ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠶᠢᠨ ᠦᠨᠳᠦᠰᠦᠨ ᠨᠢᠭᠡᠴᠢ | ᠪᠠᠶᠢᠵᠤ᠂ ᠰᠠᠭᠤᠭᠠᠯᠢ ᠠᠷᠠᠳ ᠤᠨ ᠡᠳᠦᠷ ᠳᠤᠳᠤᠮ ᠤᠨ ᠠᠮᠢᠳᠤᠷᠠᠯ ᠤᠨ ᠲᠠᠯ᠎ᠠ ᠪᠦᠬᠦᠨ ᠢ ᠠᠴᠢᠶᠠᠯᠠᠵᠤ ᠪᠠᠶᠢᠳᠠᠭ᠃ | ᠣᠳᠣᠬᠠᠨ ᠳᠤ᠂ ᠮᠠᠨ ᠤ ᠤᠯᠤᠰ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠵᠤ | ᠪᠠᠶᠢᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠬᠡᠨ | ᠬᠠᠩᠵᠧᠦ ᠳᠤ ᠪᠥᠬᠦ ᠤᠯᠤᠰ ᠤᠨ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠬᠡᠷᠡᠭᠵᠢᠭᠦᠯᠬᠦ ᠲᠠᠢ ᠤᠶᠠᠯᠳᠤᠭᠤᠯᠤᠨ᠂ ᠪᠠᠶᠢᠭᠤᠯᠬᠤ ᠳᠤ ᠲᠣᠬᠢᠷᠠᠪᠠᠯ ᠪᠠᠶᠢᠭᠤᠯᠵᠤ᠂ ᠥᠭᠡᠷᠡᠴᠢᠯᠡᠬᠦ ᠳᠤ ᠲᠣᠬᠢᠷᠠᠪᠠᠯ | ᠥᠭᠡᠷᠡᠴᠢᠯᠡᠬᠦ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠦᠷᠢᠨ ᠪᠦᠲᠦᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠵᠠᠢ᠃ | ᠶᠠᠮᠠᠷ ᠶᠠᠩᠵᠤ ᠶᠢᠨ ᠨᠡᠶᠢᠭᠡᠮ ᠲᠣᠭᠤᠷᠢᠭ ᠨᠢ ᠪᠦᠷᠢᠨ ᠪᠦᠲᠦᠨ ᠨᠡᠶᠢᠭᠡᠮ ᠲᠣᠭᠤᠷᠢᠭ ᠪᠣᠯᠬᠤ ᠪᠤᠢ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ︽ᠪᠦᠷᠢᠨ | ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠶᠢ | ᠦᠨᠳᠦᠰᠦᠯᠡᠪᠡᠯ᠂ ᠪᠦᠷᠢᠨ ᠪᠦᠲᠦᠨ ᠨᠡᠶᠢᠭᠡᠮ ᠲᠣᠭᠤᠷᠢᠭ ᠭᠡᠳᠡᠭ ᠨᠢ ᠰᠠᠭᠤᠭᠠᠯᠢ ᠠᠷᠠᠳ ᠤᠨ ᠶᠠᠪᠠᠭᠠᠨ ᠶᠠᠪᠤᠬᠤ | ᠬᠡᠪᠴᠢᠶᠡᠨ ᠳᠣᠲᠣᠷ᠎ᠠ ᠪᠦᠷᠢᠨ ᠲᠡᠭᠦᠯᠳᠡᠷ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ | ᠪᠦᠷᠢᠨ ᠲᠡᠭᠦᠯᠳᠡᠷ ᠠᠷᠠᠳ ᠲᠤ ᠲᠥᠬᠦᠮ ᠦᠵᠡᠭᠦᠯᠬᠦ ᠬᠤᠳᠠᠯᠳᠤᠭ᠎ᠠ ᠦᠢᠯᠡᠴᠢᠯᠡᠭᠡᠨ ᠤ ᠪᠡᠯᠡᠳᠬᠡᠮᠵᠢ᠂ ᠪᠦᠷᠢᠨ | ᠲᠡᠭᠦᠯᠳᠡᠷ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ᠂ ᠪᠦᠷᠢᠨ ᠭᠦᠢᠴᠡᠳ ᠣᠯᠠᠨ | ᠨᠡᠶᠢᠲᠡ ᠶᠢᠨ ᠠᠵᠢᠯᠯᠠᠭᠠᠨ ᠤ ᠣᠷᠣᠨ ᠵᠠᠢ᠂ ᠪᠦᠷᠢᠨ ᠲᠥᠬᠦᠷ ᠠᠳᠠᠯ ᠠᠬᠤᠢ ᠶᠢᠨ ᠬᠠᠮᠢᠶᠠᠷᠤᠯᠲᠠ ᠪᠠ ᠪᠦᠷᠢᠨ | ᠲᠡᠭᠦᠯᠳᠡᠷ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠲᠠᠢ ᠮᠥᠷᠲᠡᠭᠡᠨ ᠰᠠᠭᠤᠭᠠᠯᠢ ᠠᠷᠠᠳ ᠤᠨ | ᠬᠠᠷᠢᠶᠠᠯᠠᠭᠳᠠᠬᠤ ᠰᠡᠳᠬᠢᠯᠭᠡ᠂ ᠮᠡᠳᠡᠷᠡᠬᠦ ᠰᠡᠳᠬᠢᠯᠭᠡ ᠪᠠᠷ ᠨᠡᠯᠢᠶᠡᠳ ᠴᠢᠩᠭ᠎ᠠ ᠣᠷᠣᠰᠢᠨ ᠰᠠᠭᠤᠬᠤ ᠨᠡᠶᠢᠭᠡᠮ | ᠲᠣᠭᠤᠷᠢᠭ ᠢ ᠵᠢᠭᠠᠵᠤ ᠪᠣᠶ᠃ | ᠬᠠᠩᠵᠧᠦ ᠬᠤᠲᠠ ᠶᠢᠨ ᠪᠢᠨᠵᠢᠶᠠᠩ ᠲᠣᠭᠤᠷᠢᠭ ᠤᠨ ᠪᠢᠨ ᠹᠧᠨ ᠨᠡᠶᠢᠭᠡᠮ ᠲᠣᠭᠤᠷᠢᠭ ᠲᠤ᠂ 3 | ᠰᠣᠶᠣᠯ ᠤᠨ ᠴᠡᠴᠡᠷᠯᠢᠭ᠂ 7 ᠵᠤᠭᠠᠴᠠᠯ ᠤᠨ ᠵᠠᠮ᠂ 24 ᠴᠠᠭ ᠤᠨ ᠡᠭᠦᠯᠡᠨ ᠡᠮᠴᠢᠯᠡᠭᠡᠨ ᠤ ᠲᠠᠰᠤᠭ ᠡᠭᠦᠯᠡᠨ | ᠡᠮ ᠤᠨ ᠦᠷᠦᠭᠡ᠂ 3 ᠨᠡᠶᠢᠭᠡᠮ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ ᠵᠡᠷᠭᠡ ᠶᠢ ᠲᠣᠬᠢᠷᠠᠭᠤᠯᠵᠤ᠂ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠢᠳᠤᠷᠠᠯ ᠤᠨ ᠴᠢᠳᠠᠪᠬᠢ ᠶᠢ ᠢᠵᠢ ᠪᠦᠷᠢᠳᠦᠭᠦᠯᠵᠡᠢ᠃ | ᠡᠭᠦᠨ ᠠᠴᠠ ᠭᠠᠳᠠᠨ᠎ᠠ᠂ ᠵᠣᠴᠢᠳ ᠤᠨ ᠲᠢᠩᠬᠢᠮ᠂ ᠬᠤᠭᠤᠯᠠᠨ ᠭᠡᠷ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠥᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠤᠪᠢᠶᠠᠷᠢ ᠲᠥᠪ ᠵᠡᠷᠭᠡ 9 ᠲᠦᠷᠦᠯ ᠤᠨ ︽15 | ᠮᠢᠨᠦ᠋ᠲ ᠤᠨ ᠴᠢᠨᠠᠷ ᠰᠠᠶᠢᠲᠠᠢ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠪᠠ᠃ | ︽ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠪᠢᠳᠡ ᠨᠡᠶᠢᠭᠡᠮ | ᠲᠣᠭᠤᠷᠢᠭ ᠤᠨ ᠬᠥᠮᠥᠰ ᠤᠨ ᠬᠦᠰᠡᠯ ᠪᠠ ᠠᠳᠠᠯᠢ ᠪᠤᠰᠤ ᠨᠠᠰᠤᠨ ᠤ ᠱᠠᠲᠤᠨ ᠤ ᠰᠠᠭᠤᠭᠠᠯᠢ ᠠᠷᠠᠳ ᠤᠨ ᠭᠤᠣᠯᠯᠠᠬᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ 30 ᠭᠠᠷᠤᠢ ᠰᠢᠨ᠎ᠡ ᠪᠠᠷ ᠨᠡᠮᠡᠭᠳᠡᠭᠦᠯᠬᠦ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ | ᠪᠠᠶᠢᠭᠤᠯᠵᠤ᠂ ᠨᠡᠶᠢᠲᠡ 1.17 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠥᠭᠡᠷᠡᠴᠢᠯᠡᠨ | ᠪᠠᠶᠢᠭᠤᠯᠵᠤ᠂ ᠪᠦᠬᠦᠯᠢ ᠨᠠᠰᠤᠨ ᠤ ᠨᠥᠬᠦᠷᠰᠡᠭ ᠵᠡᠭᠡᠯᠢ ᠲᠣᠭᠤᠷᠢᠭ ᠮᠠᠶ᠋ᠢᠭ ᠤᠨ ᠪᠦᠷᠢᠨ ᠪᠦᠲᠦᠨ ᠨᠡᠶᠢᠭᠡᠮ | ᠲᠣᠭᠤᠷᠢᠭ ᠢ ᠪᠠᠶᠢᠭᠤᠯᠤᠨ᠎ᠠ︾ ᠭᠡᠵᠦ ᠪᠢᠨᠵᠢᠶᠠᠩ ᠲᠣᠭᠤᠷᠢᠭ ᠤᠨ ᠰᠢᠰᠢᠩ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠵᠧᠦ ᠰᠢᠶᠠᠩ ᠬᠡᠯᠡᠪᠡ᠃ | 2023 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠪᠦᠬᠦ ᠤᠯᠤᠰ ᠲᠤ 106 ᠨᠡᠶᠢᠭᠡᠮ ᠲᠣᠭᠤᠷᠢᠭ ᠢ ᠰᠣᠩᠭᠤᠨ ᠪᠦᠷᠢᠨ | ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠥᠷᠨᠢᠭᠦᠯᠵᠦ᠂ | ᠰᠠᠭᠤᠭᠠᠯᠢ ᠠᠷᠠᠳ ᠤᠨ ᠲᠤᠰᠬᠠᠯ ᠴᠢᠩᠭ᠎ᠠ ᠪᠠᠶᠢᠭ᠎ᠠ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠠᠰᠠᠭᠤᠳᠠᠯ ᠳᠤ | ᠴᠢᠭᠯᠡᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠣᠶᠤᠨᠴᠢᠯᠠᠭᠰᠠᠨ | ᠦᠢᠯᠡᠴᠢᠯᠡᠭᠡ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠲᠠᠴᠠ ᠶᠢ ᠪᠦᠷᠢᠨᠰᠢᠬᠦᠯᠪᠡ᠃ | ᠳᠤᠮᠳᠠᠳᠤ ᠤᠯᠤᠰ ᠤᠨ ᠬᠤᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠸᠠᠩ ᠺᠠᠢ᠂ ᠪᠦᠷᠢᠨ ᠪᠦᠲᠦᠨ ᠨᠡᠶᠢᠭᠡᠮ ᠲᠣᠭᠤᠷᠢᠭ ᠪᠣᠯ ᠬᠤᠲᠠ ᠶᠢᠨ | ᠰᠢᠨᠡᠴᠢᠯᠡᠯᠳᠡ ᠶᠢᠨ ᠠᠵᠢᠯᠯᠠᠭᠠᠨ ᠤ ᠴᠢᠬᠤᠯᠠ ᠠᠷᠭ᠎ᠠ ᠬᠡᠮᠵᠢᠶ᠎ᠡ ᠪᠠ ᠠᠷᠭ᠎ᠠ ᠪᠠᠷᠢᠯ ᠮᠥᠨ᠂ ᠬᠠᠷᠠᠯᠲᠠ ᠨᠢ | ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠪᠠ ᠬᠡᠦᠬᠡᠳ ᠠᠪᠬᠤ ᠳᠤ ᠬᠦᠴᠢᠷ᠂ ᠲᠡᠷᠭᠡ | ᠵᠣᠭᠰᠤᠭᠠᠬᠤ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ ᠪᠠᠶᠢᠳᠠᠭ ᠲᠤᠳᠠᠭᠳᠠᠯ ᠢ ᠨᠥᠬᠦᠪᠦᠷᠢᠯᠡᠬᠦ ᠶᠢᠨ ᠬᠠᠮᠲᠤ | ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ ᠶᠤᠮ ᠭᠡᠵᠦ ᠢᠯᠡᠷᠬᠡᠶᠢᠯᠡᠪᠡ᠃ | ᠴᠦᠩᠴᠢᠩ ᠤᠨ ᠬᠢᠨ ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ | ᠠᠰᠠᠭᠤᠳᠠᠯ ᠢ ᠨᠡᠶᠢᠭᠡᠮ ᠲᠣᠭᠤᠷᠢᠭ ᠤᠨ ᠰᠢᠨᠡᠳᠬᠡᠨ ᠥᠭᠡᠷᠡᠴᠢᠯᠡᠬᠦ ᠶᠢᠨ ᠭᠤᠣᠯᠳᠠᠯᠭ᠎ᠠ ᠪᠣᠯᠭᠠᠵᠤ᠂ ᠵᠢᠷᠤᠭ | ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠭᠤᠯᠠᠷᠬᠠᠭ ᠣᠷᠣᠨ ᠤ ᠬᠤᠳᠠ ᠶᠢᠨ ᠪᠣᠰᠤᠭ᠎ᠠ | ᠴᠣᠭᠴᠠᠲᠤ ᠣᠷᠣᠨ ᠪᠦᠰᠡ ᠶᠢ ᠨᠡᠶᠢᠯᠡᠭᠦᠯᠦᠨ ᠠᠰᠢᠭᠯᠠᠬᠤ ᠶᠢ ᠴᠢᠩᠭᠠᠳᠬᠠᠵᠤ᠂ ᠢᠵᠢ ᠪᠦᠷᠢᠳᠦᠭᠰᠡᠨ | ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠠᠬᠢᠭᠤᠯᠪᠠ︔ ᠵᠧᠵᠢᠶᠠᠩ ᠮᠤᠵᠢ ᠶᠢᠨ ᠬᠢᠨ ᠬᠤᠲᠠ ᠪᠠᠯᠭᠠᠰᠤᠨ ᠤ | ᠨᠡᠶᠢᠭᠡᠮ ᠲᠣᠭᠤᠷᠢᠭ ᠢ ᠰᠢᠨᠡᠴᠢᠯᠡᠬᠦ ᠳᠦᠷᠢᠮ ᠢ ᠨᠡᠶᠢᠲᠡᠯᠡᠵᠦ᠂ ︽ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ | — ᠲᠤᠰᠬᠠᠢ ᠵᠦᠢᠯ ᠤᠨ ᠲᠥᠯᠦᠪᠵᠢᠭᠦᠯᠭᠡ — ᠲᠥᠷᠥᠯ ᠵᠦᠢᠯ ᠤᠨ ᠬᠥᠮᠥᠷᠭᠡ — ᠣᠨ ᠤ ᠬᠡᠷᠡᠭᠵᠢᠭᠦᠯᠬᠦ | ᠲᠥᠯᠥᠪᠯᠡᠭᠡ︾ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠵᠠᠮ ᠢ ᠲᠣᠳᠣᠷᠬᠠᠢ ᠲᠣᠭᠲᠠᠭᠠᠪᠠ ᠁ ᠡᠯ᠎ᠡ | ᠭᠠᠵᠠᠷ ᠤᠨ ᠬᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠡᠷᠬᠢᠨ ᠨᠠᠩ ᠪᠦᠷᠢᠨ ᠲᠡᠭᠦᠯᠳᠡᠷ ᠪᠣᠯᠭᠠᠬᠤ ᠶᠢᠨ | ᠲᠣᠭᠤᠷᠢᠨ ᠳᠤ᠂ ᠲᠤᠷᠰᠢᠯᠭ᠎ᠠ ᠶᠢᠨ ᠴᠡᠭ ᠢᠶᠠᠷ ᠳᠠᠮᠵᠢᠭᠤᠯᠤᠨ ᠲᠤᠷᠰᠢᠯᠭ᠎ᠠ᠂ ᠠᠷᠭ᠎ᠠ ᠪᠠ ᠠᠷᠭ᠎ᠠ ᠵᠠᠮ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ ᠪᠠᠶᠢᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠣᠶᠢᠯᠠᠭᠠᠭᠰᠠᠨ | ᠨᠢ᠂ ᠣᠲᠣ ᠪᠣᠯᠲᠠᠯ᠎ᠠ᠂ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ᠂ | ᠬᠡᠦᠬᠡᠳ ᠰᠠᠭᠠᠲᠠᠭᠤᠯᠬᠤ᠂ ᠲᠥᠬᠦᠮ ᠳᠡᠯᠭᠡᠭᠦᠷ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠲᠥᠬᠦᠭᠡᠷᠦᠮᠵᠢ ᠶᠢ | ᠨᠡᠶᠢᠲᠡ 2000 ᠭᠠᠷᠤᠢ ᠪᠠᠶᠢᠭᠤᠯᠤᠨ ᠥᠭᠡᠷᠡᠴᠢᠯᠡᠵᠦ᠂ ᠮᠠᠰᠢᠨᠲᠤ ᠲᠡᠷᠭᠡᠨ ᠤ ᠵᠣᠭᠰᠣᠭᠠᠯ 2.47 ᠲᠦᠮᠡ᠂ | ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ 5900 ᠭᠠᠷᠤᠢ᠂ ᠣᠯᠠᠨ | ᠨᠡᠶᠢᠲᠡ ᠶᠢᠨ ᠠᠵᠢᠯᠯᠠᠭᠠᠨ ᠤ ᠲᠠᠯᠠᠪᠤᠷ ᠪᠠ ᠣᠯᠠᠨ ᠨᠡᠶᠢᠲᠡ ᠶᠢᠨ ᠨᠣᠭᠤᠭᠠᠨ ᠭᠠᠵᠠᠷ 70 ᠭᠠᠷᠤᠢ ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠰᠡᠨ ᠪᠠᠶᠢᠨ᠎ᠠ᠃ | ᠪᠦᠷᠢᠨ ᠪᠦᠲᠦᠨ ᠨᠡᠶᠢᠭᠡᠮ ᠲᠣᠭᠤᠷᠢᠭ ᠨᠢ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ | ᠳᠥᠭᠦᠮᠬᠡᠨ ᠶᠠᠪᠤᠳᠠᠯ ᠪᠢᠰᠢ᠂ ᠨᠡᠩ ᠴᠤ ᠦᠷᠭᠦᠯᠵᠢᠯᠡᠬᠦ ᠴᠢᠨᠠᠷ ᠤᠨ ᠠᠰᠠᠭᠤᠳᠠᠯ ᠢ ᠪᠣᠳᠣᠯᠬᠢᠯᠠᠬᠤ ᠴᠢᠬᠤᠯᠠᠲᠠᠢ᠃ | ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠢᠨ ︽ᠪᠦᠲᠦᠭᠡᠨ ᠪᠠᠶᠢᠭᠤᠯᠬᠤ ᠲᠡᠭᠡᠭᠡᠪᠦᠷᠢᠯᠡᠬᠦ ᠪᠡᠯᠡ | ᠣᠷᠣᠭᠤᠯᠬᠤ︾ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠵᠠᠭᠪᠤᠷ ᠢ ᠬᠡᠷᠡᠭᠯᠡᠨ᠂ ᠲᠤᠰᠬᠠᠢ ᠡᠵᠡᠩᠨᠡᠯᠲᠡ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠷᠳᠣ ᠬᠤᠭᠤᠴᠠᠭᠠᠨ ᠤ | ᠡᠵᠡᠩᠨᠡᠯᠲᠡ ᠶᠢᠨ ᠦᠢᠯᠡᠴᠢᠯᠡᠭᠡ ᠬᠠᠩᠭᠠᠪᠠ᠃ ᠵᠢᠶᠠᠩᠰᠢ ᠮᠤᠵᠢ ᠵᠠᠰᠠᠭ ᠤᠨ ᠣᠷᠳᠣᠨ ᠠᠴᠠ ᠬᠥᠲᠥᠯᠥᠨ | ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠶᠢ ᠠᠬᠢᠭᠤᠯᠬᠤ | ᠲᠣᠭᠲᠠᠴᠠ ᠶᠢ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠨᠢ ︽ᠥᠮᠴᠢᠯᠡᠬᠦ ᠡᠷᠬᠡ ᠬᠢᠭᠡᠳ ᠬᠡᠷᠡᠭᠯᠡᠬᠦ | ᠡᠷᠬᠡ ᠶᠢ ᠰᠠᠯᠭᠠᠬᠤ︾᠂ ︽ᠳᠣᠣᠷ᠎ᠠ ᠲᠥᠯᠥᠪᠦᠷᠢ + ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾᠂ ︽ | ᠥᠭᠡᠷᠡᠴᠢᠯᠡᠬᠦ + ᠡᠵᠡᠩᠨᠡᠬᠦ + ᠠᠳᠠᠯ ᠠᠬᠤᠢ︾ ᠵᠡᠷᠭᠡ ᠵᠠᠭᠪᠤᠷ ᠢᠶᠠᠷ ᠪᠦᠷᠢᠨ ᠪᠦᠲᠦᠨ ᠨᠡᠶᠢᠭᠡᠮ ᠲᠣᠭᠤᠷᠢᠭ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠤᠨ ᠠᠰᠢᠭᠯᠠᠯᠲᠠ ᠶᠢ | ᠬᠠᠮᠤᠭ ᠤᠨ ᠶᠡᠭᠡ ᠪᠣᠯᠭᠠᠬᠤ ᠵᠢᠴᠢ ᠥᠴᠥᠬᠡᠨ ᠠᠰᠢᠭ ᠬᠤᠨᠵᠢᠪᠤᠷᠢ ᠪᠠᠷ ᠡᠷᠭᠢᠯᠳᠦᠭᠦᠯᠬᠦ ᠶᠢ ᠪᠡᠶᠡᠯᠡᠭᠦᠯᠵᠦ᠂ ᠨᠡᠶᠢᠭᠡᠮ | ᠲᠣᠭᠤᠷᠢᠭ ᠤᠨ ᠦᠷᠭᠦᠯᠵᠢᠯᠡᠨ ᠡᠵᠡᠩᠨᠡᠬᠦ ᠴᠢᠳᠠᠪᠤᠷᠢ ᠶᠢ ᠳᠡᠭᠡᠭᠰᠢᠯᠡᠭᠦᠯᠪᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ | ᠲᠤᠭᠤᠰᠢᠯᠠᠭᠤᠯᠤᠨᠨ ᠨᠠᠶᠢᠳᠠᠪᠤᠷᠢᠵᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠲᠦᠯᠬᠢᠨ ᠠᠬᠢᠭᠤᠯᠤᠨ᠎ᠠ ᠭᠡᠵᠡᠢ᠃ ᠬᠡᠷᠡᠭᠵᠢᠭᠦᠯᠬᠦ ᠠᠷᠭ᠎ᠠ ᠵᠠᠮ ᠤᠨ ᠲᠠᠯ᠎ᠠ ᠪᠠᠷ᠂ ᠡᠯ᠎ᠡ ᠭᠠᠵᠠᠷ ᠤᠨ ᠬᠢᠨ ᠨᠡᠶᠢᠭᠡᠮ | ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠥᠷᠨᠢᠭᠦᠯᠬᠦ ᠪᠠᠷ ᠳᠠᠮᠵᠢᠭᠤᠯᠤᠨ᠂ ᠲᠤᠰᠬᠠᠢ ᠵᠦᠢᠯ ᠤᠨ ᠲᠥᠯᠦᠪᠵᠢᠭᠦᠯᠭᠡ | ᠨᠠᠶᠢᠷᠠᠭᠤᠯᠤᠨ ᠵᠣᠬᠢᠶᠠᠵᠤ᠂ ᠵᠢᠷᠤᠭ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠎ᠠ︔ | ᠠᠵᠢᠯ ᠤᠨ ᠭᠤᠣᠯᠳᠠᠯᠭ᠎ᠠ ᠶᠢᠨ ᠲᠠᠯ᠎ᠠ ᠪᠠᠷ᠂ ᠡᠯ᠎ᠡ ᠭᠠᠵᠠᠷ ᠤᠨ ᠬᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠵᠤ᠂ ᠣᠶᠤᠨᠴᠢᠯᠠᠭᠰᠠᠨ ᠦᠢᠯᠡᠴᠢᠯᠡᠭᠡ ᠶᠢ ᠠᠬᠢᠭᠤᠯᠵᠤ᠂ ᠨᠡᠶᠢᠭᠡᠮ ᠲᠣᠭᠤᠷᠢᠭ ᠤᠨ | ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ︔ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠠᠯ᠎ᠠ ᠪᠠᠷ᠂ ᠡᠯ᠎ᠡ | ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ | ᠰᠠᠯᠠᠭ᠎ᠠ ᠮᠥᠴᠢᠷ ᠤᠨ ᠬᠠᠮᠵᠢᠯᠴᠠᠨ ᠠᠵᠢᠯᠯᠠᠬᠤ ᠲᠣᠭᠲᠠᠴᠠ ᠶᠢ ᠲᠦᠷᠦᠭᠦᠯᠡᠨ ᠪᠠᠶᠢᠭᠤᠯᠵᠤ᠂ ᠣᠯᠠᠨ ᠡᠰᠢᠵᠢᠭᠰᠡᠨ | ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠢ ᠪᠦᠷᠢᠨᠰᠢᠭᠦᠯᠦᠨ᠂ ᠨᠡᠶᠢᠭᠡᠮ ᠲᠣᠭᠤᠷᠢᠭ ᠤᠨ | ᠴᠢᠨᠠᠷ ᠰᠠᠶᠢᠲᠠᠢ ᠪᠥᠭᠡᠳ ᠦᠷᠭᠦᠯᠵᠢᠯᠡᠨ ᠡᠵᠡᠩᠨᠡᠬᠦ ᠶᠢ ᠲᠦᠯᠬᠢᠨ ᠠᠬᠢᠭᠤᠯᠤᠨ᠎ᠠ ᠭᠡᠵᠡᠢ᠃ | ᠢᠷᠡᠯᠲᠡ᠄ ᠰᠢᠨᠬᠤᠸᠠ ᠬᠤᠷᠢᠶ᠎ᠠ |