧᠨᠵᠧᠨ ᠲᠤᠰ ᠲᠤᠰ 0.4%᠂ 0.8% ᠪᠠ 0.4% ᠪᠠᠷ ᠪᠠᠭᠤᠷᠠᠵᠠᠢ᠃ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠳᠡᠭᠡᠷ᠎ᠡ ᠰᠠᠷ᠎ᠠ ᠶᠢᠨ ᠬᠢ ᠲᠠᠢ ᠠᠳᠠᠯᠢ ᠪᠠᠶᠢᠭᠰᠠᠨ ᠠᠴᠠ ᠪᠠᠨ 0.2% ᠳᠣᠷᠣᠭᠰᠢᠯᠠᠵᠠᠢ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.3% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠥᠷᠭᠡᠳᠪᠡ᠃         5 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠨᠡᠮᠡᠭᠳᠡᠵᠡᠢ᠃ ᠡᠭᠦᠨ ᠳᠤ ᠪᠡᠭᠡᠵᠢᠩ᠂ ᠱᠠᠩᠬᠠᠢ᠂ ᠭᠤᠸᠠᠩᠵᠸᠦ ᠪᠠ ᠱᠧᠨᠵᠧᠨ ᠲᠣᠰ ᠲᠣᠰ 0.8%᠂ 0.7%᠂ 0.8% ᠪᠠ 0.5% ᠪᠠᠷ ᠪᠠᠭᠤᠷᠠᠪᠠ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠴᠥᠮ 0.5% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠴᠥᠮ 0.1 ᠵᠠᠭᠤᠨ ᠤ ᠨᠢᠭᠡᠴᠢ ᠥᠷᠭᠡᠳᠪᠡ᠃         ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠦᠷᠭᠦᠯᠵᠢᠯᠡᠨ ᠪᠠᠭᠠᠰᠪᠠ      5 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.4 ᠵᠠᠭᠤᠨ ᠤ ᠨᠢᠭᠡᠴᠢ ᠪᠠᠭᠠᠰᠴᠠᠢ ᠃ ᠡᠭᠦᠨ ᠤ ᠳᠣᠲᠣᠷ᠎ᠠ ᠱᠠᠩᠬᠠᠢ 5.9% ᠪᠠᠷ ᠥᠰᠴᠦ᠂ ᠪᠡᠭᠡᠵᠢᠩ᠂ ᠭᠤᠸᠠᠩᠵᠸᠦ ᠪᠣᠯᠣᠨ ᠱᠧᠨᠵᠧᠨ ᠲᠤᠰ ᠲᠤᠰ 4.3%᠂ 5.8% ᠪᠠ 2.6% ᠪᠠᠷ ᠪᠠᠭᠤᠷᠠᠵᠠᠢ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.5% ᠪᠠ 4.9% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ  ᠨᠢ ᠲᠣᠰ ᠲᠣᠰ 0.4 ᠪᠠ 0.5 ᠵᠠᠭᠤᠨ ᠤ ᠨᠢᠭᠡᠴᠢ ᠪᠠᠭᠠᠰᠪᠠ᠃         5 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 2.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠪᠠᠭᠠᠰᠴᠠᠢ᠃ ᠡᠭᠦᠨ ᠳᠤ᠂ ᠪᠡᠭᠡᠵᠢᠩ᠂ ᠱᠠᠩᠬᠠᠢ᠂ ᠭᠤᠸᠠᠩᠵᠸᠦ ᠪᠠ ᠱᠧᠨᠵᠧᠨ ᠲᠣᠰ ᠲᠣᠰ 0.7%᠂ 0.1%᠂ 6.6% ᠪᠠ 3.2% ᠢᠶᠠᠷ ᠪᠠᠭᠤᠷᠠᠪᠠ᠃ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.1% ᠪᠠ 6.9% ᠪᠠᠭᠤᠷᠠᠵᠤ ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 0.4 ᠪᠠ 0.5 ᠵᠠᠭᠤᠨ ᠤ ᠨᠢᠭᠡᠴᠢ ᠪᠠᠭᠠᠰᠴᠠᠢ᠃ ᠢᠷᠡᠯᠲᠡ᠄ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1